ᠰᠡᠳᠭᠢᠯ᠎ᠢ ᠳᠠᠲᠠᠮ᠎ᠠ ᠬᠦᠯᠦᠨ᠎ᠤ ᠦᠵᠡᠮᠵᠢ
2021-06-13 16:26:03
ᠵᠣᠬᠢᠶᠠᠭ᠍ᠴᠢ᠄
ᠪᠠᠢ ᠴᠦᠨ ᠼᠠᠢ ᠳ᠋ᠦᠩ ᠮᠸᠢ ᠯᠢ ᠢᠦᠢ ᠵᠦᠸᠧ ᠸᠠᠩ ᠭᠤᠸᠠᠨ ᠵᠢᠩ ᠪᠤᠤ ᠰᠠᠷᠠᠭᠤᠯ ᠴᠤᠪᠤᠭᠤ ᠎ᠶ᠋ᠢᠨ ᠴᠢᠤᠸᠠᠨ ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆


6 ᠰᠠᠷ᠎ᠠ᠎ᠶ᠋ᠢᠨ 11 ᠎ᠤ ᠦᠳᠡ᠎ᠶ᠋ᠢᠨ ᠡᠮᠦᠨ᠎ᠡ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ 《ᠡᠭᠦᠷᠢᠳᠡ ᠨᠠᠮ᠎ᠢᠶᠠᠨ ᠳᠠᠭᠠᠶ᠎ᠠ — ᠡᠬᠦᠯᠡᠨ ᠬᠦᠯᠦᠭ • ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ᠎ᠤᠨ ᠲᠤᠮᠤ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ》 ᠎ᠶ᠋ᠢᠨ ᠵᠡᠭᠦᠨ ᠬᠡᠰᠡᠭ᠎ᠤᠨ ᠰᠤᠷᠪᠤᠯᠵᠢᠯᠠᠭ᠎ᠠ᠎ᠶ᠋ᠢᠨ ᠳᠤᠭᠤᠢᠯᠠᠩ᠎ᠤᠨ᠎ᠬᠢᠨ ᠬᠦᠯᠦᠨ ᠨᠠᠭᠤᠷ᠎ᠤᠨ ᠱᠢᠶᠣᠤ ᠾᠧ ᠺᠸᠦ ᠦᠵᠡᠮᠵᠢ᠎ᠶ᠋ᠢᠨ ᠣᠷᠣᠨ᠎ᠳᠤ ᠬᠦᠷᠬᠦ᠌᠎ᠳᠤ ᠰᠠᠢᠨ ᠲᠤᠷᠠᠴᠤᠤᠯ᠎ᠤᠨ ᠴᠡᠪᠡᠷᠯᠡᠭᠡ ᠬᠢᠵᠦ᠍ ᠪᠠᠢᠭ᠎ᠠ᠎ᠲᠠᠢ ᠲᠠᠭᠠᠷᠠᠯᠳᠤᠯ᠎ᠠ᠃


1.png

6 ᠰᠠᠷ᠎ᠠ᠎ᠶ᠋ᠢᠨ ᠬᠥᠯᠥᠨ ᠨᠠᠭᠤᠷ ᠨᠤᠮᠢᠨ ᠲᠤᠯᠬᠢᠶᠠᠨ ᠬᠠᠶᠠᠯᠠᠵᠦ᠍᠂ ᠤᠯᠠᠭᠠᠨᠨᠠᠭᠤᠷ ᠬᠠᠮᠠᠭᠠᠯᠠᠯᠳᠠ᠎ᠶ᠋ᠢᠨ ᠲᠤᠭᠤᠷᠢᠭ᠎ᠲᠤ ᠭᠠᠯᠠᠭᠤ ᠱᠢᠪᠠᠭᠤ᠂ ᠠᠩᠭᠠᠬᠠᠶ ᠳᠡᠭ᠌ᠳᠡᠭᠡᠬᠡᠢ ᠵᠢᠭ᠌ᠳᠡᠷᠡᠨ ᠱᠤᠮᠪᠠᠵᠦ᠍᠂ ᠤᠨᠴᠠ᠎ᠶ᠋ᠢᠨ ᠵᠢᠷᠭᠠᠯᠳᠠᠢ᠃

ᠱᠠᠩᠬᠤᠳᠤ ᠭᠠᠯᠠᠭᠤ᠂ ᠲᠤᠮᠤ ᠬᠠᠯᠳᠠᠷ ᠨᠤᠭᠤᠰᠤ᠂ ᠯᠠᠮᠠ ᠭᠠᠯᠠᠭᠤ ᠁ ᠵᠦᠭ ᠵᠦᠭ᠎ᠠᠴᠠ ᠬᠤᠷᠠᠨ ᠴᠤᠭ᠍ᠯᠠᠷᠠᠭ᠍ᠰᠠᠨ ᠨᠡᠭᠦᠳᠡᠯ᠎ᠤᠨ ᠱᠢᠪᠠᠭᠤᠳ ᠬᠥᠯᠥᠨ ᠨᠠᠭᠤᠷ᠎ᠤᠨ ᠨᠠᠮ ᠬᠦᠮ᠎ᠢ ᠡᠪᠳᠡᠵᠦ᠍ ᠬᠢᠵᠠᠭᠠᠷ ᠦᠭᠡᠢ ᠠᠮᠢᠵᠢᠷᠠᠯ᠎ᠤᠨ ᠬᠦᠴᠦᠨ ᠨᠡᠮᠡᠪᠡ᠃



ᠡᠨᠡ ᠪᠦᠬᠦᠠ ᠬᠥᠯᠥᠨ ᠨᠠᠭᠤᠷ᠎ᠤᠨ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠭ᠍ᠰᠠᠨ᠎ᠠᠴᠠ ᠰᠠᠯᠵᠦ᠍ ᠴᠢᠳᠠᠬᠤ ᠦᠬᠡᠢ ᠶᠤᠮ᠃

ᠣᠢᠷ᠎ᠠ᠎ᠶ᠋ᠢᠨ ᠵᠢᠯ᠎ᠳᠤ ᠬᠥᠯᠥᠨ ᠪᠤᠢᠷ ᠬᠤᠲᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠥᠯᠥᠨ ᠨᠠᠭᠤᠷ᠎ᠤᠨ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠢ ᠪᠠᠳᠤᠯᠠᠭ᠍ᠰᠠᠨ ᠰᠠᠭᠤᠷᠢᠨ ᠳᠡᠭᠡᠷ᠎ᠡ ᠠᠮᠢ ᠠᠬᠤᠢ ᠣᠷᠴᠢᠨ ᠲᠣᠭᠤᠷᠢᠨ᠎ᠢ ᠰᠠᠢᠵᠢᠷᠠᠭᠤᠯᠬᠤ᠂ ᠦᠵᠡᠮᠵᠢᠲᠦ ᠭᠤᠤᠯ ᠮᠥᠷᠡᠨ ᠨᠠᠭᠤᠷ ᠴᠦᠬᠦᠷᠦᠮ᠎ᠢ ᠵᠠᠰᠠᠨ ᠰᠡᠷᠬᠦᠭᠡᠬᠦ᠌᠎ᠶ᠋ᠢᠨ ᠲᠤᠭᠤᠷᠢᠨ᠎ᠳᠤ ᠭᠤᠤᠯᠳᠠᠯᠭ᠎ᠠ᠎ᠲᠠᠢ ᠬᠠᠷᠠᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠌᠂ ᠪᠠᠢᠭᠠᠯᠢ᠎ᠶ᠋ᠢᠨ ᠵᠢᠮ᠎ᠡ ᠶᠣᠰᠣ᠎ᠶ᠋ᠢᠨ ᠳᠠᠭᠠᠤ ᠬᠦᠯᠦᠨ ᠨᠠᠭᠤᠷ᠎ᠤᠨ ᠴᠢᠳᠭᠤᠯᠠᠩ ᠳᠠᠭᠠᠤ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ ᠪᠠ ᠤᠷᠴᠢᠨ ᠲᠤᠭᠤᠷᠢᠨ᠎ᠤ ᠵᠠᠰᠠᠨ ᠴᠡᠭ᠌ᠴᠡᠯᠡᠯᠲᠡ᠎ᠶ᠋ᠢ ᠴᠢᠩᠭᠠᠳᠭᠠᠭ᠍ᠰᠠᠨ᠎ᠢᠶᠠᠷ᠂ ᠬᠦᠯᠦᠨ ᠨᠠᠭᠤᠷ᠎ᠤᠨ ᠡᠷᠬᠢᠨ ᠲᠤᠭᠤᠷᠢᠨ᠎ᠤ ᠠᠮᠢ ᠠᠬᠤᠢ᠎ᠶ᠋ᠢᠨ ᠤᠷᠴᠢᠨ ᠲᠤᠭᠤᠷᠢᠨ ᠤᠯᠠᠮ ᠰᠠᠢᠵᠢᠷᠠᠵᠤ ᠪᠠᠢᠨ᠎ᠠ᠃



5.png

ᠥᠪᠥᠷ ᠮᠣᠩᠭᠤᠯ᠎ᠤᠨ ᠬᠥᠯᠥᠨ ᠨᠠᠭᠤᠷ᠎ᠤᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠣᠪᠴᠢᠶ᠎ᠠ᠎ᠶ᠋ᠢᠨ ᠠᠵᠢᠯᠲᠠᠨ ᠵᠧᠩ ᠫᠧᠩ᠄ 《ᠪᠦᠷᠢᠳᠭᠡᠯ᠎ᠢᠶᠠᠷ᠂ 2013 ᠣᠨ᠎ᠠᠴᠠ ᠣᠳᠣᠬᠠᠨ ᠪᠣᠯᠲᠠᠯ᠎ᠠ ᠬᠠᠮᠠᠭᠠᠯᠠᠯᠲᠠ᠎ᠶ᠋ᠢᠨ ᠣᠷᠣᠨ᠎ᠤ ᠱᠢᠪᠠᠭᠤᠨ᠎ᠤ ᠲᠥᠷᠥᠯ ᠪᠠ ᠪᠣᠳᠠᠭᠠᠯᠢ ᠲᠤᠭ᠎ᠠ ᠪᠦᠷ ᠵᠢᠯ ᠳᠠᠷᠠᠭᠠᠯᠠᠨ ᠨᠡᠮᠡᠭ᠌ᠳᠡᠬᠦ᠌ ᠬᠠᠨᠳᠤᠰᠢ᠎ᠲᠠᠢ ᠪᠤᠯᠵᠤ᠂ 333 ᠵᠦᠢᠯ ᠪᠠᠢᠭ᠍ᠰᠠᠨ᠎ᠠᠴᠠ᠎ᠪᠠᠨ ᠨᠡᠮᠡᠭ᠌ᠳᠡᠭᠡᠳ 345 ᠪᠣᠯᠵᠦ᠍᠂ ᠬᠥᠯᠥᠨ ᠨᠠᠭᠤᠷ᠎ᠤᠨ ᠵᠢᠭᠠᠰᠤᠨ᠎ᠤ ᠲᠥᠷᠥᠯ ᠵᠦᠢᠯ 32 ᠪᠠᠢᠭ᠍ᠰᠠᠨ᠎ᠠᠴᠠ᠎ᠪᠠᠨ ᠨᠡᠮᠡᠭ᠌ᠳᠡᠭᠡᠳ 35 ᠪᠣᠯᠪᠠ᠃ ᠬᠥᠬᠦᠲᠡᠨ᠎ᠤ ᠲᠥᠷᠥᠯ ᠵᠦᠢᠯ 35 ᠪᠠᠢᠭ᠍ᠰᠠᠨ᠎ᠠᠴᠠ᠎ᠪᠠᠨ 38 ᠪᠣᠯᠪᠠ᠃ ᠤᠷᠵᠢᠨᠤᠨ ᠤᠯᠠᠭᠠᠨᠨᠠᠭᠤᠷ ᠬᠠᠮᠠᠭᠠᠯᠠᠯᠳᠠ᠎ᠶ᠋ᠢᠨ ᠲᠣᠭᠤᠷᠢᠭ᠎ᠲᠤ ᠠᠷᠪᠠᠭᠠᠳ  ᠴᠢᠨ᠋ᠸ᠎ᠠ ᠬᠠᠷᠠᠭ᠍ᠳᠠᠬᠤ ᠪᠤᠯᠵᠦ᠍᠂ ᠵᠡᠭᠡᠷ᠎ᠡ ᠴᠦ᠍ ᠦᠷᠡᠵᠢᠭᠡᠳ 60 ᠭᠠᠷᠤᠢ ᠪᠣᠯᠵᠠᠢ》 ᠭᠡᠵᠦ᠍ ᠲᠠᠨᠢᠯᠴᠠᠭᠤᠯᠵᠤ ᠪᠠᠢᠯ᠎ᠠ᠃

2016 ᠣᠨ᠎ᠠᠴᠠ ᠡᠬᠢᠯᠡᠨ ᠬᠥᠯᠥᠨ ᠨᠠᠭᠤᠷ᠎ᠤᠨ ᠲᠠᠯᠠᠪᠠᠢ᠎ᠨᠢ ᠴᠥᠮ 2025 ᠲᠡᠭ᠌ᠰᠢ ᠳᠥᠷᠪᠡᠯᠵᠢᠨ ᠺᠢᠯᠣᠮᠧᠲᠷ ᠣᠷᠴᠢᠮ ᠪᠠᠢᠭ᠍ᠰᠠᠨ᠎ᠠᠴᠠ᠎ᠪᠠᠨ 2021 ᠣᠨ᠎ᠤ 5 ᠰᠠᠷ᠎ᠠ᠎ᠳᠤ 2104.3 ᠲᠡᠭ᠌ᠰᠢ ᠳᠥᠷᠪᠡᠯᠵᠢᠨ ᠺᠢᠯᠣᠮᠧᠲᠷ ᠪᠤᠯᠵᠤ ᠨᠡᠮᠡᠭ᠌ᠳᠡᠵᠡᠢ᠃

ᠨᠤᠮᠢᠨ ᠨᠣᠭᠤᠭᠠᠨ ᠥᠩᠭᠡ ᠪᠣᠯ ᠬᠥᠯᠥᠨ ᠪᠤᠢᠷ᠎ᠤᠨ ᠠᠮᠢ ᠠᠮᠢᠵᠢᠷᠠᠯ ᠪᠠ ᠦᠨ᠎ᠡ ᠴᠡᠨ᠎ᠠ᠂ ᠠᠮᠢ ᠠᠬᠤᠶ ᠪᠣᠯ ᠬᠥᠯᠥᠨ ᠪᠦᠢᠷ᠎ᠤᠨ ᠬᠠᠷᠢᠭᠤᠴᠠᠯᠭ᠎ᠠ ᠪᠠ ᠨᠥᠭᠡᠴᠡ ᠬᠦᠴᠦᠨ ᠪᠤᠯᠬᠤ ᠶᠤᠮ᠃ 《ᠲᠤᠭᠠᠨ᠎ᠤ ᠬᠤᠪᠢᠷᠠᠯᠳᠠ᠎ᠠᠴᠠ ᠴᠢᠨᠠᠷ᠎ᠤᠨ ᠬᠤᠪᠢᠷᠠᠯᠳᠠ》 ᠬᠦᠷᠲᠡᠯ᠎ᠡ᠂ 《ᠰᠠᠭᠤᠷᠢ᠎ᠶ᠋ᠢ ᠬᠠᠮᠠᠭᠠᠯᠠᠬᠤ》 ᠎ᠠᠴᠠ 《ᠬᠠᠮᠠᠭᠠᠯᠠᠯᠲᠠ᠎ᠶ᠋ᠢ ᠴᠢᠩᠭᠠᠳᠭᠠᠬᠤ》 ᠬᠦᠷᠲᠡᠯ᠎ᠡ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ ᠳᠡᠭᠡᠷ᠎ᠡ ᠬᠦᠯᠦᠨ ᠪᠤᠢᠷ ᠤᠰᠤᠨ᠎ᠤ ᠡᠬᠢ ᠪᠠᠶᠠᠯᠢᠭ᠎ᠲᠠᠭᠠᠨ ᠳᠦᠱᠢᠭ᠌ᠯᠡᠨ ᠤᠮᠤᠭ ᠲᠡᠭᠦᠯᠳᠡᠷ ᠤᠷᠤᠭ᠍ᠰᠢᠯᠠᠨ᠎ᠠ᠃


 

 

 

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号