6 ᠰᠠᠷ᠎ᠠ᠎ᠶ᠋ᠢᠨ 10 ᠤ ᠡᠳᠦᠷ᠎ᠤᠨ ᠥᠷᠯᠥᠭᠡ᠂ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠤᠷᠠᠯᠢᠭ᠎ᠤᠨ ᠲᠢᠩᠬᠢᠮ᠎ᠤᠨ ᠬᠤᠢᠳᠤ ᠵᠡᠭᠡᠯᠢ ᠨᠡᠢᠭᠡᠮ ᠲᠣᠭᠤᠷᠢᠭ᠎ᠤᠨ ᠸᠧᠨ ᠳ᠋ᠦ᠋ ᠰᠠᠭᠤᠭᠠᠯᠢ ᠠᠷᠠᠳ᠎ᠤᠨ ᠲᠣᠭᠤᠷᠢᠭ ᠬᠥᠷ ᠬᠥᠭ᠌ᠵᠢᠶᠡᠨ᠎ᠢᠶᠠᠷ ᠪᠢᠯᠬᠠᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ᠎ᠢ ᠬᠡᠷᠬᠢᠨ ᠲᠠᠭ᠍ᠯᠠᠬᠤ ᠲᠤᠬᠠᠢ ᠵᠥᠪᠯᠡᠯᠭᠡ ᠥᠭ᠌ᠬᠦ᠂ ᠠᠯᠪᠠᠨ ᠵᠢᠷᠤᠮ᠎ᠤᠨ ᠦᠰᠦ ᠵᠠᠰᠠᠬᠤ᠂ ᠠᠯᠪᠠᠨ ᠵᠢᠷᠤᠮ᠎ᠤᠨ ᠡᠮᠴᠢᠯᠡᠭᠡ ᠬᠢᠬᠦ᠂ ᠤᠶᠤᠨᠲᠤ ᠴᠠᠬᠢᠯᠭᠠᠨ ᠬᠦᠰᠦᠨᠦᠭ᠎ᠤᠨ ᠦᠵᠡᠭᠦᠯᠬᠡ ᠁ ᠡᠯ᠎ᠡ ᠵᠦᠢᠯ᠎ᠤᠨ 《ᠳᠠᠪᠴᠠᠩ》 ᠤᠨ ᠡᠮᠦᠨ᠎ᠡ ᠰᠠᠭᠤᠭᠠᠯᠢ ᠠᠷᠠᠳ ᠬᠦᠷᠢᠶᠡᠯᠡᠨ ᠵᠤᠭ᠍ᠰᠤᠵᠠᠭᠠᠨᠠ᠃ 《ᠡᠵᠢ ᠡ᠂ ᠨᠠᠰᠤᠲᠠᠶ ᠬᠥᠮᠦᠨ ᠡᠮ ᠬᠡᠷᠡᠭ᠌ᠯᠡᠬᠦ᠌᠎ᠳᠡᠭᠡᠨ ᠡᠷᠬᠡᠪᠰᠢ ᠢᠯᠡᠭᠦᠬᠡᠨ ᠠᠩᠬᠠᠷᠴᠤ᠌᠂ ᠴᠢᠰᠤᠨ ᠳᠠᠷᠤᠯᠲᠠ ᠪᠠᠭᠤᠷᠠᠭᠤᠯᠬᠤ ᠡᠮ᠎ᠢ ᠥᠷᠯᠥᠭᠡ ᠤᠤᠭᠤᠪᠠᠯ ᠬᠠᠮᠤᠭ᠎ᠤᠨ ᠰᠠᠢᠨ ᠪᠠᠢᠳᠠᠭ ᠱᠢᠦ》᠃ ᠰᠠᠭᠤᠭᠠᠯᠢ ᠠᠷᠠᠳ᠎ᠤᠨ ᠲᠣᠭᠤᠷᠢᠭ᠎ᠤᠨ ᠰᠠᠭᠤᠭᠠᠯᠢ ᠠᠷᠠᠳ ᠭᠦᠸᠧ ᠹᠧᠩ ᠶᠢᠩ ᠡᠮ᠎ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠲᠤᠬᠠᠢ ᠭᠠᠷ ᠠᠪᠤᠯᠭ᠎ᠠ᠎ᠶ᠋ᠢᠨ ᠲᠠᠪᠳᠠᠷᠢ ᠤᠷᠪᠠᠭᠤᠯᠵᠤ ᠦᠵᠡᠬᠦ᠌᠎ᠶ᠋ᠢᠨ ᠳᠠᠭᠠᠤ ᠰᠠᠢᠨ ᠳᠤᠷᠠᠴᠤᠳ᠎ᠤᠨ ᠶᠠᠷᠢᠵᠦ᠍ ᠲᠠᠢᠯᠪᠤᠷᠢᠯᠡᠬᠤ᠎ᠶ᠋ᠢ ᠬᠢᠨᠠᠮᠠᠭᠠᠢ ᠰᠤᠨᠤᠰᠤᠨ᠎ᠠ᠃
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠍ ᠥᠭ᠌ᠭᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠬᠦ᠌᠎ᠶ᠋ᠢᠨ ᠲᠥᠯᠥᠭᠡ᠂ 6 ᠰᠠᠷ᠎ᠠ᠎ᠶ᠋ᠢᠨ 10 ᠤ ᠡᠳᠦᠷ᠂ ᠲᠠᠯ᠎ᠠ ᠨᠤᠲᠤᠭ᠎ᠤᠨ ᠡᠭᠦᠯᠡ 《ᠲᠠᠨ᠎ᠳᠤ ᠳᠤᠰᠠᠯᠠᠶ᠎ᠠ》 ᠤᠷᠠᠯᠢᠭ᠎ᠤᠨ ᠲᠢᠩᠬᠢᠮ᠎ᠤᠨ ᠬᠤᠢᠳᠤ ᠵᠡᠭᠡᠯᠢ ᠨᠡᠢᠭᠡᠮ ᠲᠣᠭᠤᠷᠢᠭ᠎ᠲᠤ ᠬᠦᠨᠵᠡᠬᠡᠢᠷᠡᠬᠦ᠌ — ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠥ᠍ ᠦᠭ᠌ᠭᠦ》 ᠠᠵᠢᠯᠯᠠᠭ᠎ᠠ ᠸᠧᠨ ᠳ᠋ᠦ᠋ ᠰᠠᠭᠤᠭᠠᠯᠢ ᠠᠷᠠᠳ᠎ᠤᠨ ᠲᠣᠭᠤᠷᠢᠭ᠎ᠲᠤ ᠡᠬᠢᠯᠡᠪᠡ᠃ ᠠᠵᠢᠯᠯᠠᠭ᠎ᠠ᠎ᠨᠢ ᠲᠤᠬᠠᠶ᠎ᠶ᠋ᠢᠨ ᠲᠠᠯᠠᠪᠠᠢ᠎ᠳᠤ ᠠᠰᠠᠭᠤᠨ ᠯᠠᠪᠯᠠᠬᠤ ᠪᠠ ᠡᠷᠦᠬᠡ᠎ᠳᠤ ᠬᠦᠨᠵᠡᠬᠡᠢᠷᠡᠬᠦ᠌ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠰᠠᠭᠤᠭᠠᠯᠢ ᠠᠷᠠᠳ᠎ᠲᠤ ᠤᠷᠠᠨ ᠰᠠᠢᠬᠠᠨ᠎ᠤ ᠲᠣᠭ᠍ᠯᠠᠯᠲᠠ᠂ ᠠᠯᠪᠠᠨ ᠵᠢᠷᠤᠮ᠎ᠤᠨ ᠡᠮᠴᠢᠯᠡᠭᠡ᠂ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ᠎ᠢ ᠲᠠᠭ᠍ᠯᠠᠬᠤ ᠲᠤᠬᠠᠢ ᠵᠢᠯᠣᠭᠤᠳᠣᠯᠭ᠎ᠠ᠂ ᠱᠢᠲᠠᠮᠠᠬᠠᠶ ᠬᠡᠶ ᠪᠠ ᠴᠠᠬᠢᠯᠭᠠᠨ᠎ᠤ ᠤᠳᠠᠰᠤ᠎ᠶ᠋ᠢ ᠪᠠᠢᠴᠠᠭᠠᠨ ᠵᠠᠰᠠᠬᠤ᠂ ᠬᠡᠷ᠎ᠲᠤ᠎ᠨᠢ ᠬᠦᠷᠴᠦ᠍ ᠦᠰᠦ ᠵᠠᠰᠠᠵᠤ ᠥᠭ᠌ᠬᠦ ᠵᠡᠷᠭᠡ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡ ᠬᠠᠩᠭᠠᠪᠠ᠃
《ᠲᠠ ᠨᠠᠷ ᠤᠷᠢᠳ᠎ᠢᠶᠠᠷ ᠪᠤᠭᠤᠵᠤ ᠪᠠᠢ᠂ ᠪᠢ ᠮᠥᠳᠳᠥ ᠢᠷᠡᠵᠦ᠍ ᠬᠠᠪᠰᠤᠷᠤᠶ᠎ᠠ᠃ ᠰᠠᠢᠨ ᠳᠤᠷᠠᠴᠤᠳ ᠬᠡᠷ᠎ᠲᠤ ᠣᠷᠣᠭᠠᠳ ᠴᠠᠬᠢᠯᠭᠠᠨ᠎ᠤ ᠤᠳᠠᠰᠤ᠎ᠶ᠋ᠢ ᠵᠠᠰᠠᠵᠤ ᠦᠭ᠌ᠭᠦ ᠬᠡᠵᠥ᠍ ᠪᠠᠢᠨ᠎ᠠ᠂ ᠪᠢ ᠬᠠᠷᠢᠬᠤ ᠥᠬᠡᠶ ᠪᠣᠯᠬᠤ ᠥᠬᠡᠶ ᠪᠤᠯᠵᠠᠢ》 ᠬᠡᠵᠥ᠍ ᠬᠠᠭᠠᠰ ᠪᠣᠭᠤᠭ᠍ᠰᠠᠨ ᠽᠦᠩᠽᠢ᠎ᠪᠠᠨ ᠨᠢᠭᠡ ᠲᠠᠢᠰᠢ᠎ᠪᠠᠨ ᠲᠠᠯᠪᠢᠭᠠᠳ᠂ ᠭᠦᠸᠧ ᠹᠧᠩ ᠶᠢᠩ ᠰᠡᠩᠳᠡ ᠮᠡᠩᠳᠡ ᠭᠡᠷ᠎ᠲᠡᠭᠡᠨ ᠬᠠᠷᠢᠪᠠ᠃
ᠤᠷᠠᠯᠢᠭ᠎ᠤᠨ ᠲᠢᠩᠬᠢᠮ᠎ᠤᠨ ᠬᠤᠢᠲᠤ ᠵᠡᠭᠡᠯᠢ ᠨᠡᠢᠭᠡᠮ ᠲᠣᠭᠤᠷᠢᠭ᠎ᠤᠨ ᠣᠯᠠᠩᠬᠢ᠎ᠨᠢ ᠪᠦᠷ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ ᠪᠠᠢᠵᠤ᠂ ᠬᠡᠷ᠎ᠲᠠᠬᠢ ᠱᠢᠲᠠᠮᠠᠬᠠᠶ ᠬᠡᠶ᠎ᠶ᠋ᠢᠨ ᠬᠤᠭᠤᠯᠠᠶ ᠲᠤᠤᠷ ᠪᠠ ᠴᠠᠬᠢᠯᠭᠠᠨ ᠤᠲᠠᠰᠤ᠎ᠨᠢ ᠬᠠᠭᠤᠴᠢᠷᠠᠵᠤ᠂ ᠮᠠᠰᠢ ᠶᠡᠭᠡ ᠠᠮᠤᠷ ᠲᠦᠪᠱᠢᠨ᠎ᠤ ᠳᠠᠯᠳᠠ ᠬᠡᠮ ᠣᠷᠣᠱᠢᠵᠤ ᠪᠠᠢᠨ᠎ᠠ᠃ ᠬᠥᠬᠡᠬᠤᠲᠠ᠎ᠶ᠋ᠢᠨ ᠵᠥᠩ ᠷᠠᠨ ᠬᠤᠲᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠳᠡᠶ᠋ᠢᠨ ᠬᠢᠵᠠᠭᠠᠷᠲᠤ ᠺᠣᠮᠫᠠᠨᠢ᠂ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠲᠣᠪᠴᠢᠶ᠎ᠠ᠎ᠶ᠋ᠢᠨ ᠱᠢᠨ᠎ᠡ ᠬᠤᠲᠠ᠎ᠶ᠋ᠢᠨ ᠬᠤᠪᠢᠶᠠᠷᠢ ᠲᠣᠪᠴᠢᠶ᠎ᠠ᠎ᠶ᠋ᠢᠨ ᠬᠠᠮᠳᠤᠷᠠᠭ᠍ᠰᠠᠨ ᠵᠠᠰᠠᠨ ᠪᠠᠢᠴᠠᠭᠠᠬᠤ ᠦᠢᠯᠡᠴᠢᠯᠡᠭᠡᠨ᠎ᠤ ᠰᠠᠯᠪᠤᠷᠢ ᠠᠩᠭᠢ ᠰᠠᠭᠤᠭᠠᠯᠢ ᠠᠷᠠᠳ᠎ᠤᠨ ᠬᠡᠷ᠎ᠲᠤ ᠤᠷᠤᠵᠤ᠂ ᠱᠢᠲᠠᠮᠠᠬᠠᠶ ᠬᠡᠶ ᠪᠠᠢᠴᠠᠭᠠᠬᠤ ᠪᠠ ᠴᠠᠬᠢᠯᠭᠠᠨ ᠤᠲᠠᠰᠤᠨ᠎ᠤ ᠪᠠᠢᠴᠠᠭᠠᠨ ᠵᠠᠰᠠᠬᠤ ᠦᠢᠯᠡᠴᠢᠯᠡᠭᠡ ᠬᠠᠩᠭᠠᠭ᠍ᠰᠠᠨ ᠪᠦᠭᠡᠳ ᠱᠢᠲᠠᠮᠠᠬᠠᠶ ᠬᠡᠶ᠎ᠶ᠋ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠵᠢᠴᠢ ᠴᠠᠬᠢᠯᠭᠠᠨ᠎ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠮᠡᠳᠡᠯᠭᠡ᠎ᠶ᠋ᠢ ᠤᠬᠠᠭᠤᠯᠤᠨ ᠲᠦᠭᠡᠮᠡᠯᠵᠢᠭᠦᠯᠵᠠᠢ᠃
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠨᠢᠬᠦᠯᠥᠭ᠌ᠰᠡᠨᠠᠴᠠ ᠨᠠᠭᠠᠰᠢ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠨᠠᠮ᠎ᠤᠨ ᠬᠤᠷᠢᠶ᠎ᠠ ᠨᠠᠮ᠎ᠤᠨ ᠭᠡᠱᠢᠭᠦᠨ᠂ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ᠂ ᠰᠠᠢᠨ ᠲᠤᠷᠠᠴᠤᠳ ᠵᠡᠷᠭᠡ ᠬᠦᠴᠦᠨ᠎ᠢ ᠲᠥᠪᠯᠡᠷᠡᠭᠦᠯᠵᠦ᠍᠂ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ᠎ᠶ᠋ᠢ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠦᠢᠯᠡᠴᠢᠯᠡᠬᠦ᠌ ᠪᠣᠳᠠᠲᠠᠢ ᠠᠵᠢᠯᠯᠠᠭ᠎ᠠ ᠪᠤᠯᠭᠠᠨ ᠬᠤᠪᠢᠷᠠᠭᠤᠯᠵᠤ᠂ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠴᠤ᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠤ᠂ ᠤᠯᠠᠨ ᠲᠦᠮᠡᠨ᠎ᠤ ᠵᠢᠷᠭᠠᠯᠲᠤ ᠲᠦᠷᠦᠭ᠌ᠳᠡᠯ᠂ ᠬᠠᠨᠤᠮᠵᠢ᠎ᠶ᠋ᠢᠨ ᠲᠦᠷᠦᠭ᠌ᠳᠡᠯ ᠪᠠ ᠠᠮᠤᠷ ᠲᠦᠪᠱᠢᠨ᠎ᠤ ᠲᠦᠷᠦᠭ᠌ᠳᠡᠯ᠎ᠢ ᠳᠡᠭᠡᠭ᠌ᠰᠢᠯᠡᠭᠦᠯᠵᠤ ᠪᠤᠢ᠃
ᠬᠠᠮᠲᠤᠷᠠᠨ ᠤᠷᠤᠯᠴᠠᠭ᠍ᠰᠠᠨ ᠪᠠᠢᠭᠤᠯᠤᠮᠵᠢ᠄
● ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠡᠯ᠎ᠠ ᠨᠠᠮ᠎ᠤᠨ ᠡᠭᠦᠷ᠎ᠤᠨ ᠦᠢᠯᠡᠴᠢᠯᠡᠭᠡᠨ᠎ᠤ ᠠᠩᠭᠢ᠎ᠶ᠋ᠢᠨ ᠬᠠᠮᠲᠤᠷᠠᠭ᠍ᠰᠠᠨ ᠳᠣᠯᠣᠳᠤᠭᠠᠷ ᠠᠩᠭᠢ (ᠨᠡᠢᠭᠡᠮ᠎ᠤᠨ ᠰᠣᠨᠢᠨ ᠮᠡᠳᠡᠭᠡᠨ᠎ᠤ ᠲᠥᠪ᠂ ᠣᠨᠣᠯ᠎ᠤᠨ ᠰᠣᠨᠢᠨ ᠮᠡᠳᠡᠭᠡᠨ᠎ᠤ ᠲᠥᠪ᠂ ᠬᠠᠮ ᠵᠠᠭᠤᠴᠢᠯᠠᠭᠤᠷ᠎ᠤᠨ ᠬᠠᠷᠠᠭᠠᠨ ᠰᠡᠷᠡᠯ᠎ᠤᠨ ᠲᠥᠪ) ᠤᠮᠠᠷᠠᠲᠤ᠎ᠶ᠋ᠢᠨ ᠱᠢᠨ᠎ᠡ ᠰᠣᠨᠢᠨ᠎ᠤ ᠦᠢᠯᠡᠴᠢᠯᠡᠭᠡᠨ᠎ᠤ ᠠᠩᠭᠢ
● ᠬᠦᠬᠡᠬᠤᠲᠠ᠎ᠶ᠋ᠢᠨ ᠱᠢᠨ᠎ᠡ ᠬᠤᠳᠡ ᠲᠣᠭᠤᠷᠢᠭ᠎ᠤᠨ ᠪᠠᠷᠠᠭᠤᠨ ᠵᠡᠭᠡᠯᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠷᠠᠯᠢᠭ᠎ᠤᠨ ᠲᠢᠩᠬᠢᠮ᠎ᠤᠨ ᠬᠤᠢᠲᠤ ᠵᠡᠭᠡᠯᠢ᠎ᠶ᠋ᠢᠨ ᠨᠡᠢᠭᠡᠮ ᠲᠣᠭᠤᠷᠢᠭ
● ᠬᠥᠬᠡᠬᠤᠲᠠ᠎ᠶ᠋ᠢᠨ ᠵᠦᠩ ᠷᠠᠨ ᠬᠤᠳᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ
● ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠲᠣᠪᠴᠢᠶᠠᠨ᠎ᠤ ᠱᠢᠨ᠎ᠡ ᠬᠤᠲᠠ᠎ᠶ᠋ᠢᠨ ᠬᠤᠪᠢᠶᠠᠷᠢ ᠲᠣᠪᠴᠢᠶ᠎ᠠ
● ᠬᠥᠬᠡᠬᠤᠲᠠ᠎ᠶ᠋ᠢᠨ ᠯᠢ ᠶᠠᠨ ᠵᠢᠰᠦ ᠭᠤᠶᠣᠯᠠᠵᠤ ᠦᠰᠦ ᠵᠠᠰᠠᠬᠤ ᠰᠤᠷᠭᠠᠭᠤᠯᠢ
● ᠶ᠋ᠢᠨ ᠴᠢᠶᠣᠤ᠎ᠶ᠋ᠢᠨ ᠺᠠᠶ ᠮᠧᠩ ᠬᠢᠲᠠᠳ ᠡᠮᠨᠡᠯᠭᠡ᠎ᠶ᠋ᠢᠨ ᠬᠤᠷᠢᠶ᠎ᠠ
● ᠥᠪᠥᠷ ᠮᠣᠩᠭᠤᠯ᠎ᠤᠨ ᠬᠤᠩ ᠳ᠋ᠧ ᠰᠤᠷᠭᠠᠨ ᠬᠥᠮᠦᠵᠢᠯ᠎ᠤᠨ ᠯᠠᠪᠯᠠᠭ᠎ᠠ᠎ᠶ᠋ᠢᠨ ᠬᠢᠵᠠᠭᠠᠷᠲᠤ ᠺᠣᠮᠫᠠᠨᠢ

ᠶᠠᠳᠠᠭᠤ ᠬᠦᠴᠢᠷᠳᠡᠯᠳᠡᠢ ᠤᠯᠠᠨ ᠲᠦᠮᠠᠨ᠎ᠢ ᠲᠤᠬᠤᠨᠢᠭᠤᠯᠤᠨ᠎ᠠ

ᠦᠨ᠎ᠠ ᠲᠦᠯᠦᠪᠤᠷᠢ ᠦᠭᠡᠢ ᠪᠠᠷ ᠦᠰᠦ ᠶ᠋ᠢ ᠨᠢ ᠵᠠᠰᠠᠵᠤ ᠥᠭ᠌ᠬᠦᠨ᠎ᠠ

《ᠨᠠᠮ ᠪᠠ ᠤᠯᠠᠨ ᠲᠦᠮᠠᠨ ᠰᠡᠳᠭᠢᠯ᠎ᠢᠶᠠᠷ᠎ᠢᠶᠠᠨ ᠬᠤᠯᠪᠤᠭᠠᠳᠠᠢ》 ᠰᠠᠨᠠᠯ ᠬᠤᠷᠢᠶᠠᠬᠤ ᠬᠠᠢᠷᠴᠠᠭ

ᠠᠵᠢᠯᠯᠠᠭᠠᠨ᠎ᠤ ᠡᠬᠢᠯᠡᠯᠳᠡ᠎ᠶ᠋ᠢᠨ ᠶᠤᠰᠤᠯᠠᠯ

ᠠᠯᠪᠠᠨ ᠵᠢᠷᠤᠮ᠎ᠤᠨ ᠡᠮᠴᠢᠯᠡᠭᠡ

ᠽᠦᠡᠭ᠌ᠽᠢ ᠪᠤᠭᠤᠨ᠎ᠠ

ᠡᠮ᠎ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠲᠤᠬᠠᠢ ᠮᠡᠳᠡᠯᠭᠡ ᠲᠦᠭᠡᠮᠡᠯᠵᠢᠬᠦᠯᠦᠨᠠ

ᠱᠢᠳᠠᠮᠠᠬᠠᠢ ᠬᠡᠢ᠎ᠶ᠋ᠢ ᠱᠢᠯᠭᠠᠨ ᠪᠠᠢᠴᠠᠭᠠᠨ᠎ᠠ
ᠠᠵᠢᠯᠯᠠᠭᠠᠨ᠎ᠤ ᠠᠬᠤᠢ ᠲᠠᠯᠠᠪᠠᠢ
ᠳᠤᠰ ᠰᠣᠨᠢᠨ᠎ᠤ ᠰᠤᠷᠪᠤᠯᠵᠢᠯᠠᠭ᠍ᠴᠢ ᠮᠠ ᠵᠢᠶᠠᠨ ᠴᠢᠤᠸᠠᠨ ᠰᠡᠭᠦᠳᠡᠷᠯᠡᠪᠡ