6 ᠰᠠᠷ᠎ᠠ᠎ᠶ᠋ᠢᠨ 10 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠬᠡᠷ 2021 ᠤᠨ᠎ᠤ ᠬᠤᠶᠠᠳᠤᠭᠠᠷ ᠤᠯᠠᠷᠢᠯ᠎ᠤᠨ ᠪᠦᠬᠦ᠌ ᠤᠷᠤᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠤᠨ ᠳᠤᠬᠠᠢ ᠳᠤᠰᠭᠠᠢ ᠰᠡᠳᠦᠪᠳᠤ ᠰᠤᠨᠢᠨ ᠮᠡᠳᠡᠭᠡ ᠨᠡᠢᠳᠡᠯᠡᠭᠦ᠌ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠲᠣᠭᠤᠷᠢᠨ᠎ᠳᠤ ᠬᠤᠯᠪᠣᠭ᠍ᠳᠠᠯ ᠪᠦᠬᠦᠢ ᠪᠠᠢᠳᠠᠯ᠎ᠢ ᠲᠠᠨᠢᠯᠴᠠᠭᠤᠯᠤᠭ᠍ᠰᠠᠨ ᠪᠦᠭᠡᠳ ᠨᠡᠢᠭᠡᠮ ᠨᠡᠢᠳᠡ ᠪᠠ ᠵᠠᠭᠤᠴᠢᠯᠠᠭᠤᠷ᠎ᠤᠨ᠎ᠬᠢᠨ᠎ᠤ ᠠᠩᠬᠠᠷᠴᠤ᠌ ᠪᠠᠢᠭ᠎ᠠ ᠠᠰᠠᠭᠤᠳᠠᠯ᠎ᠤᠨ ᠳᠤᠬᠠᠢ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢ᠊ ᠡᠶ᠎ᠡ᠂ ᠵᠠᠰᠠᠭ᠎ᠤᠨ ᠣᠷᠳᠣᠨ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠠᠵᠢᠯ᠎ᠢ ᠳᠡᠭᠡᠳᠦ ᠬᠡᠮᠵᠢ᠊ ᠡᠶ᠎ᠡ᠎ᠪᠠᠷ ᠴᠢᠬᠤᠯᠠᠴᠢᠯᠠᠨ᠂ ᠪᠦᠬᠦ᠌ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠬᠠᠮᠳᠤᠷᠠᠯ ᠬᠦᠴᠦᠨ᠎ᠢ ᠪᠦᠷᠢᠯᠳᠦᠭᠦᠯᠵᠤ᠂ ᠳᠡᠭᠡᠳᠤ ᠳᠣᠣᠷᠠᠳᠤ ᠱᠠᠳᠤ᠎ᠪᠠᠷ᠎ᠢᠶᠠᠨ ᠬᠠᠮᠵᠢᠯᠴᠠᠨ᠂ ᠪᠦᠬᠦ᠌ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤᠷᠢᠳ ᠬᠤᠵᠢᠳ 《ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠴᠢᠨᠠᠭ᠍ᠰᠢᠳᠠ ᠱᠢᠯᠢᠳᠡᠭ᠌ᠵᠢᠭᠦᠯᠬᠦ᠌ ᠲᠤᠬᠠᠶ ᠲᠣᠭ᠍ᠲᠠᠭᠠᠯ》᠂ 《ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠠᠵᠢᠯᠯᠠᠭᠠᠨ᠎ᠤ ᠲᠥᠰᠦᠯ》 ᠵᠡᠷᠭᠡ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠪᠦᠬᠦ᠌ ᠣᠷᠣᠨ᠎ᠤ 12 ᠠᠢᠮᠠᠭ ᠬᠤᠳᠠ ᠴᠥᠮ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠠᠷᠭ᠎ᠠ ᠬᠡᠮᠵᠢ᠊ ᠡᠶ᠎ᠡ᠂ ᠬᠡᠷᠡᠭ᠌ᠵᠢᠭᠦᠯᠬᠦ᠌ ᠲᠥᠰᠦᠯ᠂ ᠠᠵᠢᠯᠯᠠᠭᠠᠨ᠎ᠤ ᠲᠥᠰᠦᠯ ᠪᠤᠶᠤ ᠲᠣᠭ᠍ᠲᠠᠭᠠᠯ ᠵᠡᠷᠭᠡ ᠲᠦᠷᠦ᠎ᠶ᠋ᠢᠨ ᠪᠤᠳᠤᠯᠭ᠎ᠠ ᠪᠢᠴᠢᠭ ᠮᠠᠲ᠋ᠧᠷᠢᠶᠠᠯ᠎ᠢ ᠨᠡᠢᠲᠡᠯᠡᠨ ᠬᠡᠷᠡᠭ᠌ᠵᠢᠬᠦᠯᠵᠤ᠂ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠨᠢᠷᠤᠭᠤ ᠲᠤᠯᠭᠠᠭᠤᠷᠢ᠎ᠶ᠋ᠢ ᠬᠠᠮᠳᠤ᠎ᠪᠠᠷ ᠪᠠᠢᠭᠤᠯᠪᠠ᠃ ᠡᠭᠦᠨ᠎ᠤ ᠬᠠᠮᠳᠤ᠂ ᠮᠠᠨ᠎ᠤ ᠤᠷᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠬᠦᠷᠦᠯᠴᠡᠬᠦ᠌ ᠦᠭᠡᠢ ᠲᠠᠯ᠎ᠠ᠎ᠪᠠᠨ ᠪᠦᠬᠦ᠌ ᠲᠠᠯ᠎ᠠ᠎ᠪᠠᠷ ᠡᠷᠢᠨ ᠭᠠᠷᠭᠠᠵᠦ᠍᠂ ᠱᠢᠯᠭᠠᠨ ᠦᠨᠡᠯᠡᠯᠳᠡ᠎ᠪᠠᠷ ᠦᠭᠡᠷᠡᠴᠢᠯᠡᠯᠳᠡ᠎ᠶ᠋ᠢ ᠠᠬᠢᠭᠤᠯᠤᠨ ᠱᠢᠯᠭᠠᠨ ᠦᠨᠡᠯᠡᠯᠳᠡ᠎ᠪᠠᠷ ᠱᠢᠯᠢᠳᠡᠭ᠎ᠢ ᠠᠬᠢᠭᠤᠯᠬᠤ᠎ᠶ᠋ᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠤᠨ ᠬᠠᠨᠳᠤᠯᠭᠠᠲᠤ ᠴᠢᠨᠠᠷ᠂ ᠦᠷ᠎ᠡ ᠪᠦᠳᠦᠮᠵᠢᠳᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ ᠱᠢᠯᠢᠳᠡᠭ᠌ᠵᠢᠭᠦᠯᠵᠤ ᠪᠤᠢ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号