ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠲᠡᠭ᠌ᠵᠢᠬᠦᠯᠥᠭ᠌ᠰᠡᠨ 《ᠮᠡᠷᠬᠡᠨ ᠵᠤᠷ》
2021-06-13 13:02:31
ᠵᠣᠬᠢᠶᠠᠭ᠍ᠴᠢ᠄
ᠡᠷᠳᠡᠨᠢᠵᠢᠷᠭᠠᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠰᠤᠷᠪᠣᠯᠵᠢᠯᠠᠬ᠍ᠴᠢ ᠤᠳᠤᠬ᠎ᠤᠨ ᠡᠮᠥᠨᠡᠳᠥ ᠬᠤᠱᠢᠭᠤᠨ᠎ᠤ ᠵᠠᠰᠠᠬ᠎ᠤᠨ ᠶᠠᠪᠤᠳᠠᠯ᠎ᠤᠨ ᠥᠢᠯᠡᠴᠢᠯᠡᠬᠡᠨ᠎ᠤ ᠶᠡᠭᠡ ᠲᠢᠩᠬᠢᠮ᠎ᠳᠤ ᠤᠷᠤᠬᠤ᠎ᠳᠤ᠂ 《ᠣᠳᠣ ᠤᠯᠠᠨ ᠶᠠᠪᠤᠳᠠᠯ᠎ᠢ ᠠᠳᠡ ᠪᠦᠷ ᠬᠥᠢᠴᠡᠳᠭᠡᠵᠥ᠍ ᠲᠡᠢᠯᠬᠦ᠌ ᠪᠤᠯᠤᠭ᠍ᠰᠠᠨ᠂ ᠬᠡᠷᠡᠭ᠌ᠰᠡᠬᠦ᠌ ᠴᠢᠬᠤᠯᠡ᠎ᠲᠠᠢ ᠪᠢᠴᠢᠭ ᠮᠠᠲ᠋ᠧᠷᠢᠶᠠᠯ᠎ᠢᠶᠠᠨ ᠠᠪᠤᠭᠠᠳ ᠢᠷᠡᠪᠡᠯ ᠨᠢᠬᠡ ᠯᠡ ᠲᠡᠬᠡᠷ᠎ᠠ ᠲᠠᠭᠤᠰᠭᠠᠴᠢᠬᠠᠨ᠎ᠠ᠂ ᠬᠦᠴᠡᠳᠭᠡᠬᠦ᠌᠎ᠨᠢ ᠳᠥᠷᠬᠡᠨ ᠪᠥᠬᠡᠳ ᠥᠢᠯᠡᠴᠢᠯᠡᠬᠦ᠌ ᠤᠪᠤᠷ᠎ᠨᠢ ᠴᠥ᠍ ᠰᠡᠢᠨ》 ᠬᠡᠵᠤ ᠠᠳᠡ ᠢᠷᠡᠵᠥ᠍ ᠭᠠᠷ ᠬᠥᠢᠴᠡᠳᠭᠡᠯ ᠬᠢᠭ᠌ᠰᠡᠳ ᠠᠮᠠ ᠬᠠᠮᠬᠢᠯ ᠥᠬᠡᠢ ᠮᠠᠬ᠍ᠳᠠᠵᠠᠭᠠᠨ᠎ᠠ᠃

ᠳᠥᠷᠥᠬᠦᠬᠡᠨ᠂ ᠤᠷᠳᠤᠰ ᠬᠤᠳᠠ᠎ᠶ᠋ᠢᠨ ᠠᠩᠬᠠᠳᠠᠬ᠍ᠴᠢ ᠬᠤᠱᠢᠭᠤ ᠱᠢᠶᠠᠨ᠎ᠤ ᠲᠡᠰ᠎ᠤᠨ 《ᠥᠪᠥᠷ ᠮᠤᠩᠭᠤᠯ᠎ᠤᠨ ᠠᠵᠣ ᠠᠬᠤᠢ᠍ᠢᠯᠠᠯ᠎ᠲᠠᠢ ᠨᠡᠪᠳᠡᠷᠡᠯᠴᠡᠬᠦ᠌》 ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢ᠍ᠢᠯᠠᠯ᠎ᠤᠨ ᠶᠡᠷᠤᠩᠬᠡᠢᠯᠡᠭ᠌ᠰᠡᠨ ᠥᠢᠯᠡᠴᠢᠯᠡᠬᠡᠨ᠎ᠤ ᠲᠠᠪᠴᠠᠩ ᠤᠳᠤᠬ᠎ᠤᠨ ᠡᠮᠤᠨᠡᠳᠤ ᠬᠤᠱᠢᠭᠤᠨ᠎ᠳᠤ ᠪᠠᠢᠭᠤᠯᠤᠬ᠍ᠳᠠᠵᠤ᠂ ᠠᠱᠢᠬ᠍ᠯᠠᠯᠳᠠ᠎ᠳᠤ ᠤᠷᠤᠬ᠍ᠰᠡᠠ ᠪᠠᠢᠨ᠎ᠠ᠃ ᠳᠤᠰ ᠲᠠᠪᠴᠠᠩ᠎ᠨᠢ 《ᠠᠵᠤ ᠠᠬᠤᠢ᠍ᠢᠯᠠᠯ᠎ᠤᠨ ᠬᠥᠰᠡᠯ ᠱᠠᠭᠠᠷᠳᠠᠯᠭ᠎ᠠ》᠂ 《ᠳᠥᠷᠥ᠎ᠶ᠋ᠢᠨ ᠪᠤᠳᠤᠯᠭ᠎ᠠ᠎ᠶ᠋ᠢ ᠬᠥᠷᠬᠡᠬᠦ᠌》᠂ 《ᠠᠰᠠᠭᠤᠯᠳᠠ ᠬᠠᠷᠢᠭᠤᠯᠳᠠ᠎ᠶ᠋ᠢᠨ ᠪᠠᠢᠴᠠᠭᠠᠯᠳᠠ》᠂ 《ᠳᠤᠭ᠎ᠠ ᠪᠠᠷᠢᠮᠳᠠ᠎ᠶ᠋ᠢᠨ ᠬᠥᠮᠥᠷᠬᠡ》 ᠵᠡᠷᠬᠡ ᠳᠥᠷᠪᠡᠨ ᠶᠡᠭᠡ ᠴᠢᠳᠠᠮᠵᠢ᠎ᠲᠠᠢ ᠪᠠᠢᠵᠣ᠂ ᠥᠪᠡᠷᠳᠡᠭᠡᠨ ᠵᠠᠰᠠᠬᠤ ᠤᠷᠤᠨ᠂ ᠠᠢᠮᠠᠬ ᠬᠤᠳᠠ᠂ ᠬᠤᠱᠢᠭᠤ ᠱᠢᠶᠠᠨ ᠭᠤᠷᠪᠠᠨ ᠱᠠᠳᠤᠨ᠎ᠤ ᠳᠤᠭ᠎ᠠ ᠪᠠᠷᠢᠮᠳᠠ᠎ᠶ᠋ᠢ ᠬᠠᠷᠢᠯᠴᠠᠨ ᠨᠡᠪᠳᠡᠷᠡᠯᠴᠡᠬᠦ᠌ ᠪᠤᠯᠭᠠᠭ᠍ᠰᠠᠨ᠎ᠢᠶᠠᠷ ᠠᠵᠣ ᠠᠬᠤᠢ᠍ᠢᠯᠠᠯ ᠪᠤᠯᠤᠨ ᠵᠠᠰᠠᠬ᠎ᠤᠨ ᠣᠷᠳᠣᠨ᠎ᠤ ᠬᠤᠭᠤᠷᠣᠨᠳᠣᠬᠢ ᠬᠠᠷᠢᠯᠴᠠᠭ᠎ᠠ᠎ᠶ᠋ᠢ ᠱᠢᠯᠤᠭᠤᠳᠭᠠᠭ᠍ᠰᠠᠨ ᠪᠠᠢᠨ᠎ᠠ᠃

ᠡᠨᠡ ᠵᠢᠯ᠎ᠤᠨ 4 ᠰᠠᠷ᠎ᠠ᠎ᠶ᠋ᠢᠨ ᠰᠡᠬᠦᠯᠴᠢ᠎ᠪᠠᠷ᠂ 《ᠣᠳᠤᠬ᠎ᠤᠨ ᠡᠮᠥᠨᠡᠳᠥ ᠬᠤᠱᠢᠭᠤᠨ᠎ᠤ ᠵᠠᠷᠯᠠᠯ》 ᠲᠡᠬᠡᠷ᠎ᠠ᠂ ᠨᠢᠬᠡᠨ ᠮᠡᠷᠬᠡᠨ ᠴᠤᠬᠤᠷ ᠨᠡᠢᠳᠡᠯᠡᠭ᠌ᠳᠡᠵᠤ᠂ 《ᠮᠡᠷᠬᠡᠨ ᠴᠤᠬᠤᠷ ᠲᠡᠬᠡᠷ᠎ᠠ ᠵᠠᠭᠠᠯᠳᠣᠬᠤ》᠂ 《ᠮᠡᠷᠬᠡᠨ ᠴᠤᠬᠤᠷ ᠲᠡᠬᠡᠷ᠎ᠠ ᠬᠢᠨᠠᠯᠳᠠ ᠲᠠᠯᠪᠢᠬᠤ》 ᠱᠢᠨ᠎ᠠ ᠠᠭᠤᠯᠭ᠎ᠠ᠎ᠶ᠋ᠢ ᠨᠡᠬᠡᠬᠡᠵᠤ᠂ ᠬᠤᠱᠢᠭᠤᠨ᠎ᠤ ᠱᠢᠭᠤᠳ ᠬᠠᠷᠢ᠊ ᠡᠶ᠎ᠡ ᠪᠠᠢᠭᠤᠯᠭ᠎ᠠ᠂ ᠠᠵᠤ ᠠᠬᠤᠢ᠍ᠢᠯᠠᠯ᠂ ᠠᠵᠢᠯ ᠥᠢᠯᠡᠰ᠎ᠤᠨ ᠨᠢᠬᠡᠴᠢ᠎ᠶ᠋ᠢᠨ ᠳᠥᠷᠥᠯ ᠵᠥᠢᠯ᠎ᠢ ᠬᠢᠨᠡᠨ ᠵᠥᠪᠱᠢᠶᠡᠷᠡᠬᠦ᠂ ᠠᠷᠠᠳ᠎ᠲᠤ ᠥᠢᠯᠡᠴᠢᠯᠡᠬᠦ᠌ ᠶᠠᠪᠤᠴᠨ ᠳᠤᠮᠳᠠ ᠢᠯᠡᠷᠡᠭ᠌ᠰᠡᠨ ᠥᠢᠯᠡᠴᠢᠯᠡᠭᠡ ᠠᠨᠠᠢ ᠪᠠᠢᠬᠤ ᠠᠰᠠᠭᠤᠳᠠᠯ ᠪᠠ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠳᠣᠮᠳᠠ ᠢᠯᠡᠷᠡᠭ᠌ᠰᠡᠨ ᠠᠰᠠᠭᠤᠳᠠᠯ᠎ᠢ ᠱᠢᠢᠳᠪᠥᠷᠢᠯᠡᠭ᠌ᠰᠡᠨ ᠪᠠᠢᠨ᠎ᠠ᠃

ᠳᠣᠰ ᠬᠤᠱᠢᠭᠤ ᠠᠰᠠᠭᠤᠳᠠᠯ᠎ᠢ ᠣᠷᠳᠣ ᠬᠤᠭᠤᠴᠠᠭ᠎ᠠ ᠪᠠᠳᠣᠯᠠᠭ᠎ᠠ᠎ᠲᠠᠢ ᠱᠢᠢᠳᠪᠥᠷᠢᠯᠡᠬᠦ᠌᠎ᠶ᠋ᠢᠨ ᠳᠥᠯᠥᠬᠡ᠂ 《ᠪᠥᠬᠦ᠌ ᠬᠤᠱᠢᠭᠤᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠱᠢᠪᠳᠤᠯᠤᠯᠳᠠ᠎ᠶ᠋ᠢᠨ ᠠᠵᠢᠯᠯᠠᠭ᠎ᠠ᠎ᠶ᠋ᠢᠨ ᠲᠠᠢᠴᠢᠯᠠᠯᠳᠠ᠎ᠶ᠋ᠢᠨ ᠶᠡᠭᠡ ᠬᠤᠷᠠᠯ᠎ᠤᠨ ᠡᠬᠦᠷᠬᠡ᠎ᠶ᠋ᠢᠨ ᠳᠤᠳᠤᠷᠬᠠᠢ ᠬᠠᠭᠤᠳᠠᠰᠤ》᠂ 《ᠪᠥᠬᠦ᠌ ᠬᠤᠱᠢᠭᠤᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠳᠤᠮᠳᠡᠬᠢ ᠠᠰᠠᠭᠤᠳᠠᠯ᠎ᠢ ᠥᠬᠡᠷᠡᠴᠢᠯᠡᠨ ᠰᠠᠢᠵᠢᠷᠠᠭᠤᠯᠤᠬ᠍ᠰᠠᠨ ᠬᠠᠷᠢᠭᠤᠴᠠᠯᠭ᠎ᠠ᠎ᠶ᠋ᠢᠨ ᠨᠠᠷᠢᠨ ᠲᠠᠩᠰᠠ》 ᠵᠡᠷᠬᠡ᠎ᠶ᠋ᠢ ᠲᠠᠷᠣᠮᠠᠯᠯᠠᠨ ᠲᠠᠷᠬᠠᠭᠠᠵᠣ᠂ ᠣᠳᠣᠷᠢᠳᠣᠯᠭ᠎ᠠ᠎ᠶ᠋ᠢᠨ ᠬᠠᠷᠢᠭᠤᠴᠠᠯᠭ᠎ᠠ᠂ ᠪᠠᠢᠭᠤᠯᠭ᠎ᠠ᠎ᠶ᠋ᠢᠨ ᠬᠠᠷᠢᠭᠤᠴᠠᠯᠭ᠎ᠠ᠂ ᠴᠠᠬ᠎ᠤᠨ ᠬᠢᠵᠠᠭᠠᠷ᠎ᠢ ᠢᠯᠡ ᠪᠣᠯᠭᠠᠵᠣ᠂ ᠳᠣᠰᠭᠠᠢ ᠬᠥᠮᠥᠨ ᠬᠢᠨᠠᠨ ᠬᠠᠮᠢᠶᠠᠷᠴᠥ᠍᠂ ᠭᠠᠷᠠᠬ ᠪᠥᠷᠢ ᠨᠢᠬᠡ ᠣᠳᠠᠭ᠎ᠠ ᠨᠠᠢᠳᠡᠯᠡᠵᠣ᠂ ᠠᠰᠠᠭᠤᠳᠠᠯ ᠱᠢᠢᠳᠪᠥᠷᠢᠯᠡᠬᠦ᠌ ᠠᠬᠢᠴᠨ᠎ᠶ᠋ᠢ ᠳᠥᠷᠬᠡᠳᠭᠡᠭ᠌ᠰᠡᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号