《ᠱᠢᠭᠤᠳ ᠨᠡᠪᠳᠡᠷᠡᠭᠦᠯᠬᠡ》 ᠎ᠠᠴᠠ ᠰᠤᠳᠤᠨ ᠠᠮᠵᠢᠯᠳᠠ ᠳᠤᠳᠤᠷᠠᠨ᠎ᠠ
2021-06-11 09:49:38
ᠵᠣᠬᠢᠶᠠᠭ᠍ᠴᠢ᠄
ᠪᠠᠶᠠᠷᠴᠡᠩᠭᠡᠯ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠦᠷ ᠮᠤᠩᠭᠤᠯ᠎ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠠᠨ 100 ᠵᠢᠯ᠎ᠤᠨ ᠤᠢ᠎ᠶ᠋ᠢ ᠪᠠᠶᠠᠷᠯᠠᠨ ᠪᠡᠯᠭᠡᠯᠡᠬᠦ᠌᠎ᠶ᠋ᠢᠨ ᠲᠦᠯᠦᠭᠡ᠂ ᠥᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠨᠢ ᠥᠪᠡᠷᠳᠡᠭᠡᠨ ᠵᠠᠰᠠᠬᠤ ᠤᠷᠤᠨ᠂ ᠠᠢᠮᠠᠭ ᠬᠤᠳᠠ᠂ ᠬᠤᠱᠢᠭᠤ ᠱᠢᠶᠠᠨ ᠭᠤᠷᠪᠠᠨ ᠱᠠᠳᠤᠨ᠎ᠤ ᠬᠠᠮ ᠵᠠᠭᠤᠴᠢᠯᠠᠭᠤᠷ᠎ᠲᠠᠢ ᠬᠠᠮᠳᠤ 《ᠳᠠᠯ᠎ᠠ ᠨᠤᠲᠤᠭ᠎ᠤᠨ ᠡᠭᠦᠯᠡ 〈ᠡᠭᠦᠷᠢᠳᠡ ᠨᠠᠮ᠎ᠢᠶᠠᠨ ᠲᠠᠭᠠᠶ᠎ᠠ〉 ᠵᠠᠭᠤᠨ ᠰᠤᠷᠪᠤᠯᠵᠢᠯᠠᠬ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠳᠤᠮᠤ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ ᠦᠷᠨᠢᠭᠦᠯᠵᠦ᠍᠂ ᠰᠤᠷᠪᠤᠯᠵᠢᠯᠠᠭ᠎ᠠ ᠢᠳᠡ ᠬᠦᠭ᠎ᠲᠠᠢ ᠶᠠᠪᠤᠬ᠍ᠳᠠᠵᠤ ᠡᠬᠢᠯᠡᠭ᠌ᠰᠡᠨ ᠪᠠᠢᠨ᠎ᠠ᠃

6 ᠰᠠᠷ᠎ᠠ᠎ᠶ᠋ᠢᠨ 10 ᠎ᠤ ᠡᠳᠦᠷ᠎ᠤᠨ 15 ᠴᠠᠭ᠎ᠲᠤ᠌᠂ 《ᠳᠠᠯ᠎ᠠ ᠨᠤᠲᠤᠭ᠎ᠤᠨ ᠡᠭᠦᠯᠡ 〈ᠡᠭᠦᠷᠢᠳᠡ ᠨᠠᠮ᠎ᠢᠶᠠᠨ ᠲᠠᠭᠠᠶ᠎ᠠ〉 ᠵᠠᠭᠤᠨ ᠰᠤᠷᠪᠤᠯᠵᠢᠯᠠᠬ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠳᠤᠮᠤ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠠᠩᠬᠠᠨ᠎ᠤ ᠳᠠᠯᠠᠪᠠᠢ ᠪᠤᠤᠬᠢᠶ᠎ᠠ ᠳᠠᠮᠵᠢᠭᠤᠯᠤᠬ᠍ᠰᠠᠨ ᠱᠢᠭᠤᠳ ᠨᠡᠪᠳᠡᠷᠡᠭᠦᠯᠭᠡ ᠵᠢᠩᠬᠢᠨᠢ᠎ᠪᠠᠷ ᠡᠬᠢᠯᠡᠵᠠᠢ᠃ ᠳᠤᠰ ᠤᠳᠠᠭᠠᠨ᠎ᠤ ᠰᠤᠷᠪᠤᠯᠵᠢᠯᠠᠭ᠎ᠠ᠎ᠨᠢ ᠥᠪᠦᠷ ᠮᠤᠩᠭᠤᠯ᠎ᠢ ᠬᠦᠨᠳᠡᠯᠡᠨ ᠰᠤᠨᠳᠠᠯᠠᠵᠤ᠂ ᠥᠪᠡᠷᠳᠡᠭᠡᠨ ᠵᠠᠰᠠᠬᠤ ᠤᠷᠤᠨ᠂ ᠠᠢᠮᠠᠭ ᠬᠤᠳᠠ᠂ ᠬᠤᠱᠢᠭᠤ ᠱᠢᠶᠠᠨ ᠭᠤᠷᠪᠠᠨ ᠱᠠᠳᠤᠨ᠎ᠤ ᠬᠠᠮ ᠵᠠᠭᠤᠴᠢᠯᠠᠭᠤᠷ᠎ᠤᠨ ᠤᠷᠤᠯᠴᠠᠯᠭ᠎ᠠ᠎ᠲᠠᠢ᠂ ᠮᠡᠷᠭᠡᠵᠢᠯ᠎ᠤᠨ ᠪᠦᠯᠬᠦᠮ᠎ᠤᠨ ᠴᠢᠩᠭ᠎ᠠ ᠬᠦᠴᠦᠳᠡᠢ ᠪᠠᠳᠤᠯᠠᠭ᠎ᠠ᠎ᠲᠠᠢ᠂ ᠡᠮᠦᠨ᠎ᠡ ᠹᠷᠤᠨᠲ᠂ ᠠᠷᠤ ᠳᠠᠯ᠎ᠠ᠎ᠶ᠋ᠢᠨ ᠬᠠᠮᠵᠢᠯᠴᠠᠭ᠎ᠠ᠎ᠲᠠᠢ ᠢᠯᠭᠤᠮ ᠤᠷᠤᠬ᠍ᠰᠢᠳᠠᠢ ᠬᠦᠱᠢᠭᠡ᠎ᠪᠠᠨ ᠰᠡᠬᠦᠯ᠎ᠡ᠃

ᠪᠠᠷᠤᠬ 4 ᠴᠠᠭ ᠤᠷᠴᠢᠮ᠎ᠤᠨ ᠪᠤᠤᠬᠢᠶ᠎ᠠ ᠳᠠᠮᠵᠢᠭᠤᠯᠤᠬ᠍ᠰᠠᠨ ᠱᠢᠭᠤᠳ ᠨᠡᠪᠳᠡᠷᠡᠭᠦᠯᠬᠡ ᠳᠤᠮᠳᠠ ᠥᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠳᠠᠯ᠎ᠠ ᠨᠤᠲᠤᠭ᠎ᠤᠨ ᠡᠭᠦᠯᠡ ᠬᠠᠮ ᠵᠠᠭᠤᠴᠢᠯᠠᠭᠤᠷ᠎ᠤᠨ ᠵᠢᠯᠤᠭᠤᠳᠭᠤ ᠲᠦᠪ᠎ᠠᠴᠠ ᠬᠦᠬᠡᠬᠤᠳᠠ᠂ ᠬᠦᠯᠦᠨ ᠪᠤᠢᠷ ᠬᠤᠳᠠ᠂ ᠤᠯᠠᠭᠠᠨᠬᠠᠳᠠ ᠬᠤᠳᠠ᠂ ᠠᠯᠠᠱᠠ ᠠᠢᠮᠠᠭ᠎ᠤᠨ ᠲᠦᠷᠪᠡᠨ ᠰᠤᠷᠪᠤᠯᠵᠢᠯᠠᠭ᠎ᠠ᠎ᠶ᠋ᠢᠨ ᠲᠤᠭᠤᠢ᠍ᠢᠯᠠᠩ᠎ᠲᠠᠢ ᠬᠠᠷᠢᠯᠴᠠᠨ ᠴᠡᠭ ᠬᠤᠯᠪᠤᠨ ᠱᠢᠭᠤᠳ ᠨᠡᠪᠳᠡᠷᠡᠭᠦᠯᠬᠡ ᠬᠢᠪᠡ᠃ ᠡᠭᠦᠨ᠎ᠤ ᠲᠠᠭᠠᠤ ᠳᠠᠯ᠎ᠠ ᠨᠤᠲᠤᠭ ᠱᠢᠯᠵᠢᠶ᠎ᠡ᠂ ᠥᠪᠦᠷ ᠮᠤᠩᠭᠤᠯ᠎ᠤᠨ ᠰᠤᠨᠢᠨ ᠮᠡᠳᠡᠭᠡᠨ᠎ᠤ ᠰᠦᠯᠵᠢᠶ᠎ᠡ᠂ ᠡᠯ᠎ᠡ ᠠᠢᠮᠠᠭ ᠬᠤᠳᠠ᠂ 103 ᠬᠤᠱᠢᠭᠤ ᠱᠢᠶᠠᠨ᠎ᠤ ᠬᠠᠮ ᠵᠠᠭᠤᠴᠢᠯᠠᠭᠤᠷ᠎ᠤᠨ ᠲᠦᠪ ᠵᠢᠴᠢ ᠲᠦᠪ᠎ᠤᠨ ᠵᠠᠭᠤᠴᠢᠯᠠᠭᠤᠷ᠂ ᠭᠤᠷᠪᠠᠳᠤᠭᠠᠷ ᠳᠠᠯ᠎ᠠ᠎ᠶ᠋ᠢᠨ ᠳᠠᠪᠴᠠᠩ ᠵᠡᠷᠭᠡ᠎ᠶ᠋ᠢ ᠠᠱᠢᠬ᠍ᠯᠠᠨ ᠲᠦᠷᠪᠡᠨ ᠱᠠᠳᠤ ᠬᠤᠯᠪᠤᠭᠠᠯᠠᠨ ᠪᠤᠰᠤᠭ᠎ᠠ ᠴᠤᠬ᠍ᠴᠠ᠎ᠪᠠᠷ ᠳᠠᠮᠵᠢᠭᠤᠯᠭ᠎ᠠ ᠬᠢᠬᠦ᠌᠎ᠶ᠋ᠢ ᠪᠡᠶᠡᠯᠡᠭᠦᠯᠵᠦ᠍ ᠴᠢᠳᠠᠵᠠᠢ᠃

ᠳᠤᠰ ᠤᠳᠠᠭᠠᠨ᠎ᠤ ᠠᠵᠢᠯᠯᠠᠭ᠎ᠠ᠎ᠨᠢ 20 ᠡᠳᠦᠷ ᠶᠠᠪᠤᠬ᠍ᠳᠠᠨ᠂ ᠠᠬᠤᠢ ᠳᠠᠯᠠᠪᠠᠢ᠎ᠶ᠋ᠢᠨ ᠮᠡᠳᠡᠭᠡᠯᠡᠯ᠂ ᠱᠢᠭᠤᠳ ᠨᠡᠪᠳᠡᠷᠡᠭᠦᠯᠭᠡ᠎ᠪᠠᠷ ᠬᠤᠯᠪᠤᠯᠳᠤᠬᠤ᠂ ᠸᠢᠳᠢᠣ᠋᠎ᠪᠠᠷ ᠦᠯᠢᠭᠡᠷ ᠬᠦᠦᠷᠨᠢᠬᠦ᠂ ᠪᠦᠲᠦᠭᠡᠯᠴᠢ ᠦᠢᠯᠡᠳᠬᠦᠨ ᠦᠢᠯᠡᠳᠬᠦ᠌ ᠵᠡᠷᠭᠡ ᠬᠠᠮ ᠵᠠᠭᠤᠴᠢᠯᠠᠭᠤᠷ᠎ᠤᠨ ᠢᠯᠡᠷᠡᠭᠦᠯᠬᠦ᠌ ᠬᠡᠯᠪᠡᠷᠢ᠎ᠪᠠᠷ ᠪᠦᠬᠦ᠌ ᠳᠠᠯ᠎ᠠ᠎ᠪᠠᠷ᠂ ᠪᠤᠰᠤᠭ᠎ᠠ ᠴᠤᠬ᠍ᠴᠠ᠎ᠪᠠᠷ᠂ ᠤᠯᠠᠨ ᠡᠱᠢᠵᠢᠭᠦᠯᠦᠭ᠌ᠰᠡᠨ ᠮᠠᠶᠢᠬ᠎ᠢᠶᠠᠷ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ 《ᠡᠭᠦᠷᠢᠳᠡ ᠨᠠᠮ᠎ᠢᠶᠠᠨ ᠲᠠᠭᠠᠵᠤ᠂ ᠨᠠᠮ᠎ᠤᠨ ᠠᠴᠢ᠎ᠳᠤ ᠳᠠᠯᠠᠷᠬᠠᠵᠤ᠂ ᠨᠠᠮ᠎ᠤᠨ ᠦᠬᠡ᠎ᠶ᠋ᠢ ᠰᠤᠨᠤᠰᠴᠤ᠌》 ᠪᠠᠢᠭ᠎ᠠ ᠰᠡᠳᠭᠢᠯ ᠬᠦᠳᠡᠯᠬᠡᠮ᠎ᠡ ᠬᠠᠢᠷ᠎ᠠ ᠰᠡᠳᠭᠢᠯᠬᠡ᠎ᠶ᠋ᠢ ᠬᠦᠦᠷᠨᠢᠨ ᠳᠡᠮᠳᠡᠭ᠌ᠯᠡᠬᠦ᠌ ᠪᠤᠯᠤᠨ᠎ᠠ᠃


 

 


 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号