ᠬᠤᠪᠢᠰᠭᠠᠯᠳᠦ ᠳᠠᠭᠤᠤ᠎ᠪᠠᠨ ᠳᠠᠭᠤᠯᠠᠵᠤ ᠨᠠᠮ᠎ᠤᠨ ᠬᠠᠢᠷ᠎ᠠ᠎ᠶ᠋ᠢ ᠮᠠᠭ᠍ᠲᠠᠵᠤ ᠨᠠᠮ᠎ᠤᠨ ᠠᠴᠢ᠎ᠳᠤ ᠲᠠᠯᠠᠷᠬᠠᠨ᠎ᠠ
2021-06-12 12:45:55
ᠵᠣᠬᠢᠶᠠᠭ᠍ᠴᠢ᠄
ᠵᠣᠣ ᠨᠠ ᠯᠢᠦ ᠬᠤᠩ ᠵᠠᠩ ᠪᠠᠨᠳᠢ ᠭᠦᠸᠧ ᠬᠤᠶ ᠴᠤᠤ ᠸᠠᠩ ᠫᠧᠩ
ᠣᠩᠱᠢᠭ᠍ᠰᠠᠨ ᠣᠳᠠᠭ᠎ᠠ᠄
★★★☆☆

QQ图片20210612121031.png


6 ᠰᠠᠷ᠎ᠠ᠎ᠶ᠋ᠢᠨ 11 ᠎ᠤ ᠡᠳᠦᠷ᠎ᠤᠨ ᠣᠷᠣᠶ᠎ᠶ᠋ᠢᠨ 7 ᠴᠠᠭ᠎ᠲᠤ᠌᠂ ᠠᠯᠠᠱᠠ ᠠᠢᠮᠠᠭ᠎ᠤᠨ ᠪᠠᠶᠠᠨᠬᠤᠲᠠ ᠪᠠᠯᠭᠠᠰᠤᠨ᠎ᠤ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠶ᠋ᠢᠨ ᠪᠠᠷᠠᠭᠤᠨ ᠡᠭᠦᠳᠡᠨ᠎ᠤ ᠬᠠᠪᠢ᠎ᠳᠤ ᠬᠥᠮᠦᠰ ᠴᠤᠬ᠍ᠯᠠᠷᠠᠨ᠂ ᠳᠠᠭᠤᠤ ᠬᠠᠩᠭᠢᠨᠠᠵᠤ ᠪᠠᠢᠯ᠎ᠠ᠃

《ᠠᠷᠠᠳ᠎ᠤᠨ ᠳᠠᠭᠤᠤ᠎ᠪᠠᠨ ᠨᠠᠮ᠎ᠳᠠᠭᠠᠨ ᠳᠠᠭᠤᠯᠠᠵᠤ᠂ ᠨᠠᠮ᠎ᠢᠶᠠᠨ ᠪᠢ ᠡᠵᠢ᠎ᠲᠠᠢ᠎ᠪᠠᠨ ᠠᠳᠠᠯᠢᠬᠠᠨ ᠪᠤᠳᠤᠨ᠎ᠠ ᠁》 ᠢᠷᠠᠭᠤ ᠰᠠᠢᠬᠠᠨ ᠬᠦᠭ ᠠᠶᠠᠰ᠎ᠢᠶᠠᠷ ᠳᠠᠮᠵᠢᠨ᠂ ᠡᠭᠦᠷᠢᠳᠡ ᠨᠠᠮ᠎ᠢᠶᠠᠨ ᠳᠠᠭᠠᠵᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠨ᠎ᠡ · ᠠᠯᠠᠱᠠ ᠵᠡᠭᠦᠨ ᠬᠤᠱᠢᠭᠤᠨ᠎ᠤ 《ᠰᠡᠳᠭᠢᠯ᠎ᠤᠨ ᠳᠠᠭᠤᠤ᠎ᠪᠠᠨ ᠨᠠᠮ᠎ᠳᠠᠭᠠᠨ ᠡᠷᠭᠦᠨ᠎ᠠ》 ᠭᠡᠬᠦ᠌ ᠨᠠᠢᠷᠠᠯ ᠳᠠᠭᠤᠤ᠎ᠶ᠋ᠢᠨ ᠱᠢᠢᠳᠪᠦᠷᠢᠲᠦ ᠤᠷᠤᠯᠳᠤᠭᠠᠨ ᠬᠦᠱᠢᠭᠡ᠎ᠪᠠᠨ ᠰᠡᠬᠦᠪᠡ᠃




ᠲᠤᠰ ᠬᠤᠭᠤᠴᠠᠭᠠᠨ᠎ᠤ ᠤᠷᠤᠯᠳᠤᠭᠠᠨ᠎ᠳᠤ ᠨᠡᠢᠲᠡ 32 ᠪᠦᠯᠬᠦᠮ᠂ 2200 ᠭᠠᠷᠤᠢ ᠬᠥᠮᠦᠨ ᠨᠡᠷ᠎ᠡ ᠮᠡᠳᠡᠭᠦᠯᠪᠡ᠃ ᠬᠤᠷᠴᠠ ᠱᠢᠷᠦᠭᠦᠨ ᠥᠷᠢᠰᠥᠯᠳᠦᠭᠡᠨ᠎ᠢᠶᠠᠷ ᠳᠠᠮᠵᠢᠭᠠᠳ᠂ 16 ᠪᠦᠯᠬᠦᠮ ᠴᠣᠯᠭᠤᠷᠠᠨ ᠭᠠᠷᠴᠤ᠌᠂ ᠱᠢᠶᠳᠪᠦᠷᠢᠲᠦ ᠤᠷᠤᠯᠳᠤᠭᠠᠨ᠎ᠳᠤ ᠳᠠᠪᠱᠢᠵᠠᠢ᠃

《ᠡᠨᠡ ᠤᠳᠠᠭᠠᠨ᠎ᠤ ᠤᠷᠤᠯᠳᠤᠭᠠᠨ᠎ᠳᠤ ᠣᠯᠠᠨ᠎ᠢᠶᠠᠷ᠎ᠢᠶᠠᠨ ᠮᠠᠰᠢ ᠤᠷᠲᠤ ᠬᠤᠭᠤᠴᠠᠭ᠎ᠠ ᠪᠡᠯᠡᠳᠭᠡᠵᠦ᠍᠂ ᠤᠳᠠᠭ᠎ᠠ ᠪᠦᠷᠢ᠎ᠶ᠋ᠢᠨ ᠪᠣᠯᠪᠠᠰᠤᠷᠠᠯ᠎ᠳᠤ ᠴᠥᠮ ᠮᠠᠰᠢ ᠶᠡᠭᠡ ᠬᠦᠴᠦ᠍ ᠭᠠᠷᠭᠠᠬ᠍ᠰᠠᠨ ᠶᠤᠮ᠃》 200 ᠺᠢᠯᠣᠮᠧᠲᠷ᠎ᠤᠨ ᠬᠤᠯᠠᠬᠢ ᠤᠯᠠᠨᠪᠤᠯᠠᠭ ᠪᠠᠯᠭᠠᠰᠤᠨ᠎ᠤ ᠴᠡᠭ ᠵᠠᠬ ᠭᠠᠴᠠᠭ᠎ᠠ᠎ᠠᠴᠠ ᠬᠦᠷᠦᠯᠴᠡᠨ ᠢᠷᠡᠵᠦ᠍ ᠤᠷᠤᠯᠳᠤᠭᠠᠨ᠎ᠳᠤ ᠣᠷᠣᠯᠴᠠᠵᠦ᠍ ᠪᠠᠢᠭ᠎ᠠ ᠯᠦᠸᠧ ᠬᠦᠢ ᠢ ᠨᠠᠰᠤᠲᠠᠨ᠄ 《ᠠᠬᠠᠮᠠᠳ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠡᠢᠮᠦ᠍ ᠶᠡᠭᠡ ᠬᠡᠪᠴᠢᠶᠡᠨ᠎ᠤ ᠠᠵᠢᠯᠯᠠᠭ᠎ᠠ᠎ᠳᠤ ᠣᠷᠣᠯᠴᠠᠭ᠍ᠰᠠᠨ᠎ᠳᠠᠭᠠᠨ ᠮᠠᠰᠢ ᠪᠠᠶᠠᠷᠲᠠᠢ ᠪᠠᠢᠨ᠎ᠠ! ᠡᠳᠡᠭᠡᠷ ᠵᠢᠯ᠎ᠤᠳ᠎ᠲᠤ᠌᠂ ᠪᠢ ᠭᠠᠴᠠᠭᠠᠨ᠎ᠤ᠎ᠪᠠᠨ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ᠎ᠶ᠋ᠢ ᠨᠢᠳᠦ᠎ᠪᠠᠷ᠎ᠢᠶᠠᠨ ᠦᠵᠡᠵᠦ᠍᠂ ᠡᠭᠡᠯ ᠠᠷᠠᠳ᠎ᠤᠨ ᠠᠮᠢᠳᠤᠷᠠᠯ ᠤᠯᠠᠮ᠎ᠠᠴᠠ ᠤᠯᠠᠮ ᠪᠠᠶᠠᠨ ᠴᠢᠨᠡᠭᠡᠯᠢᠭ ᠪᠣᠯᠤᠭ᠍ᠰᠠᠨ᠎ᠢ ᠮᠡᠳᠡᠷᠡᠯ᠎ᠠ᠂ ᠡᠢᠮᠦ᠎ᠠᠴᠠ ᠬᠤᠪᠢᠰᠭᠠᠯᠳᠦ ᠳᠠᠭᠤᠤ᠎ᠪᠠᠨ ᠳᠠᠭᠤᠯᠠᠵᠤ᠂ ᠨᠠᠮ᠎ᠤᠨ ᠬᠠᠢᠷ᠎ᠠ᠎ᠶ᠋ᠢ ᠮᠠᠭ᠍ᠲᠠᠨ ᠳᠠᠭᠤᠯᠠᠵᠤ᠂ ᠨᠠᠮ᠎ᠤᠨ ᠠᠴᠢ᠎ᠳᠤ ᠲᠠᠯᠠᠷᠬᠠᠵᠤ᠂ ᠳᠠᠭᠤᠯᠠᠬᠤ ᠲᠤᠲᠤᠮ ᠡᠷᠴᠢ ᠵᠣᠷᠢᠭ ᠬᠥᠪᠴᠢᠯᠡᠭ᠌ᠳᠡᠵᠦ᠍ ᠪᠠᠢᠨ᠎ᠠ》 ᠭᠡᠵᠦ᠍ ᠰᠡᠳᠭᠢᠨ ᠲᠤᠭ᠍ᠳᠤᠯᠤᠨ ᠭᠡᠯᠡᠯ᠎ᠠ᠃

《ᠬᠦᠰᠡᠯ ᠪᠢᠯᠬᠠᠬ᠍ᠰᠠᠨ ᠬᠥᠳᠡᠭᠡ ᠨᠤᠲᠤᠬ》᠂ 《ᠬᠠᠳᠤᠨ ᠭᠤᠣᠯ᠎ᠢᠶᠠᠨ ᠬᠠᠮᠠᠭᠠᠯᠠᠶ᠎ᠠ》᠂ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》᠂ 《ᠳᠤᠮᠳᠠᠳᠤ ᠤᠯᠤᠰ᠎ᠢᠶᠠᠨ ᠬᠠᠢᠷᠠᠯᠠᠨ᠎ᠠ》 ᠭᠡᠬᠦ᠌ ᠴᠢᠬᠢᠨ᠎ᠳᠤ ᠬᠠᠳᠠᠩᠱᠢᠭ᠍ᠰᠠᠨ ᠬᠤᠪᠢᠰᠭᠠᠯᠲᠤ ᠳᠠᠭᠤᠤ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ᠎ᠢ ᠳᠠᠭᠠᠭᠤᠯᠤᠨ ᠵᠠᠭᠤᠨ ᠵᠢᠯ᠎ᠤᠨ ᠭᠠᠢᠬᠠᠮᠱᠢᠭ᠍ᠲᠤ ᠤᠨ ᠰᠠᠷ᠎ᠠ᠎ᠶ᠋ᠢ ᠲᠠᠬᠢᠨ ᠡᠷᠭᠢᠴᠡᠭᠦᠯᠦᠨ᠎ᠠ᠃

《ᠡᠪ ᠬᠠᠮᠲᠤ ᠨᠠᠮ ᠦᠭᠡᠢ ᠪᠣᠯ ᠱᠢᠨ᠎ᠡ ᠳᠤᠮᠳᠠᠳᠤ ᠤᠯᠤᠰ ᠦᠭᠡᠢ᠂ ᠡᠪ ᠬᠠᠮᠲᠤ ᠨᠠᠮ ᠱᠢᠷᠭᠠᠭᠤ ᠬᠠᠲᠠᠭᠤᠵᠢᠯᠲᠠᠢ᠎ᠪᠠᠷ ᠦᠨᠳᠦᠰᠦᠲᠡᠨ᠎ᠤ ᠲᠥᠯᠥᠭᠡ ᠵᠢᠳᠬᠦᠵᠦ᠍᠂ ᠡᠪ ᠬᠠᠮᠲᠤ ᠨᠠᠮ ᠨᠢᠭᠡ ᠰᠡᠳᠭᠢᠯ᠎ᠢᠶᠠᠷ ᠳᠤᠮᠳᠠᠳᠤ ᠤᠯᠤᠰ᠎ᠢ ᠠᠪᠤᠷᠠᠨ᠎ᠠ ᠁》 ᠡᠨᠡ ᠬᠦ᠌ 《ᠡᠪ ᠬᠠᠮᠲᠤ ᠨᠠᠮ ᠦᠭᠡᠢ ᠪᠣᠯ ᠱᠢᠨ᠎ᠡ ᠳᠤᠮᠳᠠᠳᠤ ᠤᠯᠤᠰ ᠪᠠᠢᠬᠤ ᠦᠭᠡᠢ》 ᠭᠡᠬᠦ᠌ ᠳᠠᠭᠤᠤ ᠲᠠᠯᠠᠪᠠᠢ ᠳᠠᠶᠠᠭᠠᠷ᠎ᠤᠨ ᠬᠦᠷᠢᠶᠡᠯᠡᠯ᠎ᠢ ᠣᠯᠵᠤ᠂ ᠲᠠᠢᠰᠠᠨ ᠳᠣᠣᠷᠠᠬᠢ 10 ᠨᠠᠰᠤᠲᠠᠢ ᠫᠧᠩ ᠽᠢ ᠬᠠᠨ ᠴᠤ᠎ᠲᠠᠭᠠᠨ ᠳᠠᠭᠤᠯᠠᠵᠦ᠍ ᠪᠠᠢᠯ᠎ᠠ᠃

《ᠬᠤᠪᠢᠰᠭᠠᠯᠲᠤ ᠳᠠᠭᠤᠤ᠎ᠨᠤᠭᠤᠳ ᠦᠶ᠎ᠡ ᠦᠶ᠎ᠡ᠎ᠶ᠋ᠢᠨ ᠬᠥᠮᠦᠰ᠎ᠲᠤ ᠬᠠᠨᠢ ᠪᠤᠯᠵᠤ ᠦᠰᠤᠨ ᠪᠤᠢᠵᠢᠵᠤ᠂ ᠤᠯᠠᠨ᠎ᠢ ᠬᠤᠪᠢᠰᠭᠠᠯᠲᠤ ᠳᠤᠷᠠᠰᠤᠮᠵᠢ᠎ᠶ᠋ᠢ ᠰᠡᠷᠬᠦᠭᠡᠭ᠌ᠰᠡᠨ ᠪᠥᠭᠡᠳ ᠬᠦᠰᠡᠯᠡᠩ ᠢᠲᠡᠭᠡᠯ ᠪᠢᠱᠢᠷᠡᠯ᠎ᠢ᠎ᠨᠢ ᠪᠠᠲᠤᠳᠭᠠᠪᠠ᠃ ᠥᠭᠡᠯᠡᠳ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠷᠤᠯᠳᠤᠭᠠᠨ᠎ᠳᠤ ᠣᠷᠣᠯᠴᠠᠭ᠍ᠴᠢ ᠱ᠌ᠢᠷᠦᠨᠴᠢᠮᠡᠭ᠄ 《ᠣᠲᠣ ᠦᠶ᠎ᠡ᠎ᠶ᠋ᠢᠨ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠪᠢᠳᠡ ᠴᠢᠷᠮᠠᠢᠨ ᠲᠡᠮᠡᠴᠡᠵᠦ᠍᠂ ᠵᠢᠵᠢᠭ ᠰᠠᠵᠢᠭ ᠵᠦᠶᠯ᠎ᠠᠴᠠ ᠡᠬᠢᠯᠡᠨ ᠬᠢᠵᠦ᠍᠂ ᠣᠲᠣ᠎ᠠᠴᠠ ᠡᠬᠢᠯᠡᠨ ᠬᠢᠵᠦ᠍᠂ ᠥᠪᠡᠷ᠎ᠢ᠎ᠪᠠᠨ ᠱᠢᠨ᠎ᠡ ᠴᠠᠭ ᠦᠶ᠎ᠡ᠎ᠶ᠋ᠢᠨ ᠭᠡᠷᠡᠴᠢᠯᠡᠭ᠌ᠴᠢ᠂ ᠡᠭᠦᠳᠦᠭ᠌ᠴᠢ ᠪᠠ ᠪᠥᠲᠥᠭᠡᠨ ᠪᠠᠢᠭᠤᠯᠤᠭ᠍ᠴᠢ ᠪᠣᠯᠭᠠᠪᠡᠯ ᠵᠤᠬᠢᠨ᠎ᠡ》 ᠭᠡᠵᠦ᠍ ᠬᠦᠨ ᠲᠦᠷᠦᠭ᠌ᠳᠡᠯ᠎ᠲᠠᠢ ᠬᠡᠯᠡᠨ᠎ᠡ᠃

60 ᠨᠠᠰᠤᠲᠠᠢ ᠤᠷᠤᠯᠳᠤᠭᠠᠨ᠎ᠳᠤ ᠣᠷᠣᠯᠴᠠᠬ᠍ᠴᠢ ᠨᠠᠷᠠᠨᠲᠤᠶᠠᠭ᠎ᠠ᠄ 《ᠮᠠᠨ᠎ᠤ ᠮᠠᠰᠢ ᠤᠯᠠᠨ ᠤᠷᠤᠯᠳᠤᠭᠠᠨ᠎ᠳᠤ ᠣᠷᠣᠯᠴᠠᠬ᠍ᠴᠢ᠎ᠶ᠋ᠢᠨ ᠰᠡᠳᠭᠢᠯ᠎ᠳᠤ᠂ ᠲᠤᠰ ᠤᠳᠠᠭ᠎ᠠ᠎ᠶ᠋ᠢᠨ ᠤᠷᠤᠯᠳᠤᠭᠠᠨ᠎ᠤ ᠶᠠᠪᠤᠴᠠ᠎ᠶ᠋ᠢ ᠪᠠᠶᠠᠴᠢᠯᠡᠨ ᠤᠢ᠍ᠢᠯᠠᠭᠠᠬᠤ᠎ᠨᠢ ᠤᠷᠤᠯᠳᠤᠭᠠᠨ᠎ᠳᠤ ᠱᠠᠩᠨᠠᠯ ᠲᠤᠰᠭᠤ᠎ᠠᠴᠠ ᠨᠡᠩ ᠴᠢᠬᠤᠯᠠ ᠶᠤᠮ᠃ ᠨᠠᠮ᠎ᠤᠨ ᠰᠡᠢᠠ ᠲᠦᠷᠦ᠎ᠶ᠋ᠢᠨ ᠪᠤᠳᠦᠯᠭ᠎ᠠ ᠪᠠᠢᠭ᠍ᠰᠠᠨ᠎ᠠᠴᠠ ᠪᠢᠳᠠ ᠠᠵᠢᠯ᠎ᠠᠴᠠ᠎ᠪᠠᠨ ᠠᠮᠠᠷᠠᠬ᠍ᠰᠡᠨ᠎ᠤ ᠲᠡᠷᠠᠭ᠎ᠠ ᠰᠠᠶᠢ ᠪᠠᠶᠠᠯᠢᠭ ᠰᠣᠶᠣᠯ᠎ᠤᠨ ᠠᠮᠢᠳᠤᠷᠠᠯ᠎ᠢ ᠡᠳ᠋ᠯᠡᠵᠦ᠍ ᠴᠢᠳᠠᠭ᠍ᠰᠠᠨ ᠶᠤᠮ᠂ ᠡᠢᠮᠦ᠎ᠠᠴᠠ ᠪᠢᠳᠠ ᠨᠡᠩ ᠴᠤ᠌ ᠬᠠᠨᠭ᠌ᠬᠢᠨᠠᠳᠠᠯ᠎ᠡ ᠳᠠᠭᠤᠯᠠᠵᠤ᠂ ᠨᠠᠮ᠎ᠤᠨ ᠠᠴᠢ ᠬᠠᠢᠷ᠎ᠠ᠎ᠶ᠋ᠢ ᠮᠠᠭ᠍ᠲᠠᠨ ᠳᠠᠭᠤᠯᠠᠪᠠᠯ ᠵᠣᠬᠢᠨ᠎ᠠ》 ᠭᠡᠵᠤ ᠬᠡᠯᠡᠪᠡ᠃

ᠰᠡᠳᠭᠢᠯ ᠬᠥᠳᠡᠯᠭᠡᠮ᠎ᠡ ᠳᠠᠭᠤᠤ᠎ᠨᠤᠭᠤᠳ ᠬᠠᠨᠭ᠌ᠭᠢᠨᠠᠨ ᠴᠤᠤᠷᠢᠶᠠᠲᠤᠵᠤ᠂ ᠪᠠᠶᠠᠷ ᠵᠢᠷᠭᠠᠯ᠎ᠤᠨ ᠮᠦᠱᠢᠶᠠᠳᠤ ᠲᠠ ᠪᠢᠳᠡᠨ᠎ᠤ ᠨᠢᠳᠦᠨ ᠲᠤᠳᠤᠷᠠᠵᠤ᠂ ᠰᠡᠳᠭᠢᠯ᠎ᠳᠤ ᠬᠠᠳᠠᠩᠱᠢᠨ᠎ᠡ᠃ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠬᠤ ᠠᠢᠵᠠᠮ᠎ᠢ ᠳᠠᠭᠠᠯᠳᠤᠨ᠂ ᠪᠦᠬᠦ᠌ ᠲᠠᠯᠠᠪᠠᠢ ᠪᠠᠶᠠᠷ ᠬᠦᠷ᠎ᠢᠶᠠᠷ ᠪᠢᠯᠬᠠᠯ᠎ᠠ᠃

ᠤᠷᠤᠯᠳᠤᠭᠠᠨ᠎ᠨᠢ 3 ᠴᠠᠭ ᠶᠠᠪᠤᠭ᠍ᠳᠠᠵᠤ᠂ ᠡᠴᠦᠰ᠎ᠲᠤᠨᠢ ᠨᠢᠭᠡᠳᠦᠭᠡᠷ ᠳᠡᠰ᠎ᠤᠨ ᠱᠠᠩᠨᠠᠯ 1᠂ ᠬᠤᠶᠠᠳᠤᠭᠠᠷ ᠳᠡᠰ᠎ᠤᠨ ᠱᠠᠩᠨᠠᠯ 2᠂ ᠭᠤᠷᠪᠠᠳᠤᠭᠠᠷ ᠳᠡᠰ᠎ᠤᠨ ᠱᠠᠩᠨᠠᠯ 3᠂ ᠱᠢᠯᠢᠳᠡᠭ ᠱᠠᠩᠨᠠᠯ 10᠂ ᠱᠢᠯᠢᠳᠡᠭ ᠵᠣᠬᠢᠶᠠᠨ ᠪᠠᠢᠭᠤᠯᠤᠭ᠍ᠰᠠᠨ ᠱᠠᠩᠨᠠᠯ 4 ᠎ᠶ᠋ᠢ ᠱᠢᠯᠭᠠᠷᠠᠭᠤᠯᠪᠠ᠃

ᠠᠯᠠᠱᠠ ᠵᠡᠭᠦᠨ ᠬᠤᠱᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠲᠤᠷᠤᠨ᠎ᠡ᠂ ᠲᠤᠰ ᠤᠳᠠᠭ᠎ᠠ᠎ᠶ᠋ᠢᠨ ᠤᠷᠤᠯᠳᠤᠭᠠᠨ᠎ᠨᠢ ᠳᠠᠭᠤᠤ ᠬᠥᠭ᠌ᠵᠢᠮ᠎ᠢᠶᠠᠷ ᠠᠴᠢᠶᠠᠯᠠᠪᠤᠷᠢ ᠪᠣᠯᠭᠠᠵᠤ᠂ ᠳᠠᠭᠤᠤ ᠬᠥᠭ᠌ᠵᠢᠮ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠤᠯᠠᠨ᠎ᠢ ᠳᠠᠭᠤᠤ᠎ᠶ᠋ᠢᠨ ᠳᠤᠮᠳᠠ ᠨᠠᠮ᠎ᠤᠨ ᠭᠡᠷᠡᠯ ᠰᠠᠴᠤᠷᠠᠩᠭᠤᠢ ᠲᠡᠦᠬᠡ᠎ᠶ᠋ᠢ ᠡᠷᠭᠢᠴᠡᠭᠦᠯᠵᠦ᠍᠂ 《ᠨᠠᠮ᠎ᠤᠨ ᠦᠪᠡᠳᠡᠭ᠌ᠰᠢ ᠶᠣᠰᠣᠯᠠᠯ᠂ ᠠᠷᠠᠳ ᠲᠦᠮᠡᠨ᠎ᠤ ᠪᠠᠶᠠᠷ᠎ᠤᠨ ᠡᠳᠦᠷ》 ᠎ᠤᠨ ᠪᠦᠯᠬᠦᠮᠳᠡᠨ ᠲᠡᠮᠡᠴᠡᠵᠦ᠍᠂ ᠱᠢᠨ᠎ᠡ ᠪᠠᠢᠳᠠᠯ᠎ᠢ ᠡᠭᠦᠳᠬᠦ᠌ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠤᠯᠠᠨ᠎ᠤ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ᠂ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠠᠢ ᠭᠡᠵᠤ ᠲᠠᠨᠢᠯᠴᠠᠭᠤᠯᠪᠠ᠃

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号