ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
2021-06-11 11:31:49
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠨᠢᠰᠭᠡᠯ ᠲᠡᠭᠡᠷ᠎ᠡ᠎ᠠᠴᠠ ᠤᠯᠠᠭᠠᠨᠴᠠᠪ ᠬᠤᠳᠠ᠎ᠶ᠋ᠢ ᠦᠩᠬᠡᠢᠨ ᠬᠠᠷᠠᠬᠤ᠎ᠳᠤ᠂ ᠵᠡᠭᠦᠨ᠎ᠠᠴᠠ ᠪᠠᠷᠠᠭᠤᠨᠰᠢ ᠨᠣᠮᠢᠨ ᠨᠣᠭᠤᠭᠠᠨ ᠠᠭᠤᠯᠠ ᠨᠢᠷᠤᠭᠤᠳ ᠦᠷᠬᠦᠯᠵᠢᠯᠡᠵᠥ᠍᠂ ᠲᠦᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭ᠌ᠰᠡᠨ ᠲᠦᠷᠭᠡᠨ᠎ᠤ ᠵᠠᠰᠠᠮᠠᠯ ᠵᠠᠮ᠂ ᠬᠡᠰᠡᠭ ᠬᠡᠰᠡᠭ᠎ᠢᠶᠠᠷ ᠬᠦᠬᠡᠷᠡᠨ ᠨᠤᠭᠤᠭᠠᠷᠠᠬᠤ ᠲᠠᠷᠢᠶᠠᠨ ᠭᠠᠵᠠᠷ᠂ ᠠᠯᠠᠭ᠍ᠯᠠᠨ ᠵᠢᠭ᠌ᠳᠡᠷᠡᠬᠦ᠌ ᠲᠠᠷᠢᠮᠠᠯ᠎ᠤᠨ ᠲᠤᠮᠤ ᠬᠦᠯᠡᠮᠵᠢ ᠨᠦᠭᠦᠳ ᠵᠠᠯᠭᠠᠯᠳᠤᠭᠠᠳ ᠦᠩᠬᠡ ᠪᠤᠳᠤᠭ ᠵᠤᠬᠢᠴᠠᠭ᠍ᠰᠠᠨ ᠦᠷᠨᠢᠯ ᠬᠦᠭ᠌ᠵᠢᠯ᠎ᠤᠨ ᠦᠩᠬᠡᠳᠦ ᠵᠢᠷᠤᠭ ᠬᠡᠮᠡᠷ ᠪᠠᠢᠯ᠎ᠠ᠃ ᠡᠨᠡ ᠪᠤᠯ ᠤᠯᠠᠭᠠᠨᠴᠠᠪ ᠬᠤᠳᠠ᠎ᠶ᠋ᠢᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠤᠯᠠᠨ ᠵᠢᠯ᠎ᠤᠨ ᠲᠤᠷᠱᠢᠬᠢ ᠬᠦᠰᠡᠯ ᠬᠦᠬᠡᠬᠡᠴᠡᠯᠳᠦᠯ᠎ᠤᠨ ᠦᠷ᠎ᠡ ᠪᠦᠳᠦᠮᠵᠢ ᠪᠤᠯᠬᠤ ᠶᠤᠮ᠃

ᠦᠩᠬᠡᠷᠡᠭ᠌ᠰᠡᠨ᠎ᠳᠤ ᠤᠯᠠᠭᠠᠨᠴᠠᠪ ᠬᠡᠬᠦ᠌᠎ᠪᠠᠷ ᠬᠦᠮᠥᠰ ᠶᠠᠳᠠᠭᠤ ᠬᠦᠴᠢᠷᠳᠡᠯᠲᠡᠢ ᠭᠠᠵᠠᠷ ᠤᠷᠤᠨ ᠬᠡᠵᠥ᠍ ᠵᠥᠪ ᠬᠠᠷᠠᠵᠤ ᠦᠵᠡᠬᠦ᠌ ᠦᠬᠡᠢ ᠪᠠᠢᠭ᠍ᠰᠠᠨ᠃ ᠪᠤᠳᠠᠳᠤ ᠪᠠᠢᠳᠠᠯ ᠴᠤ᠌ ᠨᠡᠬᠡᠷᠡᠨ ᠲᠡᠢᠮᠥ᠍᠂ ᠤᠯᠠᠭᠠᠨᠴᠠᠪ ᠬᠤᠳᠠ᠎ᠶ᠋ᠢᠨ 11 ᠬᠤᠱᠢᠭᠤ ᠱᠢᠶᠠᠨ ᠬᠤᠳᠠ ᠲᠣᠭᠤᠷᠢᠭ᠎ᠤᠨ ᠳᠣᠲᠣᠷ᠎ᠠ 10 ᠶᠠᠳᠠᠭᠤ ᠬᠦᠴᠢᠷᠳᠡᠯᠲᠡᠢ ᠬᠤᠱᠢᠭᠤ ᠱᠢᠶᠠᠨ ᠪᠠᠢᠵᠤ᠂ ᠡᠭᠦᠨ᠎ᠳᠤ 3 ᠱᠢᠶᠠᠨ᠎ᠨᠢ 《ᠶᠠᠨᠱᠠᠨ ᠲᠠᠢᠬᠠᠩᠱᠠᠨ ᠠᠭᠤᠯᠠ》 ᠎ᠶ᠋ᠢᠨ ᠲᠥᠪᠯᠡᠷᠡᠨ ᠵᠠᠯᠭᠠᠯᠳᠤᠭ᠍ᠰᠠᠨ ᠤᠯᠤᠰ᠎ᠤᠨ ᠣᠨᠴᠠ ᠬᠦᠴᠢᠷᠳᠡᠯᠲᠡᠢ ᠣᠷᠣᠨ᠎ᠳᠤ ᠪᠠᠢᠷᠢᠯᠠᠵᠤ᠂ 3 ᠬᠤᠱᠢᠭᠤ᠎ᠨᠢ ᠮᠤᠨᠢ ᠠᠭᠤᠯᠠ᠎ᠶ᠋ᠢᠨ ᠠᠷᠤ ᠬᠤᠷᠮᠣᠢ᠎ᠶ᠋ᠢᠨ ᠰᠠᠯᠬᠢᠨ᠎ᠳᠤ ᠬᠡᠴᠡᠭᠦᠤ ᠢᠳᠡᠭ᠌ᠳᠡᠭ᠌ᠰᠡᠨ ᠡᠯᠡᠰᠦᠷᠬᠡᠭ ᠣᠷᠣᠨ᠎ᠳᠤ ᠪᠠᠢᠳᠠᠭ᠎ᠠᠴᠠ 100 ᠲᠦᠮᠡ ᠭᠠᠷᠤᠢ ᠮᠠᠯᠴᠢᠨ ᠲᠠᠷᠢᠶᠠᠴᠢᠨ ᠵᠢᠯ ᠲᠤᠷᠰᠢ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠍ ᠠᠮᠢᠳᠤᠷᠠᠯ᠎ᠢᠶᠠᠨ ᠡᠪᠯᠡᠬᠦᠯᠵᠥ᠍ ᠪᠠᠢᠪᠠ᠃

《ᠴᠢᠨᠡᠭᠡᠯᠢᠭ᠌ᠵᠢᠯ᠎ᠤᠨ ᠵᠠᠮ ᠳᠡᠭᠡᠷ᠎ᠡ ᠨᠢᠭᠡ ᠬᠥᠮᠦᠨ᠎ᠢ ᠴᠦ᠍ ᠡᠩᠨᠡᠭᠡ᠎ᠠᠴᠠ ᠬᠤᠴᠣᠷᠤᠭᠤᠯᠵᠤ ᠪᠣᠯᠬᠤ ᠦᠬᠡᠢ!》 ᠶᠡᠷᠦᠩᠬᠡᠶ ᠱᠦᠵᠢ᠎ᠶ᠋ᠢᠨ ᠵᠠᠷᠯᠢᠭ ᠪᠠᠭᠤᠬᠤ᠎ᠲᠠᠢ ᠵᠡᠷᠭᠡ ᠤᠯᠠᠭᠠᠨᠴᠠᠪ ᠬᠤᠳᠠ᠎ᠶ᠋ᠢᠨ᠎ᠬᠢᠨ ᠢᠳᠡᠪᠬᠢᠳᠡᠢ ᠬᠥᠳᠡᠯᠦᠯᠴᠡᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠪᠦᠬᠦ᠌ ᠠᠷᠠᠳ᠎ᠤᠨ ᠲᠠᠢᠨ᠎ᠢ ᠬᠦᠴᠦᠯᠡᠨ ᠠᠬᠢᠭᠤᠯᠪᠠ᠃ 2020 ᠤᠨ ᠪᠣᠯᠬᠤ᠎ᠳᠤ 10 ᠶᠠᠳᠠᠭᠤ ᠬᠦᠴᠢᠷᠳᠡᠯᠲᠡᠶ ᠬᠤᠱᠢᠭᠤ ᠱᠢᠶᠠᠨ᠂ 750 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠂ 29.1 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠪᠠᠲᠤ ᠪᠠᠬᠢ ᠰᠠᠭᠤᠷᠢ᠎ᠶ᠋ᠢ ᠲᠠᠯᠪᠢᠵᠤ ᠦᠭ᠌ᠴᠡᠢ᠃


4008521_lity_1623221483105_m.jpg


ᠨᠠᠨ ᠼᠦᠨ ᠲᠤᠰᠭᠤᠨ᠎ᠤ ᠢᠳᠡᠱᠢᠨ ᠨᠤᠭᠤᠭ᠎ᠠ ᠬᠤᠯᠠ ᠤᠢ᠍ᠢᠷ᠎ᠠ᠎ᠳᠤ ᠠᠯᠳᠠᠷᠱᠢᠯ᠎ᠠ

ᠵᠢᠯ ᠪᠦᠷᠢ᠎ᠶ᠋ᠢᠨ 7 ᠰᠠᠷ᠎ᠠ᠎ᠶ᠋ᠢᠨ ᠳᠤᠮᠳᠠᠴᠢ ᠪᠤᠯᠬᠤ᠎ᠲᠠᠢ ᠵᠡᠷᠬᠡ ᠱᠠᠨᠳᠦ᠋ᠩ᠂ ᠾᠧᠪᠸᠢ᠎ᠶ᠋ᠢᠨ ᠲᠡᠭᠡᠭᠡᠪᠦᠷᠢ᠎ᠶ᠋ᠢᠨ ᠲᠡᠷᠭᠡ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠫᠢᠩ ᠳ᠋ᠢ ᠴᠢᠤᠸᠠᠨ ᠪᠠᠯᠭᠠᠰᠤᠨ᠎ᠤ ᠨᠠᠨ ᠼᠦᠨ ᠲᠣᠰᠭᠤᠨ ᠲᠡᠢᠰᠢ ᠴᠤᠪᠤᠳᠠᠭ᠃ ᠨᠠᠨ ᠼᠦᠨ ᠲᠣᠰᠭᠤᠨ᠎ᠤ ᠢᠳᠡᠱᠢᠨ ᠨᠣᠭᠤᠭ᠎ᠠ ᠬᠤᠯᠠ ᠤᠢ᠍ᠢᠷ᠎ᠠ᠎ᠳᠤ ᠠᠯᠳᠠᠷᠱᠢᠵᠤ᠂ ᠮᠠᠰᠢ ᠤᠯᠠᠨ ᠬᠤᠳᠠᠯᠳᠤᠭᠠᠴᠢᠳ ᠮᠤᠵᠢ ᠬᠤᠳᠠ ᠠᠯᠤᠰᠯᠠᠨ ᠢᠷᠡᠵᠥ᠍ ᠠᠳᠡᠬᠢ ᠱᠢᠨ᠎ᠡ ᠰᠣᠷᠭᠤᠭ ᠢᠳᠡᠱᠢᠨ ᠨᠣᠭᠤᠭ᠎ᠠ᠎ᠶ᠋ᠢ ᠬᠤᠳᠠᠯᠳᠤᠨ ᠠᠪᠳᠠᠭ᠃ ᠬᠡᠬᠦ᠌᠎ᠳᠤ᠂ ᠠᠷᠪᠠᠭᠠᠳ ᠵᠢᠯ᠎ᠤᠨ ᠡᠮᠦᠨ᠎ᠠ ᠨᠠᠨ ᠼᠦᠨ ᠲᠣᠰᠭᠤᠨ᠎ᠤ ᠢᠳᠡᠱᠢᠨ ᠨᠤᠭᠤᠭ᠎ᠠ᠎ᠶ᠋ᠢᠨ ᠮᠦ᠍ ᠨᠢᠬᠡᠴᠢ᠎ᠶ᠋ᠢᠨ ᠭᠠᠷᠤᠯᠳᠠ ᠳᠣᠣᠷ᠎ᠠ ᠮᠥ᠋ᠷᠳᠡᠭᠡᠨ ᠪᠣᠷᠣᠯᠠᠭᠤᠯᠬᠤ ᠦᠨ᠎ᠡ᠎ᠨᠢ ᠴᠤ᠌ ᠲᠤᠩ ᠳᠣᠣᠷ᠎ᠠ ᠪᠠᠢᠪᠠ᠃ 2009 ᠣᠨ᠎ᠳᠤ ᠨᠠᠨ ᠼᠦᠨ ᠲᠣᠰᠭᠤᠨ ᠢᠳᠡᠱᠢᠨ ᠨᠣᠭᠤᠭ᠎ᠠ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ ᠪᠠᠢᠭᠤᠯᠵᠤ᠂ ᠲᠠᠷᠢᠶᠠᠴᠢᠳ᠎ᠤᠨ ᠢᠳᠡᠱᠢᠨ ᠨᠣᠭᠤᠭ᠎ᠠ ᠬᠤᠳᠠᠯᠳᠤᠬᠤ᠎ᠳᠤ ᠲᠦᠬᠦᠮ ᠦᠵᠡᠬᠦᠯᠥᠭ᠌ᠰᠡᠨ᠎ᠢᠶᠠᠷ ᠢᠳᠡᠱᠢᠨ ᠨᠣᠭᠤᠭ᠎ᠠ᠎ᠶ᠋ᠢᠨ ᠦᠨ᠎ᠡ ᠬᠠᠩᠰᠢ ᠲᠣᠭ᠍ᠲᠠᠪᠤᠷᠢᠵᠢᠵᠤ᠂ ᠲᠤᠰᠭᠤᠨ᠎ᠤ ᠤᠯᠠᠮᠵᠢᠯᠠᠯᠳᠤ ᠠᠷᠭ᠎ᠠ᠎ᠪᠠᠷ ᠲᠠᠷᠢᠭ᠍ᠰᠠᠨ ᠬᠦᠢᠲᠡᠨ ᠰᠡᠷᠢᠬᠦᠨ ᠢᠳᠡᠱᠢᠨ ᠨᠣᠭᠤᠭ᠎ᠠ ᠣᠷᠣᠨ᠎ᠤ ᠭᠠᠳᠠᠨ᠎ᠠ ᠪᠣᠷᠣᠯᠠᠭᠤᠯᠤᠭ᠍ᠳᠠᠵᠤ ᠡᠬᠢᠯᠡᠪᠡ᠃

2012 ᠣᠨ᠎ᠳᠤ᠂ ᠪᠡᠭᠡᠵᠢᠩ᠎ᠠᠴᠠ ᠥᠪᠥᠷ ᠮᠣᠩᠭᠤᠯ᠎ᠢ ᠬᠠᠪᠰᠤᠷᠤᠨ ᠲᠡᠳᠬᠦᠬᠦ᠌ ᠠᠱᠢᠭ᠍ᠳᠠᠢ ᠲᠤᠬᠢᠶᠠᠯ᠎ᠢ ᠠᠱᠢᠬ᠍ᠯᠠᠠ᠂ ᠨᠠᠨ ᠼᠦᠨ ᠲᠤᠰᠭᠤᠨ 98 ᠰᠠᠭᠤᠷᠢ ᠢᠳᠡᠱᠢᠨ ᠨᠣᠭᠤᠭ᠎ᠠ᠎ᠶ᠋ᠢᠨ ᠬᠦᠯᠡᠮᠵᠢ ᠪᠠᠢᠭᠤᠯᠵᠤ᠂ ᠲᠦᠭᠦᠭᠡᠷᠤᠮᠵᠢᠲᠤ ᠲᠠᠷᠢᠶᠠᠯᠠᠩ᠎ᠢ ᠬᠦᠭ᠌ᠵᠢᠬᠦᠯᠪᠡ᠃ 1.2 ᠮᠦ᠍ ᠲᠤᠮᠤ ᠬᠦᠯᠡᠮᠵᠢ᠎ᠶ᠋ᠢᠨ ᠢᠳᠡᠱᠢᠨ ᠨᠤᠭᠤᠭ᠎ᠠ᠎ᠶ᠋ᠢᠨ ᠤᠷᠤᠯᠭ᠎ᠠ ᠥᠩᠭᠡᠷᠡᠭ᠌ᠰᠡᠨ᠎ᠤ 10 ᠮᠦ᠍ ᠬᠡᠭᠡᠷ᠎ᠠ᠎ᠶ᠋ᠢᠨ ᠲᠠᠷᠢᠶᠠᠨ᠎ᠤ ᠤᠷᠤᠯᠭ᠎ᠠ᠎ᠲᠠᠢ ᠲᠡᠩᠴᠡᠬᠦ᠌ ᠪᠤᠯᠵᠠᠢ᠃ 2020 ᠣᠨ᠎ᠠᠴᠠ᠂ ᠵᠢᠯ᠎ᠤᠨ ᠳᠤᠮᠳᠠᠴᠢ ᠣᠷᠣᠯᠭ᠎ᠠ 10 ᠲᠦᠮᠡᠨ ᠲᠥᠭᠦᠷᠢᠭ᠎ᠢ ᠳᠠᠪᠠᠭ᠍ᠰᠠᠨ ᠲᠣᠰᠭᠤᠨ᠎ᠤ ᠠᠷᠠᠳ ᠬᠦᠯᠡᠮᠵᠢ᠎ᠳᠡᠭᠡᠨ ᠣᠷᠭᠠᠨᠢᠭ ᠢᠳᠡᠱᠢᠨ ᠨᠣᠭᠤᠭ᠎ᠠ ᠲᠠᠷᠢᠬᠤ᠎ᠶ᠋ᠢᠨ ᠲᠠᠭᠠᠤ ᠵᠢᠮᠢᠰ ᠨᠤᠭᠤᠭ᠎ᠠ ᠲᠡᠬᠦᠬᠦ᠌ ᠬᠦᠳᠡᠭᠡ ᠠᠢᠯ᠎ᠤᠨ ᠵᠢᠭᠤᠯᠴᠢᠯᠠᠯ᠎ᠢ ᠬᠥᠭ᠌ᠵᠢᠭᠦᠯᠪᠡ᠃


4008539_lity_1623221597044_m.jpg


51 ᠨᠠᠰᠤᠲᠠᠢ ᠳ᠋ᠧᠩ ᠶᠢᠩ ᠯᠢᠶᠠᠨ ᠬᠦᠯᠡᠮᠵᠢ ᠡᠷᠳᠡ ᠳᠠᠭᠠᠭᠠᠴᠢᠯᠠᠭ᠍ᠰᠠᠨ ᠪᠥᠭᠡᠳ ᠤᠢ᠍ᠢᠷ᠎ᠠ᠎ᠶ᠋ᠢᠨ ᠵᠢᠯ᠎ᠠᠴᠠ ᠵᠢᠮᠢᠰ ᠨᠤᠭᠤᠭ᠎ᠠ ᠲᠡᠬᠦᠬᠦ᠌ ᠵᠢᠭᠤᠯᠴᠢᠯᠠᠯ ᠡᠷᠬᠢᠯᠡᠵᠠᠢ᠃ ᠲᠡᠷᠡ ᠬᠦᠯᠡᠮᠵᠢ᠎ᠳᠡᠭᠡᠨ ᠤᠷᠭᠠᠨᠢᠭ ᠪᠤᠷᠳᠤᠭᠤᠷ ᠬᠡᠷᠡᠭ᠌ᠯᠡᠳᠡᠭ᠎ᠠᠴᠠ ᠵᠢᠮᠢᠰ ᠨᠤᠭᠤᠭ᠎ᠠ᠎ᠨᠢ ᠪᠣᠬᠢᠷᠲᠤᠯ ᠦᠭᠡᠢ᠂ ᠣᠷᠭᠠᠨᠢᠭ᠂ ᠠᠮᠳᠠᠯᠢᠭ᠎ᠢᠶᠠᠷ᠎ᠢᠶᠠᠨ ᠨᠡᠷᠡᠳᠡᠢ ᠪᠤᠯᠵᠤ᠂ ᠪᠠᠶᠠᠨ ᠲᠠᠩᠰᠤᠭ ᠠᠮᠢᠳᠤᠷᠠᠯ᠎ᠢ ᠡᠳ᠋ᠯᠡᠬᠦ᠌ ᠪᠤᠯᠪᠠ᠃

ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠢᠳᠡᠱᠢᠨ ᠨᠣᠭᠤᠭ᠎ᠠ᠎ᠶ᠋ᠢᠨ ᠬᠤᠯᠪᠣᠭᠠᠲᠤ ᠨᠡᠢᠭᠡᠮᠯᠢᠭ᠎ᠤᠨ ᠳᠠᠷᠤᠭ᠎ᠠ ᠵᠠᠩ ᠱᠢᠶᠣᠤ ᠯᠢᠩ᠄ 《ᠢᠳᠡᠱᠢᠨ ᠨᠣᠭᠤᠭ᠎ᠠ ᠲᠠᠷᠢᠬᠤ ᠪᠣᠯ ᠨᠠᠨ ᠼᠦᠨ ᠲᠣᠰᠭᠤᠨ᠎ᠤ ᠤᠯᠠᠮᠵᠢᠯᠠᠯ ᠮᠥᠨ᠂ ᠣᠳᠣ ᠠᠳᠡ 500 ᠭᠠᠷᠤᠶ ᠲᠤᠯᠠᠭᠠᠨ ᠬᠦᠯᠡᠮᠵᠢ᠎ᠲᠠᠢ᠂ ᠢᠳᠡᠱᠢᠨ ᠨᠣᠭᠤᠭ᠎ᠠ ᠪᠦᠬᠦ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭ᠍ᠳᠠᠵᠤ᠂ ᠲᠣᠰᠭᠤᠨ᠎ᠤ ᠠᠷᠠᠳ᠎ᠤᠨ ᠣᠷᠣᠯᠭ᠎ᠠ ᠴᠤ᠌ ᠬᠡᠳᠦᠨ ᠳᠠᠬᠢᠨ᠎ᠢᠶᠠᠷ ᠨᠡᠮᠡᠭ᠌ᠳᠡᠪᠡ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠵᠢᠭᠤᠯᠴᠢᠯᠠᠯ᠂ ᠵᠢᠮᠢᠰ ᠨᠤᠭᠤᠭ᠎ᠠ ᠲᠡᠭᠦᠬᠦ᠌ ᠤᠢ᠍ᠢᠯᠡᠰ᠎ᠢ ᠬᠥᠭ᠌ᠵᠢᠭᠦᠯᠵᠦ᠍᠂ ᠰᠦᠯᠵᠢᠶ᠎ᠡ᠎ᠪᠠᠷ ᠪᠣᠷᠣᠯᠠᠭᠤᠯᠬᠤ᠂ ᠱᠢᠭᠤᠳ ᠨᠡᠪᠲᠡᠷᠡᠭᠦᠯᠭᠡ ᠬᠢᠵᠥ᠍ ᠪᠠᠷᠠᠭ᠎ᠠ ᠪᠤᠷᠤᠯᠠᠭᠤᠯᠬᠤ᠎ᠶ᠋ᠢᠨ ᠬᠠᠮᠲᠤ ᠢᠳᠡᠱᠢᠨ ᠨᠤᠭᠤᠭ᠎ᠠ ᠲᠠᠷᠢᠬᠤ ᠬᠡᠪᠴᠢᠶ᠎ᠡ᠎ᠪᠠᠨ ᠦᠷᠬᠡᠳᠭᠡᠵᠥ᠍᠂ ᠤᠰᠤ ᠪᠣᠷᠲᠣᠭᠤᠷ᠎ᠢ ᠨᠢᠭᠡ ᠴᠤᠭ᠍ᠴᠠᠵᠢᠭᠤᠯᠬᠤ ᠪᠥᠲᠥᠭᠡᠨ ᠪᠠᠢᠭᠤᠯᠤᠯᠲᠠ᠎ᠶ᠋ᠢ ᠬᠢᠬᠦ᠌᠎ᠪᠠᠷ ᠪᠠᠢᠨ᠎ᠠ》 ᠬᠡᠵᠤ ᠪᠤᠳᠤᠯ᠎ᠢᠶᠠᠨ ᠶᠠᠷᠢᠨ᠎ᠠ᠃

ᠲᠣᠰᠭᠤᠨ᠎ᠳᠤ ᠰᠠᠭᠤᠭ᠎ᠠ ᠺᠠᠳ᠋ᠷ ᠱᠢᠨ᠎ᠡ ᠠᠮᠢᠵᠢᠷᠠᠯ᠎ᠤᠨ ᠬᠦᠴᠦᠨ ᠪᠤᠯᠪᠠ

ᠥᠪᠥᠷ ᠮᠣᠩᠭᠤᠯ᠂ ᠱᠠᠨ ᠰᠢ᠂ ᠾᠧᠪᠧᠶ ᠭᠤᠷᠪᠠᠨ ᠮᠤᠵᠢ᠎ᠶ᠋ᠢᠨ ᠠᠭᠤᠯᠵᠠᠷ᠎ᠲᠤ ᠪᠠᠢᠭ᠎ᠠ ᠱᠢᠩ ᠾᠧ ᠱᠢᠶᠠᠨ᠎ᠤ ᠰᠤᠮᠤᠨ ᠠᠭᠤᠯᠠ ᠣᠶ ᠱᠢᠭᠤᠶ᠎ᠶ᠋ᠢᠨ ᠲᠠᠯᠠᠪᠠᠶ᠎ᠳᠤ ᠥᠪᠥᠷ ᠮᠣᠩᠭᠤᠯ᠎ᠤᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠮᠤᠭ ᠶᠡᠭᠡ ᠬᠠᠷᠭᠠᠢ᠎ᠶ᠋ᠢᠨ ᠣᠶ ᠪᠠᠢᠳᠠᠭ᠃ ᠠᠳᠡ 18.6 ᠲᠦᠮᠡᠨ ᠮᠥ᠍ ᠲᠠᠷᠢᠮᠠᠯ ᠣᠢ᠂ 1000 ᠲᠦᠮᠡᠨ ᠰᠠᠭᠤᠷᠢ ᠬᠠᠷᠭᠠᠢ᠎ᠲᠠᠢ᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 78.4 % ᠎ᠳᠤ ᠬᠦᠷᠴᠦ᠍᠂ ᠠᠮᠢ ᠠᠬᠤᠶ᠎ᠶ᠋ᠢᠨ ᠥᠷᠲᠡᠭ 50 ᠭᠠᠷᠤᠶ ᠳ᠋ᠦᠩᠱᠢᠭᠤᠷ ᠲᠥᠭᠦᠷᠢᠭ᠎ᠲᠤ ᠬᠦᠷᠴᠦ᠍ ᠪᠣᠶ᠃

ᠳ᠋ᠢᠶᠠᠨ ᠽᠢ ᠪᠠᠯᠭᠠᠰᠤᠨ᠎ᠤ ᠯᠦ᠍ ᠵᠢᠶᠠ ᠶᠢᠩ ᠲᠣᠰᠭᠤᠨ ᠰᠤᠮᠤᠨ ᠠᠭᠤᠯᠠᠨ᠎ᠤ ᠬᠤᠷᠮᠣᠢ᠎ᠳᠤ ᠪᠠᠢᠳᠠᠭ᠎ᠠᠴᠠ ᠰᠤᠮᠤᠨ ᠠᠭᠤᠯᠠ᠎ᠶ᠋ᠢᠨ ᠡᠬᠢ ᠪᠠᠶᠠᠯᠢᠭ᠎ᠲᠤ ᠰᠠᠭᠤᠷᠢᠯᠠᠨ ᠬᠦᠳᠡᠭᠡ ᠠᠢᠯ᠎ᠤᠨ ᠵᠢᠭᠤᠯᠴᠢᠯᠠᠯ ᠡᠷᠬᠢᠯᠡᠨ᠂ 《ᠬᠥᠬᠡᠮᠳᠦᠭ ᠠᠭᠤᠯᠠ》 ᠎ᠶ᠋ᠢ ᠦᠨᠡᠨ ᠬᠦ᠌ 《ᠠᠯᠳᠠᠨ ᠠᠭᠤᠯᠠ》 ᠪᠣᠯᠭᠠᠪᠠ᠃


4008541_lity_1623221609855_m.jpg


ᠯᠦ᠍ ᠵᠢᠶᠠ ᠶᠢᠩ ᠲᠣᠰᠭᠤᠨ᠎ᠤ ᠰᠤ᠌ ᠮᠤ᠌ ᠺᠧ ᠵᠠᠨ ᠬᠦᠳᠡᠭᠡ ᠠᠢᠯ᠎ᠤᠨ ᠵᠢᠭᠤᠯᠴᠢᠯᠠᠯ᠎ᠤᠨ ᠴᠢᠭ᠋᠎ᠲᠤ᠌᠂ ᠹᠠᠨ ᠡᠯ᠎ᠪᠠᠨ ᠦᠪᠴᠢ ᠪᠡᠶ᠎ᠠ ᠤᠯᠠᠭᠠᠨ ᠬᠤᠪᠴᠠᠰᠤ ᠡᠮᠦᠰᠴᠤ᠌᠂ ᠭᠡᠵᠢᠭᠡ᠎ᠪᠠᠨ ᠲᠤᠬᠢᠯᠢᠬ ᠤᠷᠢᠶᠠᠨ ᠠᠵᠢᠯ᠎ᠢᠶᠠᠨ ᠡᠬᠢᠯᠡᠭᠦᠯᠬᠦ᠌᠎ᠪᠠᠷ ᠪᠡᠯᠡᠳᠭᠡᠵᠤ ᠪᠠᠢᠯ᠎ᠠ᠃ 《ᠥᠩᠭᠡᠷᠡᠭ᠌ᠰᠡᠨ᠎ᠳᠤ ᠲᠠᠷᠢᠶ᠎ᠠ ᠲᠠᠷᠢᠵᠤ ᠵᠢᠯ᠎ᠤᠨ ᠢᠳᠡᠬᠦ᠌ ᠬᠦᠨᠡᠰᠦ᠎ᠪᠠᠨ ᠤᠯᠬᠤ᠎ᠳᠤ ᠬᠦᠴᠢᠷᠳᠡᠳᠡᠭ᠂ ᠤᠳᠤ ᠠᠳᠠᠯᠢ ᠦᠭᠡᠢ ᠪᠣᠯᠵᠠᠢ᠂ ᠪᠢ ᠡᠩ᠎ᠤᠨ ᠦᠶ᠎ᠠ᠎ᠳᠡᠭᠡᠨ ᠬᠦᠳᠡᠭᠡ ᠠᠢᠯ᠎ᠤᠨ ᠵᠢᠭᠤᠯᠴᠢᠯᠠᠯ᠎ᠤᠨ ᠴᠢᠭ᠋᠎ᠲᠤ ᠬᠥᠯᠥᠰᠥᠨ ᠠᠵᠢᠯ ᠬᠢᠵᠦ᠍᠂ ᠵᠤᠨ ᠠᠭᠤᠯᠠᠨ᠎ᠳᠤ ᠣᠷᠣᠵᠤ ᠴᠠᠢ ᠲᠡᠭᠦᠵᠦ᠍᠂ ᠨᠠᠮᠤᠷ ᠮᠥᠭᠦ᠌ ᠲᠡᠭᠦᠵᠦ᠍ ᠬᠤᠳᠠᠯᠳᠤᠭᠠᠳ ᠵᠢᠯ᠎ᠤᠨ ᠴᠡᠪᠡᠷ ᠣᠷᠣᠯᠭ᠎ᠠ 2 ᠲᠦᠮᠡᠨ ᠲᠥᠭᠦᠷᠢᠭ ᠬᠦᠷᠳᠡᠭ》 ᠬᠡᠵᠤ ᠲᠡᠷᠡ ᠨᠢᠭᠤᠷ ᠲᠦᠬᠦᠷᠡᠩ ᠢᠨᠢᠶᠡᠮᠰᠦᠭ᠌ᠯᠡᠨ ᠬᠡᠯᠡᠨ᠎ᠡ᠃

ᠯᠦ᠍ ᠵᠢᠶᠠ ᠶᠢᠩ᠎ᠤᠨ ᠬᠤᠪᠢᠷᠠᠯᠲᠠ᠎ᠶ᠋ᠢ ᠶᠠᠷᠢᠬᠤ᠎ᠳᠤ᠂ ᠨᠢᠭᠡ ᠬᠥᠮᠦᠨ᠎ᠢ ᠲᠤᠷᠠᠳᠭᠤ ᠴᠢᠬᠤᠯᠠ᠎ᠲᠠᠢ᠂ ᠲᠡᠷᠡ ᠪᠣᠯ ᠳᠠᠷᠤᠢ ᠱᠢᠩ ᠾᠧ ᠱᠢᠶᠠᠨ᠎ᠤ ᠳ᠋ᠢᠶᠠᠨ ᠽᠢ ᠪᠠᠯᠭᠠᠰᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ ᠬᠤᠸᠠᠩ ᠢᠤᠢ ᠶᠢᠨ ᠪᠣᠯᠤᠨ᠎ᠠ᠃ ᠲᠡᠷᠡ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠤᠭᠤᠴᠠᠭᠠᠨ᠎ᠳᠤ᠂ ᠵᠢᠭᠤᠯᠴᠢᠯᠠᠯ᠎ᠤᠨ ᠪᠡᠯᠡ ᠣᠷᠣᠭᠤᠯᠤᠯᠲᠠ᠎ᠶ᠋ᠢᠨ ᠺᠣᠮᠫᠠᠨᠢ᠎ᠠᠴᠠ ᠳ᠋ᠢᠶᠠᠨ ᠽᠢ ᠪᠠᠯᠭᠠᠰᠤᠨ᠎ᠳᠤ ᠲᠣᠮᠢᠯᠠᠭ᠍ᠰᠠᠨ ᠲᠣᠰᠭᠤᠨ᠎ᠳᠤ ᠰᠠᠭᠤᠭ᠎ᠠ ᠺᠠᠳ᠋ᠷ ᠪᠠᠢᠵᠠᠢ᠃ ᠲᠣᠰᠭᠤᠨ᠎ᠳᠤ ᠰᠠᠭᠤᠬᠤ ᠬᠤᠭᠤᠴᠠᠭ᠎ᠠ᠎ᠨᠢ ᠲᠤᠯᠤᠭ᠍ᠰᠠᠨ ᠴᠤ᠌ ᠲᠡᠷᠡ ᠪᠠᠢᠭᠤᠯᠭ᠎ᠠ᠎ᠳᠠᠭᠠᠨ ᠪᠤᠴᠠᠭ᠍ᠰᠠᠨ ᠦᠬᠡᠢ᠂ ᠬᠠᠷᠢᠨ ᠲᠤᠰᠭᠤᠨ᠎ᠳᠤ ᠦᠯᠡᠳᠡᠵᠥ᠍ ᠦᠨᠳᠦᠰᠤᠨ ᠱᠠᠲᠤᠨ᠎ᠤ ᠺᠠᠳ᠋ᠷ ᠪᠤᠯᠵᠤ ᠰᠠᠭᠤᠭ᠍ᠰᠠᠨ ᠪᠠᠢᠯ᠎ᠠ᠃

ᠡᠨᠡ ᠲᠤᠬᠠᠢ᠎ᠪᠠᠨ ᠲᠡᠷᠡ᠄ 《ᠲᠣᠰᠭᠤᠨ᠎ᠳᠤ ᠰᠠᠭᠤᠬᠤ ᠬᠤᠭᠤᠴᠠᠭᠠᠨ᠎ᠳᠤ ᠪᠢ ᠤᠬᠠᠭᠠᠨ ᠴᠢᠳᠠᠯ᠎ᠢᠶᠠᠨ ᠱᠢᠪᠬᠠᠨ ᠰᠤᠮᠤᠨ ᠠᠭᠤᠯᠠ᠎ᠶ᠋ᠢᠨ ᠦᠵᠡᠮᠵᠢ᠎ᠶ᠋ᠢᠨ ᠣᠷᠣᠨ᠎ᠢ ᠨᠡᠭᠡᠭᠡᠨ ᠬᠥᠭ᠌ᠵᠢᠭᠦᠯᠪᠡ᠃ ᠤᠳᠤ ᠰᠤᠮᠤᠨ ᠠᠭᠤᠯᠠ᠎ᠶ᠋ᠢᠨ ᠦᠵᠡᠮᠵᠢ᠎ᠶ᠋ᠢᠨ ᠣᠷᠣᠨ᠎ᠳᠤ ᠪᠦᠷᠢᠨ ᠲᠦᠬᠦᠷ ᠦᠢᠯᠡᠴᠢᠯᠡᠭᠡᠨ᠎ᠤ ᠲᠥᠪ᠂ ᠵᠢᠭᠤᠯᠴᠢᠯᠠᠯ᠎ᠤᠨ ᠵᠠᠮ ᠱᠤᠭᠤᠮ ᠵᠢᠴᠢ ᠮᠠᠰᠢ ᠤᠯᠠᠨ ᠬᠦᠳᠡᠭᠡ ᠠᠢᠯ᠎ᠤᠨ ᠵᠢᠭᠤᠯᠴᠢᠯᠠᠯ᠎ᠤᠨ ᠴᠢᠭ᠋᠎ᠲᠠᠢ ᠪᠤᠯᠪᠠ᠃ ᠪᠢ ᠠᠳᠡᠬᠢ ᠶᠠᠭᠤ ᠪᠦᠬᠦᠨ᠎ᠢ ᠠᠯᠠᠭᠠᠨ᠎ᠤ ᠵᠢᠷᠤᠭᠠᠰᠤ᠎ᠪᠠᠨ ᠱᠢᠭ᠋ ᠲᠤᠳᠤᠷᠬᠠᠢ ᠮᠡᠳᠡᠨ᠎ᠡ᠃ ᠬᠡᠷᠪᠡ ᠦᠬᠡᠷ᠎ᠡ ᠪᠤᠰᠤᠳ ᠡᠨᠡᠬᠦ᠌ ᠠᠵᠢᠯ᠎ᠢ ᠡᠯᠬᠦᠵᠥ᠍ ᠠᠪᠤᠪᠠᠯ ᠭᠠᠵᠠᠷ ᠤᠷᠤᠨ᠎ᠤ ᠬᠥᠭ᠌ᠵᠢᠯᠲᠡ᠎ᠶ᠋ᠢᠨ ᠪᠠᠢᠳᠠᠯ᠎ᠢ ᠣᠢᠯᠠᠭᠠᠵᠤ᠂ ᠲᠣᠰᠭᠤᠨ᠎ᠤ ᠠᠷᠠᠳ᠎ᠲᠠᠢ ᠲᠠᠨᠢᠯ ᠲᠠᠰᠤᠯ ᠪᠤᠯᠳᠠᠯ᠎ᠠ ᠨᠠᠩ ᠣᠯᠠᠨ ᠴᠠᠭ ᠬᠡᠷᠡᠭ᠌ᠰᠡᠨ᠎ᠡ᠂ ᠡᠢᠮᠦ᠎ᠠᠴᠠ ᠪᠢ ᠠᠳᠡ ᠲᠤᠷᠠᠳᠠᠶ᠎ᠠ ᠦᠯᠡᠳᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠴᠢᠳᠠᠯ᠎ᠢᠶᠠᠨ ᠨᠡᠮᠡᠷᠢᠯᠡᠨ᠎ᠡ》 ᠬᠡᠵᠤ ᠪᠤᠳᠤᠯ᠎ᠢᠶᠠᠨ ᠶᠠᠷᠢᠨ᠎ᠠ᠃

ᠬᠤᠢᠱᠢᠳᠠ᠎ᠶ᠋ᠢᠨ ᠬᠥᠭ᠌ᠵᠢᠯᠲᠡ᠎ᠶ᠋ᠢᠨ ᠲᠤᠬᠠᠢ ᠲᠡᠷᠡ ᠬᠤᠪᠢᠰᠭᠠᠯᠲᠤ ᠬᠦᠮᠦᠵᠢᠯ᠂ ᠪᠣᠬᠢᠷᠲᠤᠯ ᠦᠭᠡᠢ ᠬᠥᠭ᠌ᠵᠢᠯᠲᠡ ᠵᠢᠴᠢ ᠱᠢᠵᠢᠷ ᠠᠯᠳᠠᠨ ᠵᠢᠭᠤᠯᠴᠢᠯᠠᠯ ᠭᠤᠷᠪᠠᠨ ᠲᠤᠯᠭᠠᠭᠤᠷᠢ ᠬᠦᠴᠦᠨ᠎ᠳᠤ ᠰᠠᠭᠤᠷᠢᠯᠠᠭ᠍ᠰᠠᠨ ᠰᠤᠮᠤᠨ ᠠᠭᠤᠯᠠ᠎ᠶ᠋ᠢ ᠬᠦᠴᠦᠯᠡᠨ ᠴᠣᠭ᠍ᠴᠠᠯᠠᠵᠤ᠂ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠤ ᠪᠣᠷᠣᠯᠠᠭᠤᠯᠭ᠎ᠠ᠎ᠶ᠋ᠢ ᠲᠠᠢᠴᠢᠯᠠᠵᠤ᠂ ᠤᠨᠴᠠᠯᠢᠬ᠍ᠳᠤ ᠲᠠᠷᠢᠮᠠᠯ᠂ ᠪᠠᠯ ᠴᠢᠯᠠᠭᠤ᠎ᠶ᠋ᠢᠨ ᠠᠭᠤᠷᠬᠠᠢ᠎ᠶ᠋ᠢᠨ ᠭᠠᠷᠤᠯᠲᠠ᠂ ᠤᠨᠴᠠᠯᠢᠬ᠍ᠳᠤ ᠲᠡᠵᠢᠭᠡᠪᠦᠷᠢ᠎ᠶ᠋ᠢᠨ ᠦᠢᠯᠡᠰ᠂ ᠡᠯᠳᠡᠪ ᠠᠮᠤ᠎ᠶ᠋ᠢ ᠬᠥᠭ᠌ᠵᠢᠭᠦᠯᠵᠦ᠍᠂ ᠬᠥᠳᠡᠭᠡ ᠲᠣᠰᠭᠤᠨ᠎ᠤ ᠣᠨᠴᠠᠯᠢᠭ᠎ᠢ ᠬᠥᠳᠡᠭᠡ ᠲᠣᠰᠭᠤᠨ᠎ᠤ ᠳᠠᠪᠠᠭᠤᠯᠢᠭ ᠪᠣᠯᠭᠠᠨ ᠬᠤᠪᠢᠷᠠᠭᠤᠯᠤᠨ᠎ᠠ ᠬᠡᠵᠥ᠍ ᠪᠠᠢᠯ᠎ᠠ᠃


4008543_lity_1623221621495_m.jpg


ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢᠨ ᠨᠡᠮᠡᠭ᠌ᠳᠡᠯ᠎ᠢ ᠪᠠᠲᠤᠯᠠᠨ᠎ᠠ

ᠨᠢᠭᠡ ᠬᠦᠯᠡᠮᠵᠢ᠎ᠠᠴᠠ 3 ᠰᠠᠷ᠎ᠠ᠎ᠶ᠋ᠢᠨ ᠲᠤᠳᠤᠷ᠎ᠠ 2 ᠲᠦᠮᠡᠨ ᠲᠥᠭᠦᠷᠢᠭ᠎ᠤᠨ ᠴᠡᠪᠡᠷ ᠤᠷᠤᠯᠭ᠎ᠠ ᠤᠯᠤᠨ᠎ᠠ᠂ ᠡᠨᠡ ᠪᠤᠯ ᠱᠠᠩᠳᠤ ᠱᠢᠶᠠᠨ᠎ᠤ ᠴᠢ᠎ᠲᠠᠢ ᠪᠠᠯᠭᠠᠰᠤᠨ᠎ᠤ ᠯᠠᠮᠠ᠎ᠶ᠋ᠢᠨ ᠪᠠᠢᠱᠢᠩ ᠲᠣᠰᠭᠤᠨ᠎ᠳᠤ ᠭᠠᠷᠤᠭ᠍ᠰᠠᠨ ᠶᠠᠪᠤᠳᠠᠯ ᠪᠤᠯᠤᠨ᠎ᠠ᠃ ᠡᠨᠡᠬᠦ᠌ ᠠᠱᠢᠭ ᠣᠷᠣᠯᠭ᠎ᠠ ᠱᠠᠩᠳᠤ ᠱᠢᠶᠠᠨ᠎ᠤ ᠲᠤᠰ ᠭᠠᠵᠠᠷ᠎ᠤᠨ ᠠᠵᠤ ᠠᠬᠤᠢ᠍ᠢᠯᠠᠯ ᠪᠤᠯᠬᠤ ᠥᠪᠥᠷ ᠮᠣᠩᠭᠤᠯ᠎ᠤᠨ ᠱᠢᠰᠧᠨ ᠲᠥᠮᠥᠰᠥᠨ᠎ᠤ ᠡᠭᠦᠯᠳᠡᠷ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠠᠴᠠ ᠢᠷᠡᠯᠲᠡ᠎ᠲᠠᠢ᠃

ᠱᠢᠰᠧᠨ ᠺᠣᠮᠫᠠᠨᠢ ᠭᠤᠤᠯᠳᠠᠭᠤ ᠲᠥᠮᠥᠰᠥ᠎ᠶ᠋ᠢᠨ ᠡᠭᠦᠯᠳᠡᠷ ᠪᠤᠢᠵᠢᠭᠤᠯᠳᠠᠭ᠂ ᠲᠡᠭᠦᠨ᠎ᠤ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠭ᠌ᠰᠡᠨ ᠲᠥᠮᠥᠰᠥ᠎ᠶ᠋ᠢᠨ ᠡᠭᠦᠯᠳᠡᠷ ᠪᠥᠬᠦ᠌ ᠤᠯᠤᠰ᠎ᠤᠨ ᠵᠠᠬ᠎ᠠ ᠳᠡᠯᠭᠡᠭᠦᠷ᠎ᠤᠨ 30 % ᠎ᠶ᠋ᠢ ᠡᠵᠡᠯᠡᠨ᠎ᠡ᠃ ᠺᠣᠮᠫᠠᠨᠢ ᠪᠣᠯᠤᠨ ᠯᠠᠮᠠ᠎ᠶ᠋ᠢᠨ ᠪᠠᠢᠱᠢᠩ ᠲᠣᠰᠭᠤᠨ᠎ᠤ ᠲᠤᠰᠭᠠᠢ ᠬᠤᠷᠱᠢᠶ᠎ᠠ ᠲᠥᠮᠥᠰᠥ᠎ᠶ᠋ᠢᠨ ᠤᠤᠯ ᠡᠭᠦᠯᠳᠡᠷ᠎ᠢ ᠬᠠᠮᠲᠤᠷᠠᠨ ᠦᠢᠯᠡᠳᠪᠦᠷᠢᠯᠡᠵᠦ᠍᠂ ᠲᠣᠰᠭᠤᠨ᠎ᠤ ᠠᠷᠠᠳ ᠬᠦᠯᠡᠮᠵᠢ ᠳᠠᠭᠠᠭᠠᠴᠢᠯᠠᠨ ᠤᠤᠯ ᠡᠭᠦᠯᠳᠡᠷ᠎ᠢ ᠲᠠᠷᠢᠵᠤ᠂ 3 ᠰᠠᠷ᠎ᠠ᠎ᠶ᠋ᠢᠨ ᠲᠠᠷᠠᠭ᠎ᠠ ᠠᠵᠤ ᠠᠬᠤᠢ᠍ᠢᠯᠠᠯ ᠪᠤᠯᠪᠠᠰᠤᠷᠠᠭ᠍ᠰᠠᠨ ᠤᠤᠯ ᠡᠭᠦᠯᠳᠡᠷ᠎ᠢ ᠬᠤᠳᠠᠯᠳᠤᠨ ᠠᠪᠳᠠᠭ᠎ᠠᠴᠠ ᠨᠢᠭᠡ ᠬᠦᠯᠡᠮᠵᠢ᠎ᠶ᠋ᠢᠨ ᠴᠡᠪᠡᠷ ᠣᠷᠣᠯᠭ᠎ᠠ 2 ᠲᠦᠮᠡᠨ ᠲᠥᠭᠦᠷᠢᠭ᠎ᠲᠤ ᠬᠦᠷᠳᠡᠭ᠃

ᠬᠡᠪᠡᠴᠤ᠌ ᠬᠦᠯᠡᠮᠵᠢ᠎ᠶ᠋ᠢᠨ ᠲᠤᠭ᠎ᠠ ᠬᠢᠵᠠᠭᠠᠷ᠎ᠲᠠᠢ ᠲᠤᠯᠠ ᠲᠣᠰᠭᠤᠨ᠎ᠤ ᠠᠷᠠᠳ ᠱᠢᠪᠠᠭ᠎ᠠ ᠰᠤᠭᠤᠯᠬᠤ ᠠᠷᠭ᠎ᠠ᠎ᠪᠠᠷ ᠳᠠᠭᠠᠭᠠᠴᠢᠯᠠᠬᠤ ᠬᠦᠯᠡᠮᠵᠢ᠎ᠶ᠋ᠢᠨ ᠲᠤᠭ᠎ᠠ᠎ᠪᠠᠨ ᠲᠣᠭ᠍ᠲᠠᠭᠠᠬᠤ ᠪᠤᠯᠪᠠ᠃ ᠲᠣᠰᠭᠤᠨ᠎ᠤ ᠠᠷᠠᠳ ᠭᠤᠤ ᠹᠠ᠄ 《ᠡᠨᠡ ᠵᠢᠯ ᠳᠠᠭᠠᠭᠠᠴᠢᠯᠠᠬᠤ ᠬᠥᠮᠦᠨ ᠬᠡᠲᠦᠷᠬᠡᠶ ᠣᠯᠠᠨ ᠪᠣᠯᠤᠭ᠍ᠰᠠᠨ ᠲᠤᠯᠠ 1 ᠬᠦᠯᠡᠮᠵᠢ ᠯᠠ ᠤᠯᠵᠤ ᠲᠠᠭᠠᠭᠠᠴᠢᠯᠠᠵᠠᠢ》 ᠬᠡᠵᠥ᠍ ᠪᠠᠢᠯ᠎ᠠ᠃

ᠯᠠᠮᠠ᠎ᠶ᠋ᠢᠨ ᠪᠠᠢᠱᠢᠩ᠎ᠤᠨ ᠬᠦᠯᠡᠮᠵᠢ᠎ᠳᠤ ᠲᠠᠷᠢᠭ᠍ᠰᠠᠨ ᠲᠥᠮᠥᠰᠥ᠎ᠶ᠋ᠢᠨ ᠤᠤᠯ ᠡᠭᠦᠯᠳᠡᠷ ᠪᠣᠯ ᠱᠢᠰᠧᠨ ᠺᠣᠮᠫᠠᠨᠢ᠎ᠶ᠋ᠢᠨ ᠳᠡᠭᠡᠳᠦ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠥᠮᠥᠰᠥ᠎ᠶ᠋ᠢᠨ ᠨᠢᠭᠡ ᠭᠤᠭ᠍ᠴᠤᠭ᠎ᠠ ᠪᠣᠯᠤᠨ᠎ᠠ᠃ ᠱᠢᠰᠧᠨ᠎ᠤ ᠪᠤᠢᠵᠢᠭᠤᠯᠬᠤ ᠲᠠᠰᠤᠭ᠎ᠲᠤ᠌᠂ ᠡᠩ ᠲᠡᠷᠢᠭᠦᠨ᠎ᠳᠤ ᠡᠰᠢ᠎ᠶ᠋ᠢᠨ ᠦᠵᠦᠭᠦᠷ᠎ᠢ ᠪᠤᠢᠵᠢᠭᠤᠯᠵᠤ ᠰᠠᠭᠤᠷᠢ ᠲᠥᠮᠥᠰᠥ᠎ᠶ᠋ᠢᠨ ᠴᠢᠬᠢ᠎ᠶ᠋ᠢ ᠣᠯᠵᠤ᠂ ᠳᠠᠷᠠᠭ᠎ᠠ᠎ᠨᠢ ᠰᠠᠭᠤᠷᠢ ᠴᠢᠬᠢ᠎ᠶ᠋ᠢ ᠬᠤᠤᠷ ᠥᠬᠡᠢᠳᠡᠭᠦᠯᠵᠦ᠍᠂ ᠬᠤᠤᠷ ᠥᠬᠡᠢᠳᠡᠭᠦᠯᠦᠭ᠌ᠰᠡᠨ ᠴᠢᠬᠢ᠎ᠶ᠋ᠢ ᠤᠷᠭᠤᠭᠤᠯᠤᠭ᠍ᠰᠠᠨ᠎ᠤ ᠳᠠᠷᠠᠭ᠎ᠠ ᠰᠠᠶᠢ ᠬᠦᠯᠡᠮᠵᠢ᠎ᠳᠤ ᠱᠢᠯᠵᠢᠬᠦᠯᠳᠡᠭ᠃ ᠤᠤᠯ ᠡᠭᠦᠯᠳᠡᠷ᠎ᠢ ᠬᠤᠷᠢᠶᠠᠭ᠍ᠰᠠᠨ᠎ᠤ ᠳᠠᠷᠠᠭ᠎ᠠ ᠳᠠᠬᠢᠨ 2 ᠵᠢᠯ ᠳᠠᠷᠢᠵᠤ᠂ ᠨᠢᠭᠡᠳᠦᠭᠡᠷ ᠳᠡᠰ᠎ᠤᠨ ᠡᠭᠦᠯᠳᠡᠷ᠎ᠤᠨ ᠲᠥᠮᠥᠰᠥ᠍ ᠪᠣᠯᠭᠠᠨ ᠤᠷᠭᠤᠭᠤᠯᠤᠨ᠎ᠠ᠂ ᠢᠡᠭ᠌ᠬᠢᠪᠡᠯ ᠰᠠᠶᠢ ᠤᠯᠠᠮᠵᠢᠯᠠᠯᠲᠤ ᠤᠳᠭ᠎ᠠ ᠠᠭᠤᠯᠭ᠎ᠠ ᠳᠡᠭᠡᠷᠡᠬᠢ ᠲᠥᠮᠥᠰᠥ᠎ᠶ᠋ᠢᠨ ᠡᠭᠦᠯᠳᠡᠷ ᠪᠣᠯᠵᠣ ᠴᠢᠳᠠᠨ᠎ᠠ᠃


4008545_lity_1623221633612_m.jpg


ᠳᠡᠭᠡᠳᠦ ᠱᠢᠨᠵᠢᠯᠡᠬᠦ᠌ ᠤᠬᠠᠭᠠᠨ ᠮᠡᠷᠭᠡᠵᠢᠯ᠎ᠨᠢ ᠲᠥᠮᠥᠰᠥ᠎ᠶ᠋ᠢᠨ ᠥᠨᠳᠥᠷ ᠤᠨᠠᠯᠲᠠ᠎ᠶ᠋ᠢ ᠠᠪᠴᠢᠷᠠᠭ᠍ᠰᠠᠨ᠎ᠢᠶᠠᠷ ᠪᠠᠷᠠᠬᠤ ᠥᠬᠡᠶ ᠠᠵᠤ  ᠦᠢᠯᠡᠰ᠎ᠤᠨ ᠬᠡᠯᠬᠢᠶ᠎ᠡ ᠳᠡᠭᠡᠷᠡᠬᠢ ᠲᠠᠷᠢᠶᠠᠴᠢᠳ᠎ᠢ ᠴᠤ᠌ ᠪᠠᠶᠠᠵᠢᠭᠤᠯᠪᠠ᠃

2021 ᠣᠨ᠎ᠳᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠠᠶᠠᠨ ᠡᠬᠢᠯᠡᠬᠦ᠌᠎ᠳᠤ᠂ ᠤᠯᠠᠭᠠᠨᠴᠠᠪ ᠬᠤᠲᠠ ᠠᠵᠤ  ᠦᠢᠯᠡᠰ᠎ᠤᠨ ᠪᠠᠢᠷᠢᠱᠢᠭᠤᠯᠤᠯᠲᠠ᠎ᠶ᠋ᠢᠨ ᠲᠠᠯ᠎ᠠ᠎ᠪᠠᠷ ᠲᠥᠮᠥᠰᠥ᠍᠂ ᠨᠣᠬᠠᠶ᠎ᠶ᠋ᠢᠨ ᠬᠤᠱᠢᠭᠤ᠂ ᠬᠦᠶᠲᠡᠨ ᠰᠡᠷᠢᠭᠦᠨ ᠢᠳᠡᠱᠢᠨ ᠨᠣᠭᠤᠭ᠎ᠠ᠂ ᠮᠢᠬᠠᠨ ᠦᠬᠡᠷ ᠵᠡᠷᠭᠡ ᠭᠤᠤᠯᠯᠠᠬᠤ ᠠᠵᠤ  ᠦᠢᠯᠡᠰ᠎ᠤᠨ ᠲᠣᠭᠤᠷᠢᠨ᠎ᠳᠤ᠂ ᠡᠭᠦᠯᠳᠡᠷ᠎ᠤᠨ ᠮᠡᠷᠭᠡᠵᠢᠯ᠎ᠤᠨ ᠪᠣᠭᠤᠮᠲᠠ ᠱᠢᠪᠲᠤᠯᠤᠯᠲᠠ᠎ᠶ᠋ᠢ ᠰᠠᠢᠳᠤᠷ ᠬᠢᠵᠥ᠍᠂ 9 ᠶᠡᠭᠡ ᠤᠨᠴᠠᠯᠢᠬ᠍ᠳᠤ ᠭᠦᠢᠲᠡᠨ ᠰᠡᠷᠢᠭᠦᠨ ᠢᠳᠡᠱᠢᠨ ᠨᠣᠭᠤᠭ᠎ᠠ ᠳᠠᠷᠢᠬᠤ ᠰᠠᠭᠤᠷᠢᠨ᠎ᠢ ᠪᠠᠬᠢᠵᠢᠭᠦᠯᠦᠨ ᠪᠥᠲᠥᠭᠡᠨ ᠪᠠᠢᠭᠤᠯᠵᠤ᠂ ᠥᠨᠳᠥᠷ ᠪᠠᠷᠢᠮᠵᠢᠶᠠᠲᠤ ᠲᠦᠭᠦᠭᠡᠷᠤᠮᠵᠢᠲᠤ ᠢᠳᠡᠱᠢᠨ ᠨᠣᠭᠤᠭ᠎ᠠ᠎ᠶ᠋ᠢᠨ ᠲᠠᠷᠢᠶ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠪᠡ᠃

5 ᠰᠠᠷ᠎ᠠ᠎ᠶ᠋ᠢᠨ 30 ᠎ᠤ ᠡᠳᠦᠷ᠂ ᠤᠯᠠᠭᠠᠨᠴᠠᠪ ᠬᠤᠲᠠ᠎ᠶ᠋ᠢᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠵᠢᠩᠬᠢᠨᠢ᠎ᠪᠠᠷ ᠫᠠᠢᠰᠠ ᠡᠯᠭᠦᠨ ᠪᠠᠢᠭᠤᠯᠤᠭ᠍ᠳᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠴᠣ᠌ ᠱᠢᠨ᠎ᠡ ᠬᠠᠭᠤᠳᠠᠰᠤ᠎ᠪᠠᠨ ᠰᠡᠬᠦᠯ᠎ᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号