【 ᠨᠠᠢᠷᠠᠭᠤᠯᠤᠭ᠍ᠴᠢ᠎ᠶ᠋ᠢᠨ ᠦᠭᠡ 】
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠥᠪᠥᠷ ᠮᠣᠩᠭᠤᠯ᠎ᠤᠨ ᠦᠢᠯᠡᠴᠢᠯᠡᠭᠡᠨ᠎ᠤ ᠦᠢᠯᠡᠰ᠎ᠤᠨ ᠲᠠᠰ ᠳᠡᠪᠱᠢᠬᠦ᠌ ᠠᠬᠢᠴᠠ ᠴᠢᠨᠠᠭ᠍ᠰᠢᠳᠠ ᠲᠦᠷᠭᠡᠳᠴᠤ᠌᠂ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠲᠤᠰᠭᠠᠢᠵᠢᠭᠤᠯᠬᠤ ᠪᠠ ᠥᠷᠲᠡᠭ᠎ᠤᠨ ᠬᠡᠯᠬᠢᠶ᠎ᠡ᠎ᠶ᠋ᠢ ᠳᠡᠭᠡᠳᠦ ᠲᠠᠰ ᠲᠡᠢᠰᠢ ᠤᠷᠲᠤᠳᠭᠠᠵᠤ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠲᠠᠰᠤᠷᠠᠯᠲᠠ ᠥᠬᠡᠶ ᠴᠢᠨᠠᠷ ᠰᠠᠢᠳᠠᠢ ᠪᠦᠭᠡᠳ ᠣᠯᠠᠨ ᠶᠠᠩᠵᠤᠵᠢᠯᠳᠠᠶ᠋ᠢᠨ ᠲᠡᠢᠰᠢ ᠲᠠᠰ ᠳᠡᠪᠱᠢᠭᠦᠯᠵᠦ᠍᠂ ᠬᠥᠭ᠌ᠵᠢᠯᠲᠡ᠎ᠶ᠋ᠢᠨ ᠪᠠᠢᠳᠠᠯ ᠬᠠᠨᠳᠤᠰᠢ ᠦᠷᠭᠦᠯᠵᠢᠯᠡᠨ ᠰᠠᠢᠵᠢᠷᠠᠵᠤ᠂ ᠠᠵᠤ ᠦᠢᠯᠡᠰ᠎ᠤᠨ ᠪᠦᠲᠦᠴᠡ ᠲᠠᠰᠤᠷᠠᠯᠲᠠ ᠥᠬᠡᠶ ᠱᠢᠯᠢᠳᠡᠭ᠌ᠵᠢᠵᠤ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠥᠷᠨᠢᠨ ᠬᠥᠭ᠌ᠵᠢᠭ᠌ᠰᠡᠨ ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ ᠢᠯᠡᠷᠡᠪᠡ᠃ ᠠᠮᠵᠢᠯᠲᠠ᠎ᠪᠠᠨ ᠡᠷᠭᠢᠴᠡᠭᠦᠯᠪᠡᠯ᠂ ᠬᠢᠯᠠᠯᠵᠡᠮᠠ ᠦᠷ᠎ᠡ ᠪᠦᠳᠦᠮᠵᠢ᠎ᠨᠢ ᠮᠠᠭ᠍ᠲᠠᠨ ᠰᠠᠢᠱᠢᠶᠠᠭᠤᠱᠢᠲᠠᠶ᠂ ᠡᠲᠡᠭᠡᠷ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠨᠢ ᠥᠪᠡᠷᠲᠡᠭᠡᠨ ᠵᠠᠰᠠᠬᠤ ᠣᠷᠣᠨ᠎ᠤ ᠠᠩᠬᠠᠷᠤᠯ᠎ᠢᠶᠠᠨ ᠲᠦᠪᠯᠡᠷᠡᠬᠦᠯᠤᠨ ᠬᠦᠴᠦ᠎ᠪᠠᠨ ᠬᠠᠮᠳᠤᠳᠭᠠᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠵᠦ᠍᠂ ᠶ᠋ᠢ ᠵᠡᠷᠭᠡ᠎ᠪᠠᠷ ᠠᠬᠢᠭᠤᠯᠤᠭ᠍ᠰᠠᠨ᠎ᠤ ᠦᠷ᠎ᠡ ᠳ᠋ᠦᠩ ᠪᠤᠯᠬᠤ ᠶᠤᠮ᠃

ᠬᠢᠯᠠᠰ ᠴᠡᠭ ᠨᠢᠭᠡ᠄
ᠦᠵᠦ᠍ ᠲᠥᠯᠥᠪᠯᠡᠭᠡ ᠲᠠᠰᠤᠷᠠᠯᠲᠠ ᠥᠬᠡᠶ ᠲᠡᠭᠦᠯᠳᠡᠷᠵᠢᠪᠡ
ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠪᠠ᠃ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠭᠦᠶᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠭᠤᠷᠪᠠᠳᠤᠭᠠᠷ ᠲᠠᠪᠤᠨ ᠵᠢᠯ〉 ᠤᠨ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢ ᠰᠤᠳᠤᠯᠤᠨ ᠨᠡᠢᠲᠡᠯᠡᠵᠦ᠍᠂ ᠮᠠᠨ᠎ᠤ ᠣᠷᠣᠨ᠎ᠤ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ᠂ ᠬᠠᠷᠠᠯᠲᠠ ᠡᠭᠦᠷᠭᠡ ᠪᠠ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠶ᠋ᠢ ᠲᠣᠳᠣᠷᠬᠠᠢᠯᠠᠪᠠ᠃
ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠦᠢᠯᠡᠴᠢᠯᠡᠭᠡᠨ᠎ᠤ ᠦᠢᠯᠡᠰ᠎ᠤᠨ ᠲᠤᠭ᠎ᠠ ᠪᠦᠷᠢᠳᠭᠡᠯ᠎ᠤᠨ ᠬᠠᠮᠲᠤᠷᠠᠭ᠍ᠰᠠᠨ ᠬᠤᠷᠠᠯ᠎ᠤᠨ ᠳᠦᠷᠢᠮ᠎ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠦᠢᠯᠡᠴᠢᠯᠡᠭᠡᠨ᠎ᠤ ᠦᠢᠯᠡᠰ᠎ᠤᠨ ᠲᠤᠭ᠎ᠠ ᠪᠦᠷᠢᠳᠭᠡᠯ᠎ᠤᠨ ᠠᠵᠢᠯ᠎ᠢ ᠴᠢᠩᠭᠠᠳᠭᠠᠨ ᠲᠡᠭᠦᠯᠳᠡᠷᠵᠢᠭᠦᠯᠬᠦ᠌ ᠲᠤᠬᠠᠶ ᠰᠠᠨᠠᠯ》 ᠢ ᠨᠡᠢᠲᠡᠯᠡᠵᠦ᠍᠂ ᠡᠳ᠋ ᠪᠠᠷᠠᠭᠠᠨ᠎ᠤ ᠭᠦᠶᠯᠭᠡᠭᠡ᠂ ᠮᠥᠩᠭᠦᠨ ᠭᠦᠶᠯᠭᠡᠭᠡ᠂ ᠵᠢᠭᠤᠯᠴᠢᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠮᠡᠳᠡᠭᠡ ᠵᠠᠩᠭᠢ᠂ ᠬᠤᠳᠠᠯᠳᠤᠭᠠᠨ᠎ᠤ ᠶᠠᠪᠤᠳᠠᠯ᠂ ᠰᠣᠶᠣᠯ᠂ ᠲᠣᠮᠣ ᠳ᠋ᠠᠢᠲ᠋ᠠ ᠵᠡᠷᠭᠡ ᠰᠠᠯᠠᠭ᠎ᠠ ᠮᠥᠴᠢᠷ᠎ᠤᠨ ᠠᠵᠢᠯ ᠲᠥᠷᠥᠯ᠎ᠤᠨ ᠲᠤᠭ᠎ᠠ ᠪᠦᠷᠢᠳᠭᠡᠯ᠎ᠤᠨ ᠲᠦᠷᠢᠮ᠎ᠢ ᠲᠡᠭᠦᠯᠳᠡᠷᠵᠢᠭᠦᠯᠵᠠᠢ᠃
ᠭᠤᠷᠪᠠᠳᠤᠭᠠᠷ ᠠᠵᠤ ᠦᠢᠯᠡᠰ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠤᠨ ᠶᠡᠷᠦᠩᠬᠡᠢᠯᠡᠨ ᠵᠣᠬᠢᠴᠠᠭᠤᠯᠬᠤ ᠡᠭᠦᠷᠭᠡ ᠴᠢᠳᠠᠪᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ 《ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍ ᠬᠡᠷᠡᠭ᠌ᠯᠡᠭᠡᠨ᠎ᠤ ᠪᠦᠲᠦᠴᠡ᠎ᠶ᠋ᠢᠨ ᠳᠡᠰ ᠳᠡᠪᠱᠢᠬᠦ᠌᠎ᠶ᠋ᠢ ᠠᠬᠢᠭᠤᠯᠬᠤ ᠬᠡᠷᠡᠭ᠌ᠵᠢᠭᠦᠯᠬᠦ᠌ ᠰᠠᠨᠠᠯ》 ᠵᠡᠷᠭᠡ ᠲᠥᠯᠥᠪᠵᠢᠭᠦᠯᠭᠡ ᠪᠠ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ᠎ᠢ ᠵᠣᠬᠢᠶᠠᠨ ᠪᠠᠢᠭᠤᠯᠤᠨ ᠲᠣᠭ᠍ᠲᠠᠭᠠᠵᠤ᠂ 《ᠪᠦᠬᠦ᠌ ᠣᠷᠣᠨ᠎ᠤ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠠᠵᠢᠯ᠎ᠤᠨ ᠭᠤᠣᠯᠳᠠᠯᠭ᠎ᠠ》 ᠶ᠋ᠢ ᠳᠠᠷᠤᠮᠠᠯᠯᠠᠨ ᠲᠠᠷᠬᠠᠭᠠᠵᠤ᠂ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠪᠠ᠃

ᠬᠢᠯᠠᠰ ᠴᠡᠭ ᠬᠤᠶᠠᠷ᠄
ᠶᠠᠰᠤ ᠴᠢᠨᠠᠷ ᠦᠷ᠎ᠡ ᠠᠱᠢᠭ᠎ᠤᠨ ᠲᠠᠰ ᠦᠷᠭᠦᠯᠵᠢᠯᠡᠨ ᠳᠡᠭᠡᠭ᠌ᠰᠢᠯᠡᠪᠠ
5G ᠬᠡᠷᠡᠭ᠌ᠯᠡᠯᠳᠡ᠎ᠶ᠋ᠢ ᠳᠡᠯᠭᠡᠷᠡᠭᠦᠯᠵᠦ᠍᠂ ᠲᠣᠭᠠᠴᠢᠯᠠᠭ᠍ᠰᠠᠨ ᠠᠵᠤ ᠠᠬᠤᠶ᠎ᠨᠢ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌᠎ᠳᠤ ᠬᠦᠴᠦ᠍ ᠨᠡᠮᠡᠷᠢᠯᠡᠵᠤ᠂ 5G ᠳ᠋ᠠᠢᠲ᠋ᠠ᠎ᠶ᠋ᠢᠨ ᠲᠥᠪ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠨᠢᠭᠡ ᠪᠦᠯᠦᠭ ᠤᠶᠤᠨᠲᠤ ᠠᠭᠤᠷᠬᠠᠶ᠂ ᠤᠶᠤᠨᠲᠤ ᠬᠦᠷᠢᠶᠡᠯᠡᠩ ᠲᠣᠭᠤᠷᠢᠭ᠂ ᠤᠶᠤᠨᠲᠤ ᠦᠵᠡᠮᠵᠢ᠎ᠶ᠋ᠢᠨ ᠣᠷᠣᠨ᠂ ᠤᠶᠤᠨᠲᠤ ᠡᠮᠴᠢᠯᠡᠭᠡ᠂ ᠤᠶᠤᠨᠲᠤ ᠵᠠᠮ ᠬᠠᠷᠢᠯᠴᠠᠭ᠎ᠠ ᠵᠡᠷᠭᠡ 5G ᠱᠢᠨ᠎ᠡ ᠰᠠᠭᠤᠷᠢ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠲᠥᠰᠦᠪᠯᠡᠨ ᠪᠠᠢᠭᠤᠯᠵᠤ᠂ ᠨᠢᠭᠡᠨᠲᠡ 1 ᠲᠦᠮᠡ ᠭᠠᠷᠤᠶ 5G ᠰᠠᠭᠤᠷᠢ ᠥᠷᠲᠡᠭᠡ᠎ᠶ᠋ᠢ ᠪᠠᠢᠭᠤᠯᠪᠠ᠃
ᠬᠡᠷᠡᠭ᠌ᠯᠡᠭᠡ᠎ᠶ᠋ᠢᠨ ᠰᠠᠭᠤᠷᠢ ᠦᠢᠯᠡᠳᠦᠯ᠎ᠢ ᠪᠠᠳᠠᠷᠠᠭᠤᠯᠵᠤ᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠯᠧᠺᠲᠷᠣᠨ ᠬᠤᠳᠠᠯᠳᠤᠭᠠᠨ᠎ᠤ ᠵᠢᠱ᠌ᠢᠶ᠎ᠡ ᠦᠵᠡᠭᠦᠯᠬᠦ᠌ ᠰᠠᠭᠤᠷᠢᠨ ᠪᠠ ᠵᠢᠱ᠌ᠢᠶ᠎ᠡ ᠦᠵᠡᠭᠦᠯᠬᠦ᠌ ᠠᠵᠤ ᠠᠬᠤᠢᠯᠠᠯ᠎ᠤᠨ ᠡᠭᠦᠳᠦᠨ ᠪᠠᠢᠭᠤᠯᠬᠤ᠎ᠶ᠋ᠢ ᠠᠬᠢᠭᠤᠯᠵᠤ᠂ ᠬᠤᠲᠠ᠎ᠶ᠋ᠢᠨ ᠰᠥᠨᠢ᠎ᠶ᠋ᠢᠨ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠦᠨ᠂ ᠬᠤᠲᠠ᠎ᠶ᠋ᠢᠨ ᠭᠤᠤᠯᠳᠠᠯᠭ᠎ᠠ᠎ᠲᠠᠢ ᠬᠤᠳᠠᠯᠳᠤᠭᠠᠨ᠎ᠤ ᠲᠣᠭᠤᠷᠢᠭ᠎ᠤᠨ ᠨᠦᠯᠦᠭᠡᠯᠡᠬᠦ᠌ ᠬᠦᠴᠦᠨ᠎ᠢ ᠳᠡᠭᠡᠭ᠌ᠰᠢᠯᠡᠭᠦᠯᠵᠦ᠍᠂ ᠠᠵᠤ ᠦᠢᠯᠡᠰ᠎ᠤᠨ ᠴᠤᠭ᠍ᠯᠠᠷᠠᠯ᠎ᠤᠨ ᠦᠢᠯᠡᠳᠦᠯ᠎ᠢ ᠴᠢᠩᠭᠠᠷᠠᠭᠤᠯᠪᠠ᠃
ᠵᠢᠭᠤᠯᠴᠢᠯᠠᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠳᠡᠯᠡᠬᠡᠶ᠎ᠶ᠋ᠢᠨ ᠨᠡᠷᠡᠲᠦ ᠵᠢᠭᠤᠯᠴᠢᠯᠠᠯ᠎ᠤᠨ ᠬᠠᠷᠠᠯᠳᠠᠳᠤ ᠤᠷᠤᠨ᠎ᠢ ᠪᠦᠲᠦᠭᠡᠨ ᠪᠠᠢᠭᠤᠯᠪᠠ᠃ ᠮᠥᠰᠥ᠍ ᠴᠠᠰᠤᠨ᠎ᠤ ᠵᠢᠭᠤᠯᠴᠢᠯᠠᠯ᠂ ᠠᠵᠤ ᠦᠢᠯᠡᠳᠪᠦᠷᠢ᠎ᠶ᠋ᠢᠨ ᠵᠢᠭᠤᠯᠴᠢᠯᠠᠯ᠂ ᠣᠨᠴᠠᠯᠢᠭ᠍ᠲᠤ ᠵᠢᠵᠢᠭ ᠪᠠᠯᠭᠠᠰᠤ᠂ ᠵᠢᠭᠤᠯᠴᠢᠯᠠᠯ ᠠᠮᠠᠷᠠᠯᠲᠠ᠎ᠶ᠋ᠢᠨ ᠣᠷᠣᠨ ᠵᠡᠷᠭᠡ ᠦᠵᠡᠮᠵᠢ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠪᠡ᠃

ᠬᠢᠯᠠᠰ ᠴᠡᠭ ᠭᠤᠷᠪᠠ᠄
ᠲᠥᠷᠥᠯ ᠵᠦᠢᠯ᠎ᠢᠶᠠᠷ ᠳᠠᠢᠴᠢᠯᠠᠨ ᠰᠠᠭᠤᠷᠢ᠎ᠶ᠋ᠢ ᠪᠠᠬᠢᠵᠢᠭᠦᠯᠪᠡ
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡ᠂ ᠣᠲᠣ ᠦᠶ᠎ᠡ᠎ᠶ᠋ᠢᠨ ᠡᠳ᠋ ᠪᠠᠷᠠᠭᠠᠨ᠎ᠤ ᠭᠦᠶᠯᠭᠡᠭᠡ᠂ ᠰᠣᠶᠣᠯ ᠵᠢᠭᠤᠯᠴᠢᠯᠠᠯ᠂ ᠣᠲᠣ ᠦᠶ᠎ᠡ᠎ᠶ᠋ᠢᠨ ᠬᠤᠳᠠᠯᠳᠤᠭᠠᠨ᠎ᠤ ᠶᠠᠪᠤᠳᠠᠯ᠂ ᠪᠡᠶ᠎ᠡ᠎ᠶ᠋ᠢᠨ ᠲᠠᠮᠢᠷ ᠰᠡᠯᠡᠭᠦᠴᠡᠯ ᠵᠡᠷᠭᠡ ᠭᠤᠤᠯᠳᠠᠯᠭ᠎ᠠ᠎ᠲᠠᠢ ᠬᠥᠭ᠌ᠵᠢᠭᠦᠯᠬᠦ᠌ ᠦᠢᠯᠡᠴᠢᠯᠡᠭᠡᠨ᠎ᠤ ᠦᠢᠯᠡᠰ᠎ᠤᠨ ᠠᠵᠤ ᠦᠢᠯᠡᠰ᠎ᠤᠨ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠦ᠌ ᠣᠷᠣᠨ᠎ᠳᠤ ᠵᠢᠯ ᠪᠦᠷᠢ 450 ᠭᠠᠷᠤᠶ ᠴᠢᠬᠤᠯᠠ ᠶᠡᠭᠡ ᠲᠥᠷᠥᠯ ᠵᠦᠢᠯ᠎ᠢ ᠲᠥᠪᠯᠡᠷᠡᠭᠦᠯᠦᠨ ᠠᠬᠢᠭᠤᠯᠵᠤ᠂ ᠵᠢᠯ ᠪᠦᠷᠢ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢᠬᠢ ᠦᠢᠯᠡᠴᠢᠯᠡᠭᠡᠨ᠎ᠤ ᠦᠢᠯᠡᠰ᠎ᠤᠨ ᠭᠤᠤᠯᠳᠠᠯᠭ᠎ᠠ᠎ᠲᠠᠢ ᠲᠥᠷᠥᠯ ᠵᠦᠢᠯ᠎ᠤᠨ ᠪᠠᠯᠠ ᠣᠷᠣᠭᠤᠯᠤᠯᠲᠠ᠎ᠶ᠋ᠢᠨ ᠲᠥᠯᠥᠪᠯᠡᠭᠡ᠎ᠶ᠋ᠢᠨ ᠨᠠᠷᠢᠨ ᠲᠠᠩᠰᠠ᠎ᠶ᠋ᠢ ᠰᠣᠩᠭᠤᠨ ᠨᠠᠢᠷᠠᠭᠤᠯᠵᠤ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ ᠪᠥᠬᠦ᠌ ᠣᠷᠣᠨ᠎ᠳᠤ 2000 ᠱᠢᠬᠠᠮ ᠴᠢᠬᠤᠯᠠ ᠶᠡᠭᠡ ᠲᠥᠷᠥᠯ ᠵᠦᠢᠯ᠎ᠢ ᠦᠷᠭᠦᠯᠵᠢᠯᠡᠨ ᠬᠡᠷᠡᠭ᠌ᠵᠢᠭᠦᠯᠵᠤ᠂ ᠲᠥᠷᠥᠯ ᠵᠦᠢᠯ᠎ᠢ ᠦᠷᠭᠦᠯᠵᠢᠯᠡᠨ ᠠᠬᠢᠭᠤᠯᠬᠤ ᠠᠵᠢᠯ᠎ᠤᠨ ᠲᠣᠭ᠍ᠲᠠᠴᠠ᠎ᠶ᠋ᠢ ᠪᠦᠷᠢᠯᠳᠦᠭᠦᠯᠪᠡ᠃
ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠤᠨ ᠲᠦᠪᠯᠡᠷᠡᠭ᠌ᠰᠡᠨ ᠤᠷᠤᠨ᠎ᠤ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠣᠳᠣ ᠦᠶ᠎ᠡ᠎ᠶ᠋ᠢᠨ ᠡᠳ᠋ ᠪᠠᠷᠠᠭᠠᠨ᠎ᠤ ᠭᠦᠢᠯᠭᠡᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠠᠳᠠᠯ ᠦᠢᠯᠡᠰ ᠴᠣᠭ᠍ᠴᠠᠯᠠᠬᠤ᠂ ᠰᠣᠶᠣᠯ᠎ᠤᠨ ᠪᠦᠲᠦᠭᠡᠯᠴᠢ ᠰᠡᠳᠭᠢᠮᠵᠢ᠂ ᠵᠢᠭᠤᠯᠴᠢᠯᠠᠯ ᠰᠡᠯᠡᠭᠦᠴᠡᠯ᠂ ᠬᠤᠳᠠᠯᠳᠤᠭ᠎ᠠ ᠠᠷᠠᠯᠵᠢᠶᠠᠨ᠎ᠤ ᠦᠢᠯᠡᠴᠢᠯᠡᠭᠡ᠂ ᠲᠥᠪ᠎ᠤᠨ ᠬᠤᠳᠠᠯᠳᠤᠭᠠᠨ᠎ᠤ ᠶᠠᠪᠤᠳᠠᠯ ᠵᠡᠷᠭᠡ ᠵᠢᠷᠭᠤᠭᠠᠨ ᠵᠦᠢᠯ᠎ᠤᠨ ᠬᠡᠯᠪᠡᠷᠢ᠎ᠶ᠋ᠢᠨ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠲᠦᠪᠯᠡᠷᠡᠭ᠌ᠰᠡᠨ ᠵᠢᠱ᠌ᠢᠶ᠎ᠡ ᠦᠵᠡᠭᠦᠯᠬᠦ᠌ ᠣᠷᠣᠨ᠎ᠢ ᠭᠤᠣᠯᠳᠠᠯᠭ᠎ᠠ᠎ᠲᠠᠢ ᠳᠡᠮᠵᠢᠵᠦ᠍᠂ ᠨᠡᠢᠲᠡ 101 ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠲᠥᠪᠯᠡᠷᠡᠭ᠌ᠰᠡᠨ ᠣᠷᠣᠨ᠎ᠢ ᠮᠠᠭᠠᠳᠯᠠᠨ ᠲᠤᠭ᠍ᠳᠠᠭᠠᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠢᠯᠡᠴᠢᠯᠡᠭᠡᠨ᠎ᠤ ᠦᠢᠯᠡᠰ ᠲᠦᠪᠯᠡᠷᠡᠭ᠌ᠰᠡᠨ ᠤᠷᠤᠨ᠎ᠳᠤ ᠨᠤᠳᠤᠭ᠍ᠰᠢᠬ᠍ᠰᠠᠨ ᠠᠵᠤ ᠠᠬᠤᠢᠯᠠᠯ 25796 ᠪᠠᠢᠵᠤ᠂ 29.79 ᠲᠦᠮᠡᠨ ᠬᠥᠮᠦᠨ᠎ᠳᠤ ᠠᠵᠢᠯ ᠣᠯᠭᠤᠪᠠ᠃

ᠬᠢᠯᠠᠰ ᠴᠡᠭ ᠳᠥᠷᠪᠡ᠄
ᠱᠢᠨ᠎ᠡ᠎ᠶ᠋ᠢ ᠡᠭᠦᠳᠴᠦ᠍ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠴᠢᠩᠭᠠᠷᠠᠭᠤᠯᠪᠠ
ᠤᠯᠤᠰ᠎ᠤᠨ 《ᠠᠷᠪᠠᠨ ᠭᠤᠷᠪᠠᠳᠤᠭᠠᠷ ᠲᠠᠪᠤᠨ ᠵᠢᠯ》 ᠶ᠋ᠢᠨ ᠦᠢᠯᠡᠴᠢᠯᠡᠭᠡᠨ᠎ᠤ ᠦᠢᠯᠡᠰ᠎ᠤᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠨᠢᠭᠡ ᠪᠦᠯᠦᠭ ᠭᠤᠣᠯᠳᠠᠯᠭ᠎ᠠ᠎ᠲᠠᠢ ᠲᠥᠷᠥᠯ ᠵᠦᠢᠯ᠎ᠢ ᠪᠠᠢᠭᠤᠯᠤᠨ᠂ ᠲᠤᠬᠢᠷᠠᠭᠤᠯᠤᠨ ᠲᠣᠭ᠍ᠲᠠᠭᠠᠭ᠍ᠰᠠᠨ 13 ᠵᠦᠢᠯ᠎ᠤᠨ ᠠᠵᠤ ᠠᠬᠤᠶ᠎ᠶ᠋ᠢᠨ ᠭᠦᠢᠴᠡᠳᠭᠡᠯ ᠲᠤᠭ᠎ᠠ᠎ᠶ᠋ᠢᠨ 7 ᠵᠦᠢᠯ᠎ᠢ ᠤᠷᠢᠳᠴᠢᠯᠠᠨ ᠪᠡᠶᠡᠯᠡᠭᠦᠯᠵᠦ᠍᠂ 6 ᠵᠦᠢᠯ᠎ᠢ ᠦᠨᠳᠦᠰᠦᠨ᠎ᠳᠡᠭᠡᠨ ᠪᠡᠶᠡᠯᠡᠭᠦᠯᠦᠨ᠂ ᠦᠢᠯᠡᠴᠢᠯᠡᠭᠡᠨ᠎ᠤ ᠦᠢᠯᠡᠰ᠎ᠤᠨ ᠣᠷᠣᠨ ᠨᠤᠲᠤᠭ᠎ᠤᠨ ᠠᠵᠤ ᠠᠬᠤᠶ᠎ᠶ᠋ᠢᠨ ᠨᠡᠮᠡᠭ᠌ᠳᠡᠯ᠎ᠳᠤ ᠦᠵᠡᠭᠦᠯᠦᠭ᠌ᠰᠡᠨ ᠬᠤᠪᠢ ᠨᠡᠮᠡᠷᠢ᠎ᠶ᠋ᠢᠨ ᠨᠣᠷᠮ᠎ᠠ 61 % ᠶ᠋ᠢ ᠳᠠᠪᠠᠵᠤ᠂ ᠦᠢᠯᠡᠴᠢᠯᠡᠭᠡᠨ᠎ᠤ ᠦᠢᠯᠡᠰ᠎ᠤᠨ ᠭᠠᠢᠯᠢ ᠲᠠᠲᠠᠪᠤᠷᠢ᠎ᠶ᠋ᠢᠨ ᠨᠡᠮᠡᠭ᠌ᠳᠡᠯ᠎ᠤᠨ ᠬᠡᠮᠵᠢᠶ᠎ᠡ 30.7 % ᠳᠤ ᠬᠦᠷᠪᠡ᠃
ᠲᠡᠷᠢᠭᠦᠨ᠎ᠤ ᠦᠢᠯᠡᠳᠬᠦ᠌ ᠦᠢᠯᠡᠰ ᠬᠢᠭᠡᠳ ᠣᠲᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠠᠭᠤᠰᠣᠯᠴᠠᠭᠤᠯᠥᠨ ᠬᠥᠭ᠌ᠵᠢᠭᠦᠯᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠢ ᠭᠦᠨᠵᠡᠭᠡᠶ ᠠᠬᠢᠭᠤᠯᠵᠤ᠂ ᠤᠯᠤᠰ᠎ᠠᠴᠠ ᠪᠤᠭᠤᠲᠤ᠎ᠶ᠋ᠢᠨ ᠪᠣᠯᠣᠳ ᠲᠡᠮᠦᠷ᠎ᠤᠨ ᠺᠣᠮᠫᠠᠨᠢ᠎ᠶ᠋ᠢ ᠱᠢᠨ᠎ᠡ ᠨᠢᠭᠡᠨ ᠡᠭᠡᠯᠵᠢ᠎ᠶ᠋ᠢᠨ 《ᠬᠤᠶᠠᠷ ᠦᠢᠯᠡᠰ᠎ᠢ ᠠᠭᠤᠰᠣᠯᠴᠠᠭᠤᠯᠥᠨ ᠬᠥᠭ᠌ᠵᠢᠭᠦᠯᠬᠦ᠌》 ᠲᠦᠷᠦᠬᠦᠤ ᠪᠦᠯᠦᠭ 40 ᠲᠤᠷᠱᠢᠯᠲᠠ᠎ᠶ᠋ᠢᠨ ᠴᠡᠭ᠎ᠤᠨ ᠠᠵᠤ ᠠᠬᠤᠢᠯᠠᠯ᠎ᠳᠤ ᠣᠷᠣᠭᠤᠯᠬᠤ᠎ᠶ᠋ᠢ ᠬᠢᠨᠠᠨ ᠵᠦᠪᠱᠢᠶᠡᠷᠡᠬᠦᠯᠬᠦ᠌ᠪᠠᠷ ᠴᠢᠷᠮᠠᠢᠨ᠂ ᠠᠭᠤᠰᠣᠯᠴᠠᠭᠤᠯᠥᠨ ᠬᠥᠭ᠌ᠵᠢᠭᠦᠯᠬᠦ᠌ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠢ ᠪᠣᠶ ᠪᠤᠯᠭᠠᠵᠤ᠂ ᠠᠵᠤ ᠦᠢᠯᠡᠰ᠎ᠢ ᠦᠢᠯᠡᠳᠪᠦᠷᠢᠯᠡᠵᠦ᠍ ᠦᠢᠯᠡᠳᠬᠦ᠌ ᠬᠡᠯᠪᠡᠷᠢ᠎ᠠᠴᠠ ᠦᠢᠯᠡᠳᠪᠦᠷᠢᠯᠡᠵᠦ᠍ ᠦᠢᠯᠡᠴᠢᠯᠡᠬᠦ᠌ ᠬᠡᠯᠪᠡᠷᠢ ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃
ᠡᠯ᠎ᠡ ᠠᠢᠮᠠᠭ ᠬᠤᠲᠠ ᠠᠵᠤ ᠦᠢᠯᠡᠰ᠎ᠤᠨ ᠣᠨᠴᠠᠯᠢᠭ᠎ᠢᠶᠠᠨ ᠦᠨᠳᠦᠰᠦᠯᠡᠨ᠂ ᠭᠤᠣᠯᠳᠠᠯᠭ᠎ᠠ᠎ᠲᠠᠢ ᠲᠥᠷᠥᠯ ᠵᠦᠢᠯ᠎ᠢ ᠰᠣᠩᠭᠤᠨ ᠲᠣᠭ᠍ᠲᠠᠭᠠᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠥᠪᠡᠷᠲᠡᠭᠡᠨ ᠵᠠᠰᠠᠬᠤ ᠣᠷᠣᠨ᠎ᠠᠴᠠ ᠪᠡᠯᠡ ᠮᠥᠩᠭᠦ᠎ᠶ᠋ᠢ ᠬᠡᠰᠡᠭ ᠬᠤᠪᠢᠶᠠᠨ ᠳᠡᠮᠵᠢᠵᠦ᠍᠂ ᠪᠦᠬᠦ᠌ ᠣᠷᠣᠨ᠎ᠤ ᠦᠢᠯᠡᠴᠢᠯᠡᠭᠡᠨ᠎ᠤ ᠦᠢᠯᠡᠰ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠳᠤ ᠲᠤᠷᠱᠢᠯᠭ᠎ᠠ ᠬᠤᠷᠠᠮᠳᠤᠭᠤᠯᠤᠨ ᠵᠢᠱ᠌ᠢᠶ᠎ᠡ ᠦᠵᠡᠭᠦᠯᠪᠡ᠃

ᠬᠤᠯᠪᠤᠭᠠᠰᠤ
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠬᠦᠯᠬᠡ᠎ᠶ᠋ᠢᠨ ᠬᠤᠭᠤᠴᠠᠭᠠᠨ᠎ᠳᠤ ᠥᠪᠥᠷ ᠮᠣᠩᠭᠤᠯ ᠦᠢᠯᠡᠴᠢᠯᠡᠭᠡᠨ᠎ᠤ ᠦᠢᠯᠡᠰ᠎ᠤᠨ ᠲᠤᠯᠭᠠᠭᠤᠷᠢ ᠠᠵᠤ ᠦᠢᠯᠡᠰ᠎ᠢ ᠢᠡᠭ᠌ᠬᠢᠵᠤ ᠪᠤᠢᠵᠢᠭᠤᠯᠤᠨ᠎ᠠ
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠬᠦᠯᠬᠡ᠎ᠶ᠋ᠢᠨ ᠬᠤᠭᠤᠴᠠᠭᠠᠨ᠎ᠳᠤ᠂ ᠮᠠᠨ᠎ᠤ ᠣᠷᠣᠨ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢ ᠬᠡᠷᠬᠢᠨ ᠠᠬᠢᠭᠤᠯᠬᠤ ᠪᠣᠶ? ᠬᠥᠭ᠌ᠵᠢᠯᠲᠡ᠎ᠶ᠋ᠢᠨ ᠬᠠᠷᠠᠯᠲᠠ ᠶᠠᠭᠤ ᠶᠠᠭᠤ ᠪᠠᠢᠬᠤ ᠪᠤᠢ? 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠳᠤ᠂ ᠦᠢᠯᠡᠴᠢᠯᠡᠭᠡᠨ᠎ᠤ ᠮᠡᠷᠭᠡᠵᠢᠯ᠂ ᠤᠢ᠍ᠢᠯᠠᠭᠠᠭ᠍ᠳᠠᠬᠤᠨ᠂ ᠡᠵᠡᠩᠨᠡᠯᠲᠡ᠎ᠶ᠋ᠢᠨ ᠬᠡᠯᠪᠡᠷᠢ ᠪᠠ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠲᠤᠰᠭᠠᠢᠵᠢᠭᠤᠯᠬᠤ ᠪᠠ ᠥᠷᠲᠡᠭ᠎ᠤᠨ ᠬᠡᠯᠬᠢᠶ᠎ᠡ᠎ᠶ᠋ᠢ ᠳᠡᠭᠡᠳᠦ ᠲᠠᠰ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠴᠢᠨᠠᠷ ᠰᠠᠢᠲᠠᠶ ᠪᠠ ᠣᠯᠠᠨ ᠶᠠᠩᠵᠤᠵᠢᠯᠲᠠ ᠲᠡᠢᠰᠢ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠴᠢᠳᠠᠪᠤᠷᠢ ᠲᠠᠰ ᠪᠠ ᠪᠣᠬᠢᠷᠲᠤᠯ ᠥᠬᠡᠶ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ ᠭᠡᠵᠦ᠍ ᠳᠤᠷᠠᠳᠴᠠᠶ᠃
◎ ᠦᠢᠯᠡᠳᠪᠦᠷᠢᠯᠡᠯ᠎ᠤᠨ ᠴᠢᠨᠠᠷᠲᠠᠢ ᠦᠢᠯᠡᠴᠢᠯᠡᠭᠡᠨ᠎ᠤ ᠦᠢᠯᠡᠰ᠎ᠢ ᠲᠦᠷᠭᠡᠳᠭᠡᠨ ᠬᠥᠭ᠌ᠵᠢᠭᠦᠯᠦᠨ᠎ᠡ
ᠮᠥᠩᠭᠦᠨ ᠭᠦᠢᠯᠭᠡᠭᠡᠨ᠎ᠤ ᠦᠢᠯᠡᠰ᠎ᠢ ᠬᠥᠭ᠌ᠵᠢᠭᠦᠯᠬᠦ᠌ ᠲᠠᠯ᠎ᠠ᠎ᠪᠠᠷ᠂ ᠮᠥᠩᠭᠦᠨ ᠭᠦᠢᠯᠭᠡᠭᠡᠨ᠎ᠤ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ᠎ᠪᠠᠷ ᠬᠥᠭ᠌ᠵᠢᠭᠦᠯᠬᠦ᠌᠎ᠳᠤ ᠪᠦᠲᠦᠮᠵᠢᠲᠡᠢ ᠦᠢᠯᠡᠴᠢᠯᠡᠬᠦ᠌ ᠪᠠᠢᠭᠤᠯᠤᠮᠵᠢ ᠲᠣᠭ᠍ᠲᠠᠴᠠ᠎ᠶ᠋ᠢ ᠲᠦᠷᠭᠡᠳᠭᠡᠨ ᠪᠠᠢᠭᠤᠯᠵᠤ᠂ ᠳᠡᠭᠡᠳᠦ ᠬᠡᠮᠵᠢᠶᠡᠨ᠎ᠤ ᠵᠣᠬᠢᠴᠠᠬᠤ ᠴᠢᠨᠠᠷᠲᠠᠢ᠂ ᠦᠷᠢᠰᠦᠯᠳᠦᠬᠦ᠌ ᠬᠦᠴᠦᠨ᠎ᠲᠠᠢ ᠪᠦᠭᠡᠳ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠣᠷᠣᠨ ᠪᠦᠰᠡ᠎ᠶ᠋ᠢᠨ ᠤᠳᠤ ᠦᠶ᠎ᠡ᠎ᠶ᠋ᠢᠨ ᠮᠥᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠱᠢᠰᠲ᠋ᠧᠮ᠎ᠢ ᠪᠦᠷᠢᠯᠳᠦᠭᠦᠯᠦᠨ᠎ᠡ᠃ ᠤᠯᠠᠨ ᠲᠡᠰ ᠳᠠᠪᠬᠤᠷᠭ᠎ᠠ᠂ ᠲᠤᠰᠭᠠᠢᠵᠢᠭ᠍ᠰᠠᠨ ᠲᠠᠯ᠎ᠠ ᠨᠤᠲᠤᠭ᠎ᠤᠨ ᠮᠥᠩᠭᠦᠨ ᠭᠦᠢᠯᠭᠡᠭᠡ᠎ᠶ᠋ᠢ ᠬᠥᠭ᠌ᠵᠢᠭᠦᠯᠵᠦ᠍᠂ ᠬᠡᠯᠪᠡᠷᠢ᠎ᠪᠠᠨ ᠬᠤᠪᠢᠷᠠᠭᠤᠯᠬᠤ ᠴᠢᠭ᠌ᠯᠡᠯ᠎ᠳᠤ ᠨᠡᠢᠴᠡᠭ᠌ᠰᠡᠨ ᠤᠳᠤ ᠦᠶ᠎ᠡ᠎ᠶ᠋ᠢᠨ ᠡᠨᠧᠷᠭᠢ᠎ᠶ᠋ᠢᠨ ᠮᠥᠩᠭᠦᠨ ᠭᠦᠢᠯᠭᠡᠭᠡ᠎ᠶ᠋ᠢ ᠪᠠᠢᠭᠤᠯᠵᠤ᠂ ᠠᠮᠢ ᠠᠬᠤᠢ᠎ᠶ᠋ᠢᠨ ᠲᠠᠯ᠎ᠠ᠎ᠪᠠᠷ ᠨᠥᠬᠦᠷᠰᠡᠭ ᠪᠠᠢᠬᠤ ᠪᠣᠬᠢᠷᠲᠤᠯ ᠦᠭᠡᠢ ᠮᠥᠩᠭᠦᠨ ᠭᠦᠢᠯᠭᠡᠭᠡ᠎ᠶ᠋ᠢ ᠬᠥᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠪᠠ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠭᠦᠯᠦᠭ᠌ᠰᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠦᠨ ᠭᠦᠢᠯᠭᠡᠭᠡ᠎ᠶ᠋ᠢ ᠠᠬᠢᠭᠤᠯᠬᠤ᠎ᠶ᠋ᠢ ᠵᠤᠷᠢᠭ᠍ᠵᠢᠭᠤᠯᠵᠤ᠂ ᠥᠷᠭᠡᠨ ᠪᠦᠷᠬᠦᠴᠡ᠎ᠲᠠᠢ᠂ ᠦᠷᠭᠦᠯᠵᠢᠯᠡᠬᠦ᠌ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡ᠎ᠶ᠋ᠢ ᠥᠷᠭᠡᠳᠭᠡᠵᠦ᠍᠂ ᠥᠨᠳᠥᠷ ᠲᠦᠪᠱᠢᠨ ᠪᠦ᠍ᠬᠦᠢ ᠤᠮᠠᠷᠠᠰᠢ ᠨᠡᠭᠡᠭᠡᠯᠳᠠ ᠬᠢᠬᠦ᠌᠎ᠶ᠋ᠢ ᠲᠤᠯᠭᠠᠭᠤᠷᠢᠯᠠᠬᠤ ᠨᠡᠭᠡᠭᠡᠯᠲᠡᠲᠦ ᠮᠥᠩᠭᠦᠨ ᠭᠦᠢᠯᠭᠡᠭᠡ᠎ᠶ᠋ᠢ ᠪᠠᠢᠭᠤᠯᠤᠨ᠎ᠠ᠃
ᠣᠳᠣ ᠦᠶ᠎ᠡ᠎ᠶ᠋ᠢᠨ ᠡᠳ᠋ ᠪᠠᠷᠠᠭᠠᠨ᠎ᠤ ᠭᠦᠶᠯᠭᠡᠭᠡᠨ᠎ᠤ ᠦᠢᠯᠡᠰ᠎ᠢ ᠬᠥᠭ᠌ᠵᠢᠭᠦᠯᠬᠦ᠌ ᠲᠠᠯ᠎ᠠ᠎ᠪᠠᠷ᠂ ᠣᠳᠣ ᠦᠶ᠎ᠡ᠎ᠶ᠋ᠢᠨ ᠡᠳ᠋ ᠪᠠᠷᠠᠭᠠᠨ᠎ᠤ ᠭᠦᠶᠯᠭᠡᠭᠡᠨ᠎ᠤ ᠦᠢᠯᠡᠰ᠎ᠤᠨ ᠪᠠᠢᠷᠢᠱᠢᠭᠤᠯᠤᠯ᠎ᠢ ᠱᠢᠯᠢᠳᠡᠭ᠌ᠵᠢᠭᠦᠯᠵᠦ᠍᠂ 《ᠨᠡᠪᠲᠡᠷᠡᠬᠦ᠌ ᠵᠠᠮ + ᠬᠦᠢᠰᠤ + ᠲᠤᠤᠷ ᠰᠦᠯᠵᠢᠶ᠎ᠡ》 ᠶ᠋ᠢᠨ ᠣᠳᠣ ᠦᠶ᠎ᠡ᠎ᠶ᠋ᠢᠨ ᠡᠳ᠋ ᠪᠠᠷᠠᠭᠠᠨ᠎ᠤ ᠭᠦᠶᠯᠭᠡᠭᠡᠨ᠎ᠤ ᠠᠵᠢᠯᠯᠠᠭᠠᠨ᠎ᠤ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠠᠮᠤᠷ ᠲᠦᠪᠱᠢᠨ ᠪᠥᠭᠡᠳ ᠨᠠᠢᠳᠠᠪᠤᠷᠢᠲᠠᠶ ᠣᠳᠣ ᠦᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ᠎ᠢ ᠪᠠᠢᠭᠤᠯᠤᠨ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ ᠣᠳᠣ ᠦᠶ᠎ᠡ᠎ᠶ᠋ᠢᠨ ᠡᠳ᠋ ᠪᠠᠷᠠᠭᠠᠨ᠎ᠤ ᠭᠦᠢᠯᠭᠡᠭᠡᠨ᠎ᠤ ᠦᠢᠯᠡᠴᠢᠯᠡᠭᠡᠨ᠎ᠤ ᠱᠢᠰᠲ᠋ᠧᠮ᠎ᠢ ᠬᠦ᠍ᠭ᠌ᠵᠢᠭᠦᠯᠦᠨᠡ᠃ ᠬᠥᠬᠡᠬᠤᠲᠠ᠂ ᠪᠤᠭᠤᠳᠤ᠂ ᠤᠯᠠᠭᠠᠨᠬᠠᠳᠠ᠂ ᠤᠷᠳᠤᠰ ᠵᠡᠷᠭᠡ ᠭᠠᠵᠠᠷ᠎ᠤᠨ ᠤᠯᠤᠰ᠎ᠤᠨ ᠡᠳ᠋ ᠪᠠᠷᠠᠭᠠᠨ᠎ᠤ ᠬᠦᠢᠯᠭᠡᠭᠡᠨ᠎ᠤ ᠬᠦᠢᠰᠦ᠎ᠶ᠋ᠢ ᠡᠬᠦᠳᠦᠨ ᠪᠠᠢᠭᠤᠯᠬᠤ᠎ᠶ᠋ᠢ ᠴᠢᠷᠮᠠᠢᠨ ᠳᠡᠮᠵᠢᠵᠤ᠂ ᠤᠯᠠᠭᠠᠨᠴᠠᠪ — ᠡᠷᠢᠶᠡᠨ ᠬᠤᠳᠠ᠎ᠶ᠋ᠢᠨ ᠡᠭᠡ ᠬᠠᠭᠤᠷᠠᠢ᠎ᠶ᠋ᠢᠨ ᠭᠠᠷᠠᠮ᠎ᠤᠨ ᠬᠡᠯᠪᠡᠷᠢ᠂ ᠮᠠᠨᠵᠤᠤᠷ᠎ᠤᠨ ᠡᠭᠡ ᠬᠠᠭᠤᠷᠠᠢ ᠳᠡᠭᠡᠷᠡᠬᠢ ᠬᠢᠯᠢ ᠬᠢᠵᠠᠭᠠᠷ᠎ᠤᠨ ᠬᠢᠯᠢ᠎ᠶ᠋ᠢᠨ ᠪᠤᠭᠤᠮᠳᠠ᠎ᠶ᠋ᠢᠨ ᠬᠡᠯᠪᠡᠷᠢ᠎ᠶ᠋ᠢᠨ ᠤᠯᠤᠰ᠎ᠤᠨ ᠡᠳ᠋ ᠪᠠᠷᠠᠭᠠᠨ᠎ᠤ ᠬᠦᠢᠯᠭᠡᠭᠡᠨ᠎ᠤ ᠬᠦᠢᠰᠦ᠎ᠶ᠋ᠢᠨ ᠪᠦᠳᠦᠭᠡᠨ ᠪᠠᠢᠭᠤᠯᠤᠯᠳᠠ᠎ᠶ᠋ᠢᠨ ᠢᠨᠵᠧᠨᠧᠷᠢᠩ᠎ᠢ ᠬᠡᠷᠡᠭ᠌ᠵᠢᠬᠦᠯᠦᠨ᠎ᠡ᠃ ᠤᠯᠠᠭᠠᠨᠴᠠᠪ᠂ ᠤᠯᠠᠭᠠᠨᠬᠠᠳᠠ᠂ ᠲᠦᠩᠯᠢᠶᠣᠤ ᠵᠡᠷᠭᠡ ᠤᠷᠤᠨ ᠪᠦᠰᠡ᠎ᠶ᠋ᠢᠨ ᠴᠢᠨᠠᠷᠳᠠᠢ ᠡᠳ᠋ ᠪᠠᠷᠠᠭᠠᠨ᠎ᠤ ᠭᠦᠶᠯᠭᠡᠭᠡᠨ᠎ᠤ ᠬᠦᠶᠰᠦ᠎ᠶ᠋ᠢᠨ ᠪᠠᠢᠷᠢ ᠰᠠᠭᠤᠷᠢ᠎ᠶ᠋ᠢ ᠳᠡᠭᠡᠭ᠌ᠰᠢᠯᠡᠭᠦᠯᠦᠨ᠎ᠡ᠃ ᠪᠥᠬᠦ᠌ ᠲᠠᠯ᠎ᠠ᠎ᠪᠠᠷ ᠨᠡᠪᠲᠡᠷᠡᠭ᠌ᠰᠡᠨ᠂ ᠬᠤᠲᠠ ᠬᠥᠳᠡᠭᠡ᠎ᠶ᠋ᠢ ᠲᠦᠭᠡᠮᠡᠯ ᠬᠠᠷᠠᠭᠠᠯᠵᠠᠬᠤ ᠱᠢᠤᠳᠠᠨ᠎ᠤ ᠲᠦᠷᠭᠡᠨ ᠳᠠᠮᠵᠢᠭᠤᠯᠭ᠎ᠠ᠎ᠶ᠋ᠢᠨ ᠲᠤᠤᠷ ᠰᠦᠯᠵᠢᠶ᠎ᠡ᠎ᠶ᠋ᠢ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠦᠢᠯᠡᠴᠢᠯᠡᠭᠡᠨ᠎ᠤ ᠲᠤᠤᠷ ᠰᠦᠯᠵᠢᠶ᠎ᠡ᠎ᠶ᠋ᠢ ᠲᠠᠰ ᠳᠡᠪᠱᠢᠭᠦᠯᠦᠨ᠂ 80 ᠬᠤᠱᠢᠭᠤ ᠱᠢᠶᠠᠨ᠎ᠤ ᠲᠥᠪᠯᠡᠷᠡᠭᠦᠯᠵᠦ᠍ ᠲᠠᠷᠬᠠᠭᠠᠬᠤ ᠲᠥᠪ᠎ᠢ ᠭᠤᠤᠯᠳᠠᠯᠭ᠎ᠠ᠎ᠲᠠᠢ ᠪᠠᠢᠭᠤᠯᠵᠤ᠂ 2025 ᠤᠨ ᠪᠣᠯᠬᠤ᠎ᠳᠤ᠂ ᠪᠥᠬᠦ᠌ ᠣᠷᠣᠨ᠎ᠳᠤ 《ᠲᠣᠰᠭᠤᠨ ᠪᠣᠯᠭᠠᠨ᠎ᠳᠤ ᠲᠦᠷᠭᠡᠨ ᠳᠠᠮᠵᠢᠭᠤᠯᠭ᠎ᠠ ᠨᠡᠪᠲᠡᠷᠡᠬᠦ᠌》 ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃
◎ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠤᠨ᠎ᠠ
ᠠᠷᠠᠯᠵᠢᠶ᠎ᠠ ᠬᠤᠳᠠᠯᠳᠤᠭᠠᠨ᠎ᠤ ᠦᠢᠯᠡᠰ᠎ᠢ ᠬᠥᠭ᠌ᠵᠢᠭᠦᠯᠬᠦ᠌ ᠲᠠᠯ᠎ᠠ᠎ᠪᠠᠷ᠂ ᠬᠤᠲᠠ᠎ᠶ᠋ᠢᠨ ᠬᠤᠳᠠᠯᠳᠤᠭᠠᠨ᠎ᠤ ᠬᠡᠷᠡᠭ᠌ᠯᠡᠭᠡ᠎ᠶ᠋ᠢᠨ ᠶᠡᠷᠦᠩᠬᠡᠢᠯᠡᠭ᠌ᠰᠡᠨ ᠴᠣᠭ᠍ᠴᠠ᠎ᠶ᠋ᠢᠨ ᠪᠠᠢᠷᠢᠱᠢᠭᠤᠯᠤᠯᠲᠠ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠤᠳᠠᠯᠳᠤᠭᠠᠨ᠎ᠤ ᠲᠤᠤᠷ ᠴᠡᠭ᠎ᠤᠨ ᠲᠦᠷᠭᠡᠨ ᠳᠠᠮᠵᠢᠭᠤᠯᠭ᠎ᠠ᠎ᠶ᠋ᠢᠨ ᠬᠤᠷᠢᠶᠠᠵᠤ ᠲᠠᠷᠬᠠᠭᠠᠬᠤ᠂ ᠠᠷᠠᠳ ᠤᠯᠠᠨ᠎ᠤ ᠰᠦᠢᠳᠭᠡᠯ ᠨᠡᠮᠡᠬᠦ᠌᠎ᠲᠤ ᠲᠥᠬᠦᠮ ᠦᠵᠡᠭᠦᠯᠵᠦ᠍᠂ ᠰᠡᠯᠡᠭᠦᠴᠡᠯ ᠢᠳᠡᠭᠡᠨ ᠤᠮᠳᠠᠭᠠᠨ ᠵᠡᠷᠭᠡ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠣᠷᠣᠨ ᠰᠠᠭᠤᠴᠠ᠎ᠶ᠋ᠢᠨ ᠲᠣᠭᠤᠷᠢᠭ᠎ᠤᠨ ᠬᠤᠳᠠᠯᠳᠤᠭ᠎ᠠ᠂ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠲᠥᠪ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠠᠷᠠᠯᠵᠢᠶ᠎ᠠ ᠬᠤᠳᠠᠯᠳᠤᠭ᠎ᠠ᠎ᠶ᠋ᠢᠨ ᠵᠢᠵᠢᠭ᠌ᠯᠡᠨ ᠬᠤᠳᠠᠯᠳᠤᠬᠤ ᠲᠤᠤᠷ ᠴᠡᠭ᠎ᠢ ᠰᠦᠯᠵᠢᠶᠡᠵᠢᠬᠦᠯᠤᠨ᠂ ᠣᠨᠴᠠᠯᠢᠬ᠍ᠳᠤ ᠡᠷᠴᠢᠮᠵᠢᠭᠦᠯᠦᠨ ᠡᠵᠡᠩᠨᠡᠬᠦ᠌᠎ᠶ᠋ᠢ ᠠᠬᠢᠭᠤᠯᠤᠨ᠂ ᠬᠤᠲᠠ᠎ᠶ᠋ᠢᠨ ᠠᠷᠠᠳ᠎ᠲᠤ ᠳᠥᠭᠦᠮ ᠦᠵᠡᠭᠦᠯᠬᠦ᠌ ᠠᠮᠢᠳᠤᠷᠠᠯ᠎ᠤᠨ ᠦᠢᠯᠡᠴᠢᠯᠡᠭᠡᠨ᠎ᠤ ᠳᠤᠭᠤᠷᠢᠭ᠎ᠢ ᠪᠤᠢ ᠪᠣᠯᠭᠠᠨ᠎ᠠ᠃ ᠤᠯᠠᠮᠵᠢᠯᠠᠯᠲᠤ ᠲᠡᠦᠬᠡ ᠰᠣᠶᠣᠯ᠎ᠤᠨ ᠬᠤᠳᠠᠯᠳᠤᠭᠠᠨ᠎ᠤ ᠵᠡᠭᠡᠯᠢ᠂ ᠣᠨᠴᠠᠯᠢᠭ᠍ᠲᠤ ᠢᠳᠡᠭᠡᠨ ᠤᠮᠳᠠᠭᠠᠨ᠎ᠤ ᠵᠡᠭᠡᠯᠢ᠂ ᠱᠢᠨ᠎ᠡ ᠮᠠᠶᠢᠭ᠎ᠤᠨ ᠪᠠᠷᠠᠭ᠎ᠠ ᠬᠤᠳᠠᠯᠳᠤᠨ ᠠᠪᠬᠤ ᠵᠡᠭᠡᠯᠢ᠂ ᠰᠣᠶᠣᠯ᠎ᠤᠨ ᠰᠡᠯᠡᠬᠦᠴᠡᠯ᠎ᠤᠨ ᠶᠠᠪᠠᠭᠠᠨ ᠵᠡᠭᠡᠯᠢ ᠵᠡᠷᠭᠡ ᠣᠨᠴᠠᠯᠢᠭ᠍ᠲᠤ ᠵᠡᠭᠡᠯᠢ ᠲᠣᠭᠤᠷᠢᠭ᠎ᠢ ᠵᠦᠷᠢᠶᠠᠴᠢᠯᠡᠨ ᠪᠠᠢᠭᠤᠯᠤᠨ᠎ᠠ᠃
ᠭᠡᠷ ᠪᠦᠯᠢ᠎ᠶ᠋ᠢᠨ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠬᠦ᠌ ᠲᠠᠯ᠎ᠠ᠎ᠪᠠᠷ᠂ ᠣᠯᠠᠨ ᠲᠦᠮᠡᠨ᠎ᠤ ᠢᠳᠡᠵᠦ᠍ ᠡᠮᠦᠰᠭᠦ ᠶᠠᠪᠤᠵᠤ ᠰᠠᠭᠤᠬᠤ᠎ᠠᠴᠠ᠎ᠨᠢ ᠪᠡᠶ᠎ᠡ ᠰᠡᠳᠭᠢᠴᠠ᠎ᠶ᠋ᠢᠨ ᠡᠷᠡᠭᠦᠯ ᠮᠡᠨᠳᠦ ᠬᠦᠷᠲᠡᠯ᠎ᠡ᠂ ᠲᠦᠷᠦᠭᠦ᠎ᠠᠴᠠ ᠦᠳᠡᠯᠬᠦ᠌ ᠬᠦᠷᠳᠡᠯᠡᠬᠢ ᠨᠠᠰᠤᠨ ᠲᠤᠷᠰᠢ᠎ᠶ᠋ᠢᠨ ᠡᠯ᠎ᠡ ᠱᠠᠲᠤ ᠦᠶ᠎ᠡ᠎ᠶ᠋ᠢᠨ ᠡᠯ᠎ᠡ ᠭᠤᠭ᠍ᠴᠤᠭ᠎ᠠ᠎ᠶ᠋ᠢᠨ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨᠢ ᠭᠦᠨᠵᠡᠭᠡᠶ ᠨᠡᠭᠡᠭᠡᠨ ᠬᠥᠭ᠌ᠵᠢᠭᠦᠯᠦᠨ᠎ᠡ᠃ ᠡᠷᠡᠭᠦᠯ ᠮᠡᠨᠳᠦ᠎ᠶ᠋ᠢᠨ ᠦᠢᠯᠡᠴᠢᠯᠡᠭᠡ᠂ ᠡᠬᠡ ᠨᠢᠯᠬᠠᠰ᠎ᠤᠨ ᠰᠤᠪᠢᠯᠠᠯᠲᠠ᠂ ᠡᠪᠡᠳᠴᠢᠲᠡᠨ ᠠᠰᠠᠷᠠᠵᠤ ᠰᠤᠪᠢᠯᠠᠬᠤ᠂ ᠭᠡᠷ ᠴᠡᠪᠠᠷᠯᠡᠬᠦ᠂ ᠠᠳᠠᠯ ᠠᠬᠤᠢ᠎ᠶ᠋ᠢᠨ ᠬᠠᠮᠢᠶᠠᠷᠤᠯᠲᠠ ᠵᠡᠷᠭᠡ ᠦᠢᠯᠡᠴᠢᠯᠡᠭᠡᠨ᠎ᠤ ᠡᠵᠡᠩᠨᠡᠯᠲᠡ᠎ᠶ᠋ᠢᠨ ᠬᠡᠯᠪᠡᠷᠢ᠎ᠶ᠋ᠢ ᠢᠳᠡᠪᠬᠢᠲᠡᠢ ᠬᠥᠭ᠌ᠵᠢᠭᠦᠯᠵᠦ᠍᠂ ᠨᠢᠭᠡᠳᠦᠯᠲᠡᠶ ᠵᠢᠷᠤᠮᠵᠢᠭ᠍ᠰᠠᠨ ᠦᠢᠯᠡᠴᠢᠯᠡᠭᠡᠨ᠎ᠤ ᠶᠠᠰᠤ ᠴᠢᠨᠠᠷ᠎ᠤᠨ ᠪᠠᠷᠢᠮᠵᠢᠶ᠎ᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠨᠢᠭᠡ ᠪᠦᠯᠦᠭ ᠭᠡᠷ ᠪᠦᠯᠢ᠎ᠶ᠋ᠢᠨ ᠦᠢᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠤᠢᠵᠢᠭᠤᠯᠤᠨ᠂ ᠪᠥᠬᠦ᠌ ᠠᠵᠢᠯ ᠲᠥᠷᠥᠯ᠎ᠤᠨ ᠵᠢᠷᠤᠮᠵᠢᠭᠤᠯᠤᠯᠲᠠ᠎ᠶ᠋ᠢ ᠠᠬᠢᠭᠤᠯᠵᠤ᠂ ᠰᠠᠭᠤᠭᠠᠯᠢ ᠠᠷᠠᠳ᠎ᠲᠤ ᠲᠦᠬᠦᠮ ᠦᠵᠡᠬᠦᠯᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ᠃
◎ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠬᠡᠪ ᠵᠠᠭ᠍ᠪᠤᠷ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠤᠨ᠎ᠠ
ᠦᠢᠯᠡᠳᠬᠦ᠌ ᠦᠢᠯᠡᠰ᠎ᠤᠨ ᠠᠵᠤ ᠠᠬᠤᠢᠯᠠᠯ᠎ᠤᠨ ᠮᠡᠷᠭᠡᠵᠢᠯ ᠪᠠ ᠲᠤᠰᠭᠠᠶ ᠮᠡᠷᠭᠡᠵᠢᠯ᠎ᠤᠨ ᠳᠠᠪᠠᠭᠤᠯᠢᠭ᠎ᠲᠤ᠎ᠪᠠᠨ ᠲᠦᠱᠢᠭ᠌ᠯᠡᠨ᠂ ᠰᠤᠳᠤᠯᠤᠨ ᠨᠡᠭᠡᠭᠡᠵᠦ᠍ ᠵᠢᠷᠤᠭ᠍ᠯᠠᠨ ᠲᠥᠯᠥᠪᠯᠡᠬᠦ᠂ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ᠂ ᠡᠯᠧᠺᠲᠷᠣᠨ ᠬᠤᠳᠠᠯᠳᠤᠭ᠎ᠠ᠂ ᠮᠡᠷᠭᠡᠵᠢᠯ᠎ᠤᠨ ᠦᠢᠯᠡᠴᠢᠯᠡᠭᠡ᠂ ᠨᠠᠷᠠᠲᠤ ᠲᠥᠷᠥᠯ ᠲᠡᠮᠳᠡᠭ᠎ᠢ ᠪᠤᠢᠵᠢᠭᠤᠯᠬᠤ ᠪᠠ ᠪᠣᠷᠣᠯᠠᠭᠤᠯᠤᠭ᠍ᠰᠠᠨ᠎ᠤ ᠳᠠᠷᠠᠭᠠᠬᠢ ᠲᠤᠰᠭᠠᠶ ᠦᠢᠯᠡᠴᠢᠯᠡᠭᠡ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠬᠡᠪ ᠵᠠᠭ᠍ᠪᠤᠷ᠎ᠢ ᠪᠤᠢᠵᠢᠭᠤᠯᠤᠨ ᠬᠥᠭ᠌ᠵᠢᠭᠦᠯᠬᠦ᠌᠎ᠶ᠋ᠢ ᠬᠥᠲᠥᠯᠥᠨ ᠵᠢᠯᠣᠭᠤᠳᠴᠤ᠌᠂ ᠲᠡᠷᠢᠭᠦᠨ᠎ᠤ ᠦᠢᠯᠡᠳᠬᠦ᠌ ᠦᠢᠯᠡᠰ ᠬᠢᠭᠡᠳ ᠣᠲᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠤᠨ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠤᠨ᠎ᠠ᠃ ᠲᠠᠪᠴᠠᠩ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠵᠣᠷᠢᠭ᠍ᠵᠢᠭᠤᠯᠵᠤ᠂ ᠡᠬᠢ ᠪᠠᠶᠠᠯᠢᠭ᠎ᠢ ᠴᠡᠭ᠌ᠴᠡᠯᠡᠨ ᠨᠡᠢᠳᠭᠡᠬᠦ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠂ ᠬᠠᠮᠵᠢᠯᠴᠠᠨ ᠱᠢᠨ᠎ᠡ᠎ᠶ᠋ᠢ ᠡᠭᠦᠳᠬᠦ᠌ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠲᠠᠪᠴᠠᠩ᠎ᠤᠨ ᠬᠡᠯᠪᠡᠷᠢ᠎ᠶ᠋ᠢᠨ ᠠᠵᠤ ᠠᠬᠤᠢᠯᠠᠯ᠎ᠤᠨ ᠳᠡᠭᠡᠳᠦ ᠳᠤᠤᠷᠠᠳᠤ ᠤᠷᠤᠰᠭᠠᠯ᠎ᠤᠨ ᠠᠵᠤ ᠦᠢᠯᠡᠰ᠎ᠢ ᠳᠠᠢᠴᠢᠯᠠᠬᠤ ᠪᠠ ᠴᠡᠭ᠌ᠴᠡᠯᠡᠨ ᠨᠡᠢᠳᠭᠡᠬᠦ᠌᠎ᠶ᠋ᠢ ᠳᠡᠮᠵᠢᠨ᠎ᠡ᠃ ᠬᠠᠮᠳᠤ ᠡᠳ᠋ᠯᠡᠬᠦ᠌ ᠠᠵᠤ ᠠᠬᠤᠢ᠎ᠶ᠋ᠢᠨ ᠬᠥᠭ᠌ᠵᠢᠯᠲᠡ᠎ᠶ᠋ᠢ ᠲᠡᠮᠵᠢᠵᠤ᠂ ᠢᠨᠲ᠋ᠧᠷ ᠰᠦᠯᠵᠢᠶ᠎ᠡ᠎ᠳᠤ ᠰᠠᠭᠤᠷᠢᠯᠠᠭ᠍ᠰᠠᠨ ᠥᠪᠡᠷᠮᠢᠴᠡ᠂ ᠤᠶᠠᠨ ᠴᠢᠨᠠᠷᠳᠠᠢ᠂ ᠲᠠᠷᠬᠠᠮᠠᠯ ᠮᠠᠶᠢᠭ᠎ᠤᠨ ᠦᠢᠯᠡᠴᠢᠯᠡᠭᠡ ᠬᠠᠩᠭᠠᠨ᠎ᠠ᠃
(ᠲᠤᠰ ᠨᠢᠭᠤᠷ᠎ᠤᠨ ᠭᠡᠷᠡᠯ ᠵᠢᠷᠤᠬ᠎ᠢ ᠲᠤᠮᠳᠠᠳᠤ ᠤᠯᠤᠰ᠎ᠤᠨ ᠲᠠᠮᠤᠷ ᠵᠠᠮ᠎ᠤᠨ ᠪᠠᠷᠢᠯᠭ᠎ᠠ᠎ᠶ᠋ᠢᠨ ᠪᠥᠯᠥᠭ᠌ᠯᠡᠯᠤᠨ ᠬᠥᠬᠡᠬᠤᠳᠠ᠎ᠶ᠋ᠢᠨ ᠲᠤᠪᠴᠢᠶ᠎ᠠ᠂ ᠲᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠭᠢ᠎ᠶ᠋ᠢᠨ ᠥᠪᠥᠷ ᠮᠤᠩᠭᠤᠯ᠎ᠤᠨ ᠬᠤᠪᠢᠶᠠᠷᠢ ᠪᠠᠩᠭᠢ᠂ ᠡᠷᠢᠶᠠᠨ ᠬᠤᠳᠠ᠎ᠶ᠋ᠢᠨ ᠤᠬᠠᠭᠤᠯᠬᠤ ᠬᠡᠯᠳᠠᠰ᠂ ᠥᠪᠥᠷ ᠮᠤᠩᠭᠤᠯ᠎ᠤᠨ ᠱᠢᠤᠳᠠᠨ᠎ᠤ ᠶᠠᠪᠤᠳᠠᠯ᠎ᠤᠨ ᠬᠠᠮᠢᠶᠠᠷᠤᠯᠳᠠ᠎ᠶ᠋ᠢᠨ ᠲᠤᠪᠴᠢᠶ᠎ᠠ᠎ᠠᠴᠠ ᠬᠠᠨᠭ᠌ᠭᠠᠪᠠ)