ᠠᠭᠤᠳᠠᠮ ᠴᠡᠯᠡᠭᠡᠷ ᠲᠠᠯ᠎ᠠ ᠨᠤᠲᠤᠭ᠂ ᠡᠩ ᠦᠭᠡᠢ ᠦᠷᠭᠡᠨ ᠬᠦᠬᠡ ᠣᠭ᠍ᠲᠠᠷᠭᠤᠢ᠂ ᠲᠡᠷᠢ ᠲᠡᠭ᠌ᠰᠢ ᠬᠤᠪᠴᠠᠰᠤ ᠵᠠᠰᠠᠯ᠂ ᠣᠷᠭᠢᠯᠤᠮ᠎ᠠ ᠰᠡᠳᠭᠢᠯᠭᠡ᠎ᠪᠠᠷ ᠤᠯᠤᠰ᠎ᠤᠨ ᠡᠭᠦᠳᠡᠨ᠎ᠤ ᠡᠮᠦᠨ᠎ᠡ ᠬᠠᠩᠬᠢᠨᠠᠳᠠᠯ᠎ᠠ ᠳᠠᠭᠤᠯᠠᠵᠤ᠂ ᠲᠥᠪ ᠴᠢᠩᠭ᠎ᠠ᠎ᠪᠠᠷ ᠲᠠᠩᠭᠠᠷᠢᠬ᠍ᠯᠠᠨᠠ ᠁
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢᠠᠴᠠ ᠡᠮᠦᠨᠡᠬᠡᠨ᠂ ᠮᠠᠨᠵᠤᠤᠷ᠎ᠤᠨ ᠤᠯᠤᠰ᠎ᠤᠨ ᠡᠭᠦᠳᠡ᠎ᠶ᠋ᠢᠨ ᠦᠵᠡᠮᠵᠢ᠎ᠶ᠋ᠢᠨ ᠣᠷᠣᠨ᠎ᠳᠤ ᠮᠠᠰᠢ ᠤᠯᠠᠨ ᠨᠠᠢᠷᠠᠯ ᠳᠠᠭᠤᠤ᠎ᠶ᠋ᠢᠨ ᠪᠦᠯᠬᠦᠮ᠎ᠤᠨ᠎ᠬᠢᠨ ᠠᠳᠡ ᠢᠷᠡᠵᠦ᠍ ᠬᠤᠪᠢᠰᠭᠠᠯᠳᠦ ᠳᠠᠭᠤᠤ ᠲᠠᠭᠤᠯᠠᠨ ᠪᠣᠯᠪᠠᠰᠤᠷᠠᠵᠤ᠂ ᠬᠤᠪᠢᠰᠭᠠᠯ᠎ᠤᠨ ᠲᠡᠦᠬᠡ᠎ᠶ᠋ᠢ ᠲᠠᠬᠢᠨ ᠡᠷᠭᠢᠴᠡᠭᠦᠯᠵᠦ᠍᠂ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠠᠭᠠᠨᠠ᠃

6 ᠰᠠᠷ᠎ᠠ᠎ᠶ᠋ᠢᠨ 10 ᠤ ᠦᠳᠡ᠎ᠶ᠋ᠢᠨ ᠬᠤᠢᠨ᠎ᠠ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠠᠴᠠ ᠶᠠᠪᠤᠬ᠍ᠳᠠᠭᠤᠯᠵᠦ᠍ ᠪᠠᠢᠭ᠎ᠠ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ ᠭᠤᠷᠪᠠᠨ ᠱᠠᠲᠤᠨ᠎ᠤ ᠬᠠᠮ ᠵᠠᠭᠤᠴᠢᠯᠠᠭᠤᠷ᠎ᠤᠨ ᠬᠠᠮᠳᠤᠷᠠᠭ᠍ᠰᠠᠨ 《ᠡᠭᠦᠷᠢᠳᠡ ᠨᠠᠮ᠎ᠢᠶᠠᠨ ᠳᠠᠭᠠᠶ᠎ᠠ — ᠡᠬᠦᠯᠡᠨ ᠬᠥᠯᠥᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠮᠠᠨᠵᠤᠤᠷ ᠥᠷᠲᠡᠭᠡ᠎ᠳᠠᠬᠢ ᠠᠩᠬᠠᠨ᠎ᠤ ᠨᠡᠪᠲᠡᠷᠡᠭᠦᠯᠭᠡ᠎ᠶ᠋ᠢ ᠤᠯᠤᠰ᠎ᠤᠨ ᠡᠭᠦᠳᠡ᠎ᠶ᠋ᠢᠨ ᠦᠵᠡᠮᠵᠢ᠎ᠶ᠋ᠢᠨ ᠣᠷᠣᠨ᠎ᠳᠤ ᠲᠣᠬᠢᠷᠠᠭᠤᠯᠪᠠ᠃ ᠭᠤᠷᠪᠠᠨ ᠱᠠᠳᠤᠨ᠎ᠤ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠠᠮᠢᠳᠤᠯᠢᠭ ᠱᠢᠭᠤᠳ ᠨᠡᠪᠲᠡᠷᠡᠭᠦᠯᠭᠡ᠎ᠶ᠋ᠢᠨ ᠬᠡᠯᠪᠡᠷᠢ᠎ᠪᠠᠷ 《ᠱᠢᠨ᠎ᠡ ᠵᠠᠮ》 ᠢᠶᠠᠷ ᠭᠤᠣᠯ ᠱᠢᠵᠢᠮ ᠪᠣᠯᠭᠠᠵᠤ᠂ 《ᠱᠢᠨ᠎ᠡ ᠠᠮᠢᠳᠤᠷᠠᠯ᠎ᠢᠶᠠᠨ ᠮᠠᠭ᠍ᠲᠠᠬᠤ᠂ ᠡᠪ ᠬᠠᠮᠲᠤ ᠨᠠᠮ᠎ᠢᠶᠠᠨ ᠮᠠᠭ᠍ᠲᠠᠨ ᠳᠠᠭᠤᠯᠠᠬᠤ》 ᠪᠠᠷ ᠮᠡᠳᠡᠭᠡᠯᠡᠯ᠎ᠤᠨ᠎ᠢᠶᠠᠨ ᠭᠤᠣᠯ ᠰᠡᠳᠦᠪ ᠪᠣᠯᠭᠠᠨ᠂ ᠵᠠᠭᠤᠨ ᠵᠢᠯ᠎ᠤᠨ ᠦᠯᠢᠬᠡᠷ᠎ᠢ ᠰᠤᠷᠪᠤᠯᠵᠢᠯᠠᠵᠤ᠂ ᠬᠤᠪᠢᠰᠭᠠᠯ᠎ᠤᠨ ᠤᠯᠠ ᠮᠥᠷ᠎ᠢ ᠮᠦᠷᠳᠡᠨ᠂ ᠬᠡᠷᠡᠯ ᠰᠠᠴᠤᠷᠠᠩᠭᠤᠢ ᠨᠡᠢᠲᠡᠯᠢᠭ ᠵᠢᠱ᠌ᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠣᠯ ᠵᠢᠷᠭᠠᠯᠲᠤ ᠠᠮᠢᠳᠤᠷᠠᠯ᠎ᠢ ᠲᠡᠮᠳᠡᠭ᠌ᠯᠡᠬᠦ᠌ ᠪᠤᠯᠤᠨ᠎ᠡ᠃
— ᠮᠠᠨᠵᠤᠤᠷ᠎ᠲᠤ ᠬᠤᠪᠢᠰᠭᠠᠯ᠎ᠤᠨ ᠵᠠᠮ ᠬᠠᠷᠢᠯᠴᠠᠭᠠᠨ᠎ᠤ ᠨᠢᠭᠤᠴᠠ ᠱᠤᠭᠤᠮ ᠪᠠᠢᠳᠠᠭ᠎ᠢ ᠲᠠ ᠮᠡᠳᠡᠨ᠎ᠡ ᠦᠦ?
— ᠬᠠᠮᠢᠭ᠎ᠠ ᠪᠠᠢᠬᠤ ᠪᠤᠢ?
— ᠶᠠᠭ ᠮᠠᠨ᠎ᠤ ᠵᠤᠬ᠍ᠰᠤᠵᠦ᠍ ᠪᠠᠢᠭ᠎ᠠ ᠡᠨᠡ ᠭᠠᠵᠠᠷ᠎ᠲᠤ ᠪᠠᠢᠨ᠎ᠠ᠂ ᠠᠽᠢᠶ᠎ᠠ ᠧᠦ᠋ᠷᠣᠫᠠ᠎ᠶ᠋ᠢᠨ ᠡᠬᠡ ᠬᠠᠭᠤᠷᠠᠶ᠎ᠶ᠋ᠢᠨ ᠬᠥᠭᠦᠷᠭᠡᠨ ᠳᠡᠭᠡᠷᠡᠬᠢ ᠡᠨᠡ ᠬᠦ᠌ ᠬᠤᠪᠢᠰᠭᠠᠯ᠎ᠤᠨ ᠨᠢᠭᠤᠴᠠ ᠵᠠᠮ ᠬᠠᠷᠢᠯᠴᠠᠭᠠᠨ᠎ᠤ ᠱᠤᠭᠤᠮ᠎ᠨᠢ 《ᠵᠡᠭᠦᠨ ᠠᠽᠢᠶ᠎ᠠ᠎ᠶ᠋ᠢᠨ ᠴᠣᠩᠬᠤ》 ᠪᠤᠯᠬᠤ ᠮᠠᠨᠵᠤᠤᠷ᠎ᠠᠴᠠ ᠮᠣᠰᠺᠸᠠ᠎ᠳᠤ ᠬᠦᠷᠳᠡᠭ᠃ ᠡᠷᠲᠡ ᠦᠶ᠎ᠡ᠎ᠳᠤ ᠳᠤᠮᠳᠠᠳᠤ ᠤᠯᠤᠰ᠎ᠤᠨ ᠡᠪ ᠬᠠᠮᠲᠤᠴᠤᠳ ᠡᠨᠡ ᠬᠦ᠌ ᠵᠠᠮ ᠬᠠᠷᠢᠯᠴᠠᠭᠠᠨ᠎ᠤ ᠱᠤᠭᠤᠮ᠎ᠢᠶᠠᠷ ᠲᠠᠮᠵᠢᠨ᠂ ᠡᠪ ᠬᠠᠮᠲᠤ᠎ᠶ᠋ᠢᠨ ᠢᠨᠲ᠋ᠧᠷᠨᠠᠼᠢᠣᠨᠠᠯ ᠪᠣᠯᠤᠨ ᠵᠦᠪᠯᠡᠯᠳᠦ ᠬᠤᠯᠪᠣᠭᠠᠲᠤ ᠤᠯᠤᠰ᠎ᠲᠠᠢ ᠬᠠᠷᠢᠯᠴᠠᠭ᠎ᠠ ᠪᠠᠢᠭᠤᠯᠵᠤ ᠪᠠᠢᠪᠠ᠃ ᠮᠠᠨᠵᠤᠤᠷ᠎ᠤᠨ ᠬᠤᠪᠢᠰᠭᠠᠯ᠎ᠤᠨ ᠣᠯᠠᠨ ᠤᠯᠤᠰ᠎ᠤᠨ ᠵᠠᠮ ᠬᠠᠷᠢᠯᠴᠠᠭᠠᠨ᠎ᠤ ᠨᠢᠭᠤᠴᠠ ᠱᠤᠭᠤᠮ᠎ᠨᠢ ᠳᠤᠮᠳᠠᠳᠤ ᠤᠯᠤᠰ᠎ᠤᠨ ᠬᠤᠪᠢᠰᠭᠠᠯ ᠴᠢᠨᠠᠭ᠍ᠰᠢᠯᠠᠨ ᠣᠯᠠᠨ ᠤᠯᠤᠰ᠎ᠤᠨ ᠡᠪ ᠬᠠᠮᠲᠤ᠎ᠶ᠋ᠢᠨ ᠬᠥᠳᠡᠯᠭᠡᠭᠡᠨ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠨᠡ ᠪᠣᠯ ᠲᠤᠭ᠎ᠠ ᠲᠣᠮᠰᠢ ᠦᠭᠡᠢ ᠤᠯᠠᠨ ᠬᠤᠪᠢᠰᠭᠠᠯᠲᠤ ᠴᠢᠩ ᠵᠤᠷᠢᠬ᠍ᠳᠠᠨᠤ ᠦᠨᠡᠨ ᠶᠣᠰᠣ᠎ᠶ᠋ᠢ ᠬᠥᠭᠡᠭᠡᠴᠡᠯᠳᠦᠵᠦ᠍᠂ ᠤᠯᠤᠰ᠎ᠢᠶᠠᠨ ᠠᠪᠤᠷᠠᠵᠤ ᠠᠷᠠᠳ ᠲᠦᠮᠡᠨ᠎ᠢᠶᠠᠨ ᠠᠪᠤᠷᠠᠬᠤ ᠵᠠᠮ᠎ᠢ ᠡᠷᠢᠯᠬᠢᠯᠡᠭ᠌ᠰᠡᠨ ᠶᠠᠪᠤᠳᠠᠯ ᠪᠣᠯᠬᠤ ᠪᠥᠭᠡᠳ ᠪᠠᠰᠠ ᠴᠤ᠌ ᠵᠠᠭᠤᠨ ᠵᠢᠯ᠎ᠤᠨ ᠶᠡᠭᠡ ᠨᠠᠮ᠎ᠤᠨ ᠢᠲᠡᠭᠡᠯ ᠪᠢᠱᠢᠷᠡᠯ᠎ᠤᠨ ᠵᠠᠮ ᠮᠥᠨ᠃
ᠱᠢᠭᠤᠳ ᠨᠡᠪᠲᠡᠷᠡᠭᠦᠯᠭᠡ᠎ᠶ᠋ᠢᠨ ᠠᠬᠤᠢ ᠲᠠᠯᠠᠪᠠᠢ᠎ᠳᠤ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠰᠤᠷᠪᠤᠯᠵᠢᠯᠠᠭ᠍ᠴᠢ ᠪᠦᠦ ᠰᠠᠷᠠᠭᠤᠯ ᠮᠠᠨᠵᠤᠤᠷ ᠪᠣᠭᠤᠮᠲᠠ᠎ᠠᠴᠠ ᠢᠷᠡᠭ᠌ᠰᠡᠨ ᠵᠣᠴᠢᠨ ᠬᠥᠲᠥᠯᠥᠭ᠌ᠴᠢ ᠵᠧᠩ ᠭᠤᠸᠠᠩ ᠯᠢᠨ᠎ᠲᠠᠢ ᠴᠤᠬ ᠠᠯᠬᠤᠯᠠᠬᠤ᠎ᠶ᠋ᠢᠨ ᠳᠠᠭᠠᠤ ᠲᠡᠷᠡ ᠬᠦ᠌ ᠭᠠᠢᠬᠠᠮᠱᠢᠭ᠍ᠲᠤ ᠤᠨ ᠰᠠᠷ᠎ᠠ᠎ᠶ᠋ᠢᠨ ᠲᠤᠬᠠᠢ ᠶᠠᠷᠢᠵᠦ᠍ ᠭᠠᠷᠪᠠ᠃
ᠠᠭᠤᠷ᠎ᠤᠨ ᠱᠤᠤᠭᠢᠯ᠎ᠤᠨ ᠬᠦᠷᠴᠢᠭᠢᠨᠡᠬᠦ᠌ᠶ᠋ᠢ ᠳᠠᠭᠠᠯᠳᠤᠨ᠂ ᠪᠠᠷᠠᠭ᠎ᠠ ᠳᠦᠭᠦᠷᠳᠡᠯ᠎ᠡ ᠠᠴᠢᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠤᠯᠤᠰ᠎ᠤᠨ ᠡᠭᠦᠳᠡ᠎ᠠᠴᠠ ᠮᠤᠷᠳᠠᠯ᠎ᠠ᠃ ᠵᠧᠩ ᠭᠤᠸᠠᠩ ᠯᠢᠨ ᠲᠠᠪᠬᠢᠨ ᠥᠩᠭᠡᠷᠡᠬᠦ᠌ ᠭᠠᠯᠲᠤ ᠲᠡᠷᠭᠡ᠎ᠶ᠋ᠢ ᠵᠢᠭᠠᠵᠤ᠂ ᠮᠠᠨᠵᠤᠤᠷ ᠪᠣᠭᠤᠮᠲᠠ ᠡᠭᠦᠷᠭᠡ ᠴᠢᠳᠠᠪᠬᠢ᠎ᠶ᠋ᠢᠨ ᠳᠠᠪᠠᠭᠤᠯᠢᠭ᠎ᠢᠶᠠᠨ ᠭᠦᠶᠴᠡᠳ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》 ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠦᠶᠯᠡᠴᠢᠯᠡᠵᠦ᠍᠂ 《ᠬᠠᠮᠢᠶᠠᠷᠴᠤ᠌ ᠳᠡᠢᠯᠬᠦ᠂ ᠲᠦᠷᠭᠡᠨ ᠨᠡᠪᠲᠡᠷᠡᠬᠦ᠂ ᠡᠷᠴᠢᠮᠳᠡᠢ ᠳᠠᠢᠴᠢᠯᠠᠬᠤ》 ᠪᠠᠷ ᠬᠠᠷᠠᠯᠲᠠ ᠪᠣᠯᠭᠠᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠦ᠌ ᠬᠦᠴᠦᠨ᠎ᠢᠶᠠᠷ᠎ᠢᠶᠠᠨ ᠳᠡᠮᠵᠢᠵᠦ᠍᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠪᠤᠯᠭᠠᠨ ᠴᠣᠭ᠍ᠴᠠᠯᠠᠬᠤ᠎ᠳᠤ ᠬᠦᠴᠦᠨ ᠨᠡᠮᠡᠷᠢᠯᠡᠵᠦ᠍ ᠪᠤᠢ᠃ ᠤᠳᠤ᠂ 《ᠨᠢᠭᠡ ᠪᠦᠰᠡ ᠨᠢᠭᠡ ᠵᠠᠮ》 ᠤᠨ ᠪᠦᠳᠦᠭᠡᠨ ᠪᠠᠢᠭᠤᠯᠤᠯᠲᠠ᠎ᠶ᠋ᠢᠨ ᠵᠠᠮ ᠳᠡᠭᠡᠷ᠎ᠡ᠂ ᠵᠠᠭᠤᠨ ᠵᠢᠯ᠎ᠤᠨ ᠬᠤᠪᠢᠰᠭᠠᠯ᠎ᠤᠨ ᠵᠠᠮ ᠬᠠᠷᠢᠯᠴᠠᠭᠠᠨ᠎ᠤ ᠱᠤᠭᠤᠮ᠎ᠨᠢ ᠳᠦᠷᠢ ᠲᠦᠷᠬᠦ᠌᠎ᠪᠠᠨ ᠬᠤᠪᠢᠷᠠᠭᠤᠯᠵᠤ᠂ ᠤᠳᠤ ᠨᠢᠭᠡᠨᠲᠡ ᠬᠥᠮᠦᠨ᠎ᠤ ᠤᠷᠤᠰᠭᠠᠯ᠂ ᠪᠠᠷᠠᠭᠠᠨ᠎ᠤ ᠭᠦᠢᠯᠭᠡᠭᠡ᠂ ᠮᠡᠳᠡᠭᠡ ᠵᠠᠩᠭᠢ᠎ᠶ᠋ᠢᠨ ᠭᠦᠢᠯᠭᠡᠭᠡ᠎ᠶ᠋ᠢᠨ ᠴᠢᠬᠤᠯᠠ ᠵᠠᠮ ᠪᠣᠯᠤᠭ᠍ᠰᠠᠨ ᠪᠠᠢᠨ᠎ᠠ ᠭᠡᠵᠤ ᠲᠠᠨᠢᠯᠴᠠᠭᠤᠯᠪᠠ᠃
《ᠲᠠᠪᠤᠨ ᠣᠳᠣᠲᠤ ᠤᠯᠠᠭᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ᠂ ᠢᠯᠠᠯᠲᠠ᠎ᠶ᠋ᠢᠨ ᠳᠠᠭᠤᠤ ᠬᠡᠴᠢᠨᠡᠨ ᠬᠠᠩᠭᠢᠨᠠᠮ᠎ᠠ ᠪᠤᠢ᠂ ᠪᠢᠳᠡ ᠡᠯᠢᠭᠡᠨ ᠬᠠᠢᠷ᠎ᠠ᠎ᠳᠦ ᠡᠬᠡ ᠤᠯᠤᠰ᠎ᠢᠶᠠᠨ ᠮᠠᠭ᠍ᠲᠠᠨ ᠳᠠᠭᠤᠯᠠᠨ᠎ᠠ ᠁》 ᠬᠡᠬᠦ᠌ ᠡᠩᠬᠡ ᠲᠠᠢᠪᠤᠩ ᠠᠭᠤᠳᠠᠮ ᠲᠠᠯᠠᠪᠠᠢ᠎ᠳᠤ ᠣᠷᠭᠢᠯᠤᠮ᠎ᠠ ᠰᠡᠳᠭᠢᠯᠭᠡ᠎ᠪᠠᠷ ᠲᠠᠭᠤᠯᠠᠬᠤ᠎ᠨᠢ ᠮᠠᠨᠵᠤᠤᠷ ᠪᠣᠭᠤᠮᠲᠠ᠎ᠶ᠋ᠢᠨ ᠠᠵᠢᠯᠲᠠᠳ᠎ᠤᠨ 《ᠡᠬᠡ ᠤᠯᠤᠰ᠎ᠢᠶᠠᠨ ᠮᠠᠭ᠍ᠲᠠᠨ ᠳᠠᠭᠤᠯᠠᠨ᠎ᠠ》 ᠭᠡᠬᠦ᠌ ᠳᠠᠭᠤᠤ᠎ᠶ᠋ᠢ ᠲᠠᠭᠤᠯᠠᠨ ᠪᠣᠯᠪᠠᠰᠤᠷᠠᠵᠤ ᠪᠠᠢᠭ᠎ᠠ ᠦᠵᠡᠭ᠌ᠳᠡᠯ ᠪᠤᠯᠤᠨ᠎ᠠ᠃ ᠬᠠᠩᠭᠢᠨᠠᠮ᠎ᠠ ᠳᠠᠭᠤᠤ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠨᠢ ᠪᠦᠬᠦ᠌ ᠲᠠᠯᠠᠪᠠᠢ᠎ᠶ᠋ᠢᠨ ᠬᠦᠮᠦᠰ᠎ᠤᠨ ᠰᠡᠳᠭᠢᠯ᠎ᠢ ᠲᠤᠬ᠍ᠳᠤᠯᠤᠭᠤᠯᠤᠨᠠ᠃ ᠭᠤᠷᠪᠠᠨ ᠱᠠᠳᠤᠨ᠎ᠤ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠬᠢᠯᠢ᠎ᠶ᠋ᠢᠨ ᠪᠣᠭᠤᠮᠲᠠ᠎ᠶ᠋ᠢᠨ ᠬᠥᠮᠦᠰ᠎ᠲᠠᠢ ᠬᠠᠮᠲᠤ ᠤᠯᠤᠰ᠎ᠤᠨ ᠡᠭᠦᠳᠡᠨ᠎ᠤ ᠡᠮᠦᠨ᠎ᠡ ᠲᠥᠪ ᠴᠢᠩᠭ᠎ᠠ᠎ᠪᠠᠷ ᠲᠠᠩᠭᠠᠷᠢᠬ᠍ᠯᠠᠵᠤ᠂ ᠡᠭᠦᠷᠢᠳᠡ ᠨᠠᠮ᠎ᠤᠨ ᠠᠴᠢ᠎ᠶ᠋ᠢ ᠬᠠᠷᠢᠭᠤᠯᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠬᠤ ᠰᠡᠳᠭᠢᠯ᠎ᠤᠨ ᠦᠭᠡ᠎ᠪᠠᠨ ᠢᠯᠡᠳᠭᠡᠵᠡᠭᠡᠪᠡ᠃
ᠤᠭ ᠰᠠᠨᠠᠭ᠎ᠠ᠎ᠪᠠᠨ ᠦᠯᠤ ᠮᠡᠷᠳᠡᠵᠤ᠂ ᠪᠢᠳᠡ ᠦᠷᠬᠦᠯᠵᠢᠯᠡᠨ ᠠᠶᠠᠨ᠎ᠳᠠᠭᠠᠨ ᠮᠤᠷᠳᠠᠨᠠᠮ ᠁