
ᠦᠩ ᠦᠷᠬᠡᠨ ᠠᠯᠠᠱᠠ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠡᠳᠦᠷ ᠢᠷᠡᠭᠦᠶ᠎ᠡ ᠱᠢᠨᠡᠳᠦᠨ ᠬᠤᠪᠢᠷᠠᠨ᠎ᠠ᠃ ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠠᠯᠠᠱᠠ ᠠᠢᠮᠠᠭ ᠴᠢᠨᠠᠷ ᠰᠠᠢᠲᠠᠢ ᠬᠥᠭ᠌ᠵᠢᠯᠲᠡ᠎ᠪᠠᠷ ᠪᠦᠬᠦ᠌ ᠲᠠᠯ᠎ᠠ᠎ᠶ᠋ᠢ ᠡᠵᠡᠮᠳᠡᠬᠦ᠌᠎ᠶ᠋ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢ ᠡᠷᠢᠯᠬᠢᠯᠡᠨ ᠰᠦᠪᠡᠭ᠌ᠴᠢᠯᠡᠵᠦ᠍᠂ ᠠᠮᠢ ᠠᠬᠤᠢ᠎ᠶ᠋ᠢ ᠬᠠᠮᠠᠭᠠᠯᠠᠵᠤ ᠪᠦᠳᠦᠬᠡᠨ ᠪᠠᠢᠭᠤᠯᠬᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠂ ᠠᠷᠠᠳ ᠲᠦᠮᠡᠨ᠎ᠳᠤ ᠪᠤᠶᠠᠨ ᠵᠢᠷᠭᠠᠯ ᠡᠳ᠋ᠯᠡᠭᠦᠯᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠤᠬ᠍ᠰᠠᠨ᠎ᠢᠶᠠᠷ ᠪᠣᠬᠢᠷᠲᠤᠯ ᠦᠭᠡᠢ ᠬᠢᠬᠡᠳ ᠬᠥᠭ᠌ᠵᠢᠯᠲᠡ ᠠᠭᠤᠰᠤᠯᠴᠠᠨ ᠡᠶ᠎ᠡ ᠵᠣᠬᠢᠴᠠᠬ᠍ᠰᠠᠨ ᠦᠵᠡᠰᠭᠦᠯᠡᠩᠲᠦ ᠰᠠᠢᠬᠠᠨ ᠵᠢᠷᠤᠭ᠎ᠢ ᠵᠢᠷᠤᠭ᠍ᠯᠠᠯ᠎ᠠ᠃
《ᠭᠤᠷᠪᠠ᠎ᠶ᠋ᠢ ᠨᠢᠭᠡ ᠴᠤᠭ᠍ᠴᠠᠵᠢᠭᠤᠯᠤᠭ᠍ᠰᠠᠨ》 ᠠᠮᠢ ᠠᠬᠤᠢ᠎ᠶ᠋ᠢᠨ ᠵᠠᠰᠠᠯᠲᠠ᠎ᠶ᠋ᠢ
ᠬᠡᠷᠡᠭ᠌ᠵᠢᠭᠦᠯᠵᠤ ᠦᠷᠬᠡᠨ ᠠᠭᠤᠳᠠᠮ ᠭᠤᠪᠢ ᠨᠤᠳᠤᠭ᠎ᠢ ᠨᠣᠭᠤᠭᠠᠷᠠᠭᠤᠯᠤᠯᠠ
ᠠᠯᠠᠱᠠ ᠵᠡᠭᠦᠨ ᠬᠤᠱᠢᠭᠤᠨ᠎ᠤ ᠵᠡᠭᠦᠨ ᠪᠡᠯ ᠪᠠᠯᠭᠠᠰᠤ᠎ᠶ᠋ᠢᠨ ᠮᠠᠩᠯᠠᠢ ᠭᠠᠴᠠᠭᠠᠨ᠎ᠤ ᠵᠠᠭᠤᠨ ᠲᠦᠮᠡᠨ ᠮᠦ᠍ ᠴᠠᠭᠠᠨ ᠭᠤᠶᠣᠣ᠎ᠶ᠋ᠢᠨ ᠰᠠᠭᠤᠷᠢᠨ᠎ᠳᠤ ᠢᠭ᠍ᠴᠤ ᠰᠠᠬᠤᠯᠢᠭ ᠵᠠᠭᠤᠨ ᠤᠢ ᠠᠮᠢᠯᠠᠯ᠎ᠤᠨ ᠨᠣᠭᠤᠭᠠᠨ ᠦᠩᠬᠡ᠎ᠪᠠᠷ ᠲᠤᠯᠬᠢᠶᠠᠯᠠᠨᠠ᠃ ᠬᠦᠪᠡᠭᠡ ᠵᠠᠬ᠎ᠠ᠎ᠪᠠᠷ᠎ᠨᠢ ᠮᠠᠯᠴᠢᠨ ᠲᠠᠷᠢᠶᠠᠴᠢᠳ ᠬᠡᠳᠦᠨ ᠬᠥᠮᠦᠨ ᠨᠢᠭᠡ ᠳᠤᠭᠤᠢ᠍ᠢᠯᠠᠩ᠎ᠳᠤ ᠬᠤᠪᠢᠶᠠᠬ᠍ᠳᠠᠵᠦ᠍᠂ ᠱᠢᠨ᠎ᠠ ᠳᠠᠷᠢᠭ᠍ᠰᠠᠨ ᠵᠠᠭ ᠮᠤᠳᠤ᠎ᠪᠠᠨ ᠤᠰᠤᠯᠠᠵᠤ ᠶᠠᠭᠠᠷᠠᠯᠳᠤᠨ᠎ᠠ᠃
《ᠣᠢᠷ᠎ᠠ᠎ᠶ᠋ᠢᠨ ᠵᠢᠯ᠎ᠳᠤ ᠪᠢᠳᠡ ᠶᠡᠭᠡ᠎ᠪᠠᠷ ᠵᠠᠭ ᠲᠠᠷᠢᠵᠤ ᠤᠢ᠍ᠢᠵᠢᠭᠤᠯᠤᠭ᠍ᠰᠠᠨᠠᠴᠠ ᠭᠠᠴᠠᠭᠠᠨ᠎ᠤ ᠠᠮᠢ ᠠᠬᠤᠶ ᠣᠷᠴᠢᠨ ᠳᠤᠭᠤᠷᠢᠨ ᠢᠯᠡᠳᠲᠡ ᠰᠠᠢᠵᠢᠷᠠᠵᠤ᠂ ᠰᠠᠯᠬᠢ ᠱᠢᠭᠤᠷᠭ᠎ᠠ ᠴᠦ᠍ ᠪᠠᠭᠠᠰᠤᠯᠠ》 ᠭᠡᠵᠦ᠍ ᠵᠠᠭ ᠮᠤᠳᠤ᠎ᠪᠠᠨ ᠤᠰᠤᠯᠠᠵᠤ ᠪᠠᠢᠭ᠎ᠠ ᠮᠠᠯᠴᠢᠨ ᠸᠠᠩ ᠭᠠᠩ ᠤᠷᠮᠠᠳᠠᠢ ᠶᠠᠷᠢᠨ᠎ᠠ᠃
ᠠᠯᠠᠱᠠ ᠠᠢᠮᠠᠭ ᠪᠣᠯ ᠥᠪᠡᠷᠲᠡᠭᠡᠨ ᠵᠠᠰᠠᠬᠤ ᠣᠷᠣᠨ᠂ ᠴᠢᠨᠠᠭ᠍ᠰᠢᠯᠠᠪᠠᠯ ᠡᠬᠡ ᠤᠯᠤᠰ᠎ᠤᠨ ᠪᠠᠷᠠᠭᠤᠨ ᠪᠠᠶ᠎ᠠ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠪᠣᠭᠤᠮᠲᠠ ᠪᠤᠯᠬᠤ ᠶᠤᠮ᠃ ᠲᠤᠰ ᠠᠢᠮᠠᠭ ᠪᠣᠬᠢᠷᠲᠤᠯ ᠦᠬᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠣᠭᠤᠳᠤᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠬᠠᠯᠬᠠᠪᠴᠢ᠎ᠶ᠋ᠢ ᠪᠦᠳᠦᠬᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠎ᠶ᠋ᠢᠨ ᠲᠣᠭᠤᠷᠢᠨ᠎ᠳᠤ ᠪᠠᠢᠭᠠᠯᠢ᠎ᠶ᠋ᠢᠨ ᠤᠢ᠎ᠶ᠋ᠢ ᠬᠠᠮᠠᠭᠠᠯᠠᠬᠤ ᠢᠨᠵᠧᠨᠧᠷᠢᠩ᠂ ᠲᠠᠷᠢᠶᠠᠯᠠᠬᠤ᠎ᠶ᠋ᠢ ᠵᠣᠭ᠍ᠰᠣᠭᠠᠨ ᠡᠪᠡᠰᠤ ᠮᠤᠳᠤ ᠲᠠᠷᠢᠬᠤ᠂ 《ᠤᠮᠠᠷᠠᠳᠤ᠎ᠶ᠋ᠢᠨ ᠭᠤᠷᠪᠠᠨ ᠤᠷᠤᠨ》 ᠤ ᠬᠠᠯᠬᠠᠪᠴᠢ ᠤᠢ ᠪᠣᠯᠤᠨ ᠬᠡᠭᠡᠷ᠎ᠡ᠎ᠶ᠋ᠢᠨ ᠠᠮᠢᠳᠠᠨ ᠤᠷᠭᠤᠮᠠᠯ᠎ᠢ ᠬᠠᠮᠠᠭᠠᠯᠠᠬᠤ ᠵᠢᠴᠢ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠪᠦᠳᠦᠬᠡᠨ ᠪᠠᠢᠭᠤᠯᠤᠯᠲᠠ ᠵᠡᠷᠭᠡ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠭᠤᠣᠯᠳᠠᠯᠭ᠎ᠠ᠎ᠲᠠᠢ ᠢᠨᠵᠧᠨᠧᠷᠢᠩᠤᠳᠢ ᠵᠠᠯᠭᠠᠭ᠎ᠠ᠎ᠪᠠᠷ ᠬᠡᠷᠡᠭ᠌ᠵᠢᠭᠦᠯᠵᠦ᠍᠂ ᠠᠭᠤᠯᠠ ᠤᠰᠤ ᠤᠢ ᠮᠤᠳᠤ ᠲᠠᠷᠢᠶᠠᠨ ᠭᠠᠵᠠᠷ ᠨᠠᠭᠤᠷ ᠪᠦᠷᠢ᠎ᠳᠤ ᠨᠤᠳᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ 《ᠪᠤᠳᠠᠯᠢᠭ ᠮᠤᠳᠤ᠎ᠪᠠᠷ ᠭᠤᠤᠯ ᠪᠣᠯᠭᠠᠨ ᠪᠤᠳᠠᠯᠢᠭ ᠮᠤᠳᠤ ᠲᠤᠷᠤᠭ ᠮᠤᠳᠤ ᠡᠪᠡᠰᠦ᠎ᠶ᠋ᠢ ᠤᠶᠠᠯᠳᠤᠭᠤᠯᠬᠤ᠂ ᠪᠢᠲᠡᠭᠦᠮᠵᠢᠯᠡᠬᠦ᠌᠎ᠪᠠᠷ ᠭᠤᠤᠯ ᠪᠣᠯᠭᠠᠨ ᠪᠢᠲᠡᠭᠦᠮᠵᠢᠯᠡᠬᠦ᠌ ᠪᠠ ᠨᠢᠰᠭᠡᠯ᠎ᠢᠶᠠᠷ ᠳᠠᠷᠢᠵᠤ ᠣᠢᠵᠢᠭᠤᠯᠬᠤ᠎ᠶ᠋ᠢ ᠤᠶᠠᠯᠳᠤᠭᠤᠯᠬᠤ》 ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠤ᠂ ᠬᠦᠷᠢᠶᠡᠯᠡᠨ ᠪᠢᠲᠡᠭᠦᠮᠵᠢᠯᠡᠵᠤ ᠪᠤᠢᠵᠢᠭᠤᠯᠬᠤ — ᠨᠢᠰᠭᠡᠯ᠎ᠢᠶᠠᠷ ᠳᠠᠷᠢᠵᠤ ᠣᠢᠵᠢᠭᠤᠯᠬᠤ — ᠬᠥᠮᠦᠨ᠎ᠤ ᠬᠦᠴᠦ᠎ᠪᠠᠷ ᠣᠢᠵᠢᠭᠤᠯᠬᠤ 《ᠭᠤᠷᠪᠠ᠎ᠶ᠋ᠢ ᠨᠢᠭᠡ ᠴᠤᠭ᠍ᠴᠠᠵᠢᠭᠤᠯᠤᠭ᠍ᠰᠠᠨ》 ᠠᠮᠢ ᠠᠬᠤᠶ᠎ᠶ᠋ᠢᠨ ᠵᠠᠰᠠᠯᠲᠠ᠎ᠶ᠋ᠢᠨ ᠪᠠᠢᠷᠢᠱᠢᠯ᠎ᠢ ᠪᠣᠶ ᠪᠣᠯᠭᠠᠵᠤ᠂ ᠪᠥᠬᠦ᠌ ᠠᠢᠮᠠᠭ᠎ᠤᠨ ᠠᠮᠢ ᠠᠬᠤᠶ ᠣᠷᠴᠢᠨ ᠲᠣᠭᠤᠷᠢᠨ᠎ᠢ ᠪᠦᠲᠦᠮᠵᠢᠲᠡᠶ ᠰᠠᠢᠵᠢᠷᠠᠭᠤᠯᠪᠠ᠃ 2020 ᠣᠨ᠎ᠤ ᠰᠡᠭᠦᠯᠴᠢ ᠪᠣᠯᠲᠠᠯ᠎ᠠ᠂ ᠪᠥᠬᠦ᠌ ᠠᠢᠮᠠᠭ᠎ᠢᠶᠠᠷ᠎ᠢᠶᠠᠨ ᠴᠦᠯᠯᠡᠷᠬᠡᠭ᠌ᠵᠢᠯ᠎ᠢ ᠵᠠᠰᠠᠬᠤ ᠡᠭᠦᠷᠭᠡ᠎ᠶ᠋ᠢ ᠨᠡᠢᠲᠡ 8670.13 ᠲᠦᠮᠡᠨ ᠮᠥ᠍ ᠪᠡᠶᠡᠯᠡᠭᠦᠯᠵᠦ᠍᠂ 7 ᠵᠢᠯ ᠳᠠᠷᠠᠭᠠᠯᠠᠨ ᠵᠢᠯ ᠪᠦᠷᠢ ᠵᠠᠭᠤᠨ ᠲᠦᠮᠡ ᠭᠠᠷᠤᠢ ᠮᠥ᠎ᠶ᠋ᠢᠨ ᠣᠢᠵᠢᠭᠤᠯᠬᠤ ᠡᠭᠦᠷᠭᠡ᠎ᠶ᠋ᠢ ᠪᠡᠶᠡᠯᠡᠭᠦᠯᠵᠦ᠍᠂ ᠪᠥᠬᠦ᠌ ᠠᠢᠮᠠᠭ᠎ᠤᠨ ᠨᠤᠲᠤᠭ ᠪᠡᠯᠴᠢᠭᠡᠷ ᠪᠠ ᠣᠶ ᠱᠢᠭᠤᠶ᠎ᠶ᠋ᠢᠨ ᠡᠬᠢ ᠪᠠᠶᠠᠯᠢᠭ᠎ᠤᠨ ᠶᠡᠷᠦᠩᠬᠡᠶ ᠲᠠᠯᠠᠪᠠᠶ ᠲᠣᠰ ᠲᠣᠰ 28005.67 ᠲᠦᠮᠡᠨ ᠮᠥ᠍ ᠪᠠ 3580.42 ᠲᠦᠮᠡᠨ ᠮᠥ᠎ᠳᠤ ᠬᠦᠷᠴᠦ᠍᠂ ᠠᠮᠢ ᠠᠬᠤᠶ ᠣᠷᠴᠢᠨ ᠳᠤᠭᠤᠷᠢᠨ᠎ᠤ ᠮᠠᠭᠤᠳᠠᠬᠤ ᠬᠠᠨᠳᠤᠰᠢ᠎ᠶ᠋ᠢ ᠶᠠᠷᠦᠩᠭᠡᠢ᠎ᠳᠤᠨᠢ ᠬᠤᠷᠢᠬ᠍ᠯᠠᠵᠤ ᠭᠤᠣᠯᠳᠠᠯᠭ᠎ᠠ᠎ᠲᠠᠢ ᠵᠠᠰᠠᠬᠤ ᠣᠷᠣᠨ ᠪᠦᠰᠡ᠎ᠶ᠋ᠢᠨ ᠠᠮᠢ ᠠᠬᠤᠶ ᠣᠷᠴᠢᠨ ᠳᠤᠭᠤᠷᠢᠨ ᠢᠯᠡᠳᠲᠡ ᠰᠠᠢᠵᠢᠷᠠᠪᠠ᠃
ᠤᠯᠠᠭᠠᠨᠪᠤᠬ᠎ᠠ᠎ᠶ᠋ᠢᠨ ᠡᠯᠡᠰᠤᠨ᠎ᠤ ᠪᠠᠷᠠᠭᠤᠨ ᠡᠮᠦᠨ᠎ᠡ ᠬᠦᠪᠡᠬᠡᠨ᠎ᠳᠠᠬᠢ ᠨᠢᠰᠭᠡᠯ᠎ᠢᠶᠠᠷ ᠲᠠᠷᠢᠵᠤ ᠤᠢ᠍ᠢᠵᠢᠭᠤᠯᠬᠤ ᠲᠣᠭᠤᠷᠢᠭ᠎ᠲᠤ ᠳᠡᠷᠪᠡᠯᠵᠢ᠂ ᠱᠢᠷᠠᠯᠵᠢ ᠵᠡᠷᠭᠡ ᠡᠯᠡᠰᠦᠨ᠎ᠤ ᠤᠷᠭᠤᠮᠠᠯ ᠬᠦᠬᠡᠷᠡᠨ ᠨᠣᠭᠤᠭᠠᠷᠠᠵᠤ᠂ ᠤᠷᠢᠬᠠᠨ ᠰᠠᠯᠬᠢᠨ᠎ᠤ ᠠᠶ᠎ᠠ᠎ᠪᠠᠷ ᠨᠤᠮᠢᠨ ᠲᠤᠯᠬᠢᠶᠠᠨ ᠬᠠᠶᠠᠯᠠᠨ᠎ᠠ᠃ ᠠᠯᠠᠱᠠ ᠠᠢᠮᠠᠭ ᠤᠳᠤᠬᠠᠨ ᠪᠤᠯᠳᠠᠯ᠎ᠠ ᠲᠩᠷᠢ ᠡᠯᠡᠰᠦ᠎ᠶ᠋ᠢᠨ ᠵᠡᠭᠦᠨ ᠡᠮᠦᠨ᠎ᠡ ᠬᠦᠪᠡᠭᠡ᠂ ᠤᠯᠠᠭᠠᠨᠪᠤᠬ᠎ᠠ᠎ᠶ᠋ᠢᠨ ᠡᠯᠡᠰᠤ᠎ᠶ᠋ᠢᠨ ᠪᠠᠷᠠᠭᠤᠨ ᠡᠮᠦᠨ᠎ᠡ ᠬᠦᠪᠡᠭᠡ᠂ ᠪᠠᠳᠠᠢ᠎ᠶ᠋ᠢᠨ ᠵᠢᠷᠠᠨ᠎ᠤ ᠡᠯᠡᠰᠦ᠎ᠶ᠋ᠢᠨ ᠡᠮᠦᠨ᠎ᠡ ᠬᠦᠪᠡᠬᠡᠨ᠎ᠳᠤ 40 ᠵᠢᠯ ᠳᠠᠷᠠᠭᠠᠯᠠᠨ ᠨᠢᠰᠭᠡᠯ᠎ᠢᠶᠠᠷ ᠡᠪᠡᠰᠤ ᠮᠤᠳᠤ ᠳᠠᠷᠢᠨ ᠡᠯᠡᠰᠤ᠎ᠶ᠋ᠢ ᠵᠠᠰᠠᠭᠠᠳ ᠨᠢᠰᠭᠡᠯ᠎ᠢᠶᠠᠷ ᠲᠠᠷᠢᠵᠤ ᠣᠢᠵᠢᠭᠤᠯᠤᠭ᠍ᠰᠠᠨ ᠳᠠᠯᠠᠪᠠᠢ ᠨᠡᠢᠲᠡ 653.7 ᠲᠦᠮᠡᠨ ᠮᠦ᠍᠎ᠳᠤ ᠬᠦᠷᠴᠠᠢ᠃ ᠤᠳᠤ ᠲᠩᠷᠢ ᠡᠯᠡᠰᠦ᠎ᠶ᠋ᠢᠨ ᠵᠡᠭᠦᠨ ᠡᠮᠦᠨ᠎ᠡ ᠬᠦᠪᠡᠭᠡ ᠪᠤᠯᠤᠨ ᠤᠯᠠᠭᠠᠨᠪᠤᠬ᠎ᠠ᠎ᠶ᠋ᠢᠨ ᠡᠯᠡᠰᠦ᠎ᠶ᠋ᠢᠨ ᠪᠠᠷᠠᠭᠤᠨ ᠡᠮᠦᠨ᠎ᠡ ᠬᠦᠪᠡᠭᠡ᠎ᠪᠠᠷ ᠶᠡᠷᠦᠩᠬᠡᠶ ᠣᠷᠳᠣᠨ᠎ᠢ 460 ᠺᠢᠯᠣᠮᠧᠲᠷ᠂ ᠥᠷᠭᠡᠨ᠎ᠨᠢ 3 — 20 ᠺᠢᠯᠣᠮᠧᠲᠷ᠎ᠤᠨ ᠬᠤᠶᠠᠷ ᠵᠤᠷᠪᠤᠰ ᠬᠠᠯᠬᠠᠪᠴᠢ ᠣᠶ᠎ᠶ᠋ᠢᠨ ᠪᠦᠰᠡ᠎ᠶ᠋ᠢ ᠴᠤᠭ᠍ᠴᠠᠯᠠᠵᠤ᠂ ᠲᠩᠷᠢ ᠡᠯᠡᠰᠦ ᠪᠠ ᠤᠯᠠᠭᠠᠨᠪᠤᠬ᠎ᠠ᠎ᠶ᠋ᠢᠨ ᠡᠯᠡᠰᠦ᠎ᠶ᠋ᠢᠨ ᠲᠦᠷᠢᠨ ᠦᠷᠬᠡᠵᠢᠬᠦ᠌ᠶ᠋ᠢ ᠪᠦᠲᠦᠮᠵᠢᠲᠡᠶ ᠬᠤᠷᠢᠬ᠍ᠯᠠᠨ᠂ 《ᠨᠣᠭᠤᠭᠠᠨ ᠪᠦᠰᠡ᠎ᠪᠠᠷ ᠱᠢᠷ᠎ᠠ ᠯᠣᠤ᠎ᠶ᠋ᠢ ᠡᠮᠵᠢᠶᠡᠷᠢᠯᠡᠭ᠌ᠰᠡᠨ》 ᠰᠦᠷᠯᠢᠭ ᠦᠵᠡᠮᠵᠢ᠎ᠶ᠋ᠢ ᠪᠣᠶ ᠪᠣᠯᠭᠠᠭ᠍ᠰᠠᠨ ᠪᠠᠢᠨ᠎ᠠ᠃ ᠨᠢᠰᠭᠡᠯ᠎ᠢᠶᠠᠷ ᠳᠠᠷᠢᠵᠤ ᠣᠢᠵᠢᠭᠤᠯᠤᠨ ᠡᠯᠡᠰᠦ᠎ᠶ᠋ᠢ ᠵᠠᠰᠠᠬᠤ᠎ᠨᠢ ᠨᠢᠭᠡᠨᠲᠡ ᠠᠯᠠᠱᠠ᠎ᠶ᠋ᠢᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠮᠤᠭ᠎ᠤᠨ ᠶᠡᠭᠡ ᠬᠢᠯᠠᠰ ᠴᠡᠭ ᠪᠤᠯᠵᠤ᠂ ᠪᠥᠬᠦ᠌ ᠤᠯᠤᠰ᠎ᠤᠨ ᠡᠯᠡᠰᠦ᠎ᠶ᠋ᠢ ᠵᠠᠰᠠᠭ᠍ᠰᠠᠨ ᠥᠯᠢᠭᠡᠷ ᠵᠢᠱ᠌ᠢᠶ᠎ᠡ ᠪᠣᠯᠤᠭ᠍ᠰᠠᠨ ᠠᠵᠢ᠃
ᠴᠢᠨᠠᠷ ᠰᠠᠢᠲᠠᠢ ᠬᠥᠭ᠌ᠵᠢᠯᠳᠡ᠎ᠳᠤ ᠬᠦᠴᠦᠨ᠎ᠢᠶᠠᠨ ᠲᠥᠪᠯᠡᠷᠡᠭᠦᠯᠵᠤ ᠠᠵᠤ
ᠦᠢᠯᠡᠳᠪᠦᠷᠢ᠎ᠶ᠋ᠢᠨ ᠠᠵᠤ ᠠᠬᠤᠢ᠎ᠶ᠋ᠢ ᠡᠷᠡᠬᠦᠯ ᠲᠣᠭ᠍ᠲᠠᠭᠤᠨ᠎ᠢᠶᠠᠷ ᠤᠷᠤᠭ᠍ᠰᠢᠯᠠᠭᠤᠯᠤᠯᠠ
ᠡᠨᠡ ᠬᠡᠳᠦᠨ ᠡᠳᠦᠷ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠳᠡ᠎ᠶ᠋ᠢᠨ ᠤᠷᠤᠨ᠎ᠳᠤ ᠪᠠᠢᠭ᠎ᠠ ᠥᠪᠥᠷ ᠮᠣᠩᠭᠤᠯ᠎ᠤᠨ ᠴᠢ ᠬᠤᠢ ᠡᠮ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠪᠠᠯᠡ ᠤᠷᠤᠭᠤᠯᠤᠨ ᠪᠠᠢᠭᠤᠯᠤᠭ᠍ᠰᠠᠨ ᠬᠤᠶᠠᠳᠤᠭᠠᠷ ᠬᠤᠭᠤᠴᠠᠭᠠᠨ᠎ᠤ ᠲᠦᠷᠦᠯ ᠵᠦᠢᠯ ᠨᠢᠭᠡᠨᠲᠡ ᠲᠤᠷᠱᠢᠨ ᠦᠢᠯᠡᠳᠪᠦᠷᠢᠯᠡᠬᠦ᠌ ᠱᠠᠲᠤᠨ᠎ᠳᠤ ᠣᠷᠣᠪᠠ᠃ 《ᠪᠢᠳᠡ ᠨᠢᠭᠡᠳᠦᠭᠡᠷ ᠬᠤᠭᠤᠴᠠᠭᠠᠨ᠎ᠤ ᠪᠦᠲᠦᠭᠡᠨ ᠪᠠᠢᠭᠤᠯᠤᠯᠲᠠ᠎ᠳᠤ 4 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠵᠤ᠂ ᠨᠢᠳᠤᠨᠤᠨ ᠠᠱᠢᠬ᠍ᠯᠠᠯᠲᠠ᠎ᠳᠤ ᠣᠷᠣᠭᠤᠯᠤᠭ᠍ᠰᠠᠨ᠎ᠠᠴᠠ ᠨᠠᠭᠠᠰᠢ ᠦᠢᠯᠡᠳᠬᠦᠨ᠎ᠤ ᠵᠠᠬᠢᠶᠠᠯᠠᠭ᠎ᠠ᠎ᠶ᠋ᠢᠨ ᠬᠠᠭᠤᠳᠠᠰᠤ ᠶᠠᠷᠤ᠎ᠨᠢ ᠲᠠᠰᠤᠷᠠᠭ᠍ᠰᠠᠨ ᠦᠭᠡᠢ᠃ ᠬᠤᠶᠠᠳᠤᠭᠠᠷ ᠬᠤᠭᠤᠴᠠᠭᠠᠨ᠎ᠤ ᠪᠦᠲᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠢ ᠨᠢᠭᠡᠨᠲᠡ ᠲᠤᠷᠱᠢᠨ ᠠᠵᠢᠯᠯᠠᠭᠤᠯᠵᠤ᠂ ᠣᠢᠷ᠎ᠠ᠎ᠶ᠋ᠢᠨ ᠬᠤᠭᠤᠴᠠᠭᠠᠨ᠎ᠳᠤ ᠵᠢᠩᠬᠢᠨᠢ᠎ᠪᠠᠷ ᠦᠢᠯᠡᠳᠪᠦᠷᠢᠯᠡᠵᠤ ᠡᠬᠢᠯᠡᠨ᠎ᠠ᠃ ᠦᠢᠯᠡᠳᠪᠤᠷᠢᠯᠡᠵᠦ᠍ ᠡᠬᠢᠯᠡᠭ᠌ᠰᠡᠨ᠎ᠤ ᠳᠠᠷᠠᠭ᠎ᠠ ᠵᠢᠯ᠎ᠤᠨ ᠪᠣᠷᠣᠯᠠᠭᠤᠯᠭ᠎ᠠ᠎ᠶ᠋ᠢᠨ ᠬᠡᠮᠵᠢᠶ᠎ᠡ 5 — 6 ᠳ᠋ᠦᠩᠱᠢᠭᠤᠷ ᠲᠥᠭᠦᠷᠢᠭ᠎ᠲᠤ ᠬᠦᠷᠬᠦ᠌ ᠪᠣᠯᠤᠨ᠎ᠠ》 ᠭᠡᠵᠤ ᠴᠢ ᠬᠤᠶ ᠡᠮ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ᠎ᠤᠨ ᠲᠤᠰᠠᠯᠠᠭ᠍ᠴᠢ ᠱᠢᠶᠧ ᠱᠢᠶᠤᠤ ᠴᠢᠶᠠᠩ ᠬᠡᠯᠡᠨ᠎ᠠ᠃
ᠣᠢᠯᠠᠭᠠᠭ᠍ᠰᠠᠨ᠎ᠢᠶᠠᠷ᠂ ᠲᠣᠰ ᠺᠣᠮᠫᠠᠨᠢ 2019 ᠣᠨ᠎ᠤ 3 ᠰᠠᠷ᠎ᠠ᠎ᠳᠤ 10 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠨ ᠬᠤᠶᠠᠷ ᠬᠤᠭᠤᠴᠠᠭ᠎ᠠ ᠬᠤᠪᠢᠶᠠᠨ ᠪᠦᠳᠦᠬᠡᠨ ᠪᠠᠢᠭᠤᠯᠵᠤ᠂ ᠮᠠᠯ ᠤᠨᠤᠭ᠎ᠠ᠎ᠳᠤ ᠬᠡᠷᠡᠭ᠌ᠯᠡᠬᠦ᠌ ᠲᠦᠭᠦᠬᠡᠶ ᠮᠠᠲ᠋ᠧᠷᠢᠶᠠᠯ᠎ᠤᠨ 5 ᠵᠦᠢᠯ᠎ᠤᠨ ᠡᠮ᠎ᠢ ᠦᠢᠯᠡᠳᠪᠦᠷᠢᠯᠡᠵᠦ᠍ ᠪᠠᠢᠨ᠎ᠠ᠃ ᠲᠥᠷᠥᠯ ᠵᠦᠢᠯ ᠪᠦᠬᠦᠨ᠎ᠢᠶᠠᠷ᠎ᠢᠶᠠᠨ ᠠᠱᠢᠬ᠍ᠯᠠᠯᠲᠠ᠎ᠳᠤ ᠣᠷᠣᠭ᠍ᠰᠠᠨ᠎ᠤ ᠳᠠᠷᠠᠭ᠎ᠠ᠂ ᠵᠢᠯ᠎ᠤᠨ ᠪᠣᠷᠣᠯᠠᠭᠤᠯᠭ᠎ᠠ᠎ᠶ᠋ᠢᠨ ᠣᠷᠣᠯᠭ᠎ᠠ 10 — 12 ᠳ᠋ᠦᠩᠱᠢᠭᠤᠷ ᠲᠥᠭᠦᠷᠢᠭ᠎ᠲᠤ ᠬᠦᠷᠴᠦ᠍᠂ 1.1 ᠳ᠋ᠦᠩᠱᠢᠭᠤᠷ ᠲᠥᠭᠦᠷᠢᠭ᠎ᠤᠨ ᠭᠠᠢᠯᠢ ᠳᠤᠱ᠎ᠢᠶᠠᠨ᠂ ᠱᠢᠨ᠎ᠡ᠎ᠪᠠᠷ 300 ᠠᠵᠢᠯ᠎ᠤᠨ ᠪᠠᠢᠷᠢ ᠬᠠᠩᠭᠠᠬᠤ ᠪᠣᠯᠤᠨ᠎ᠠ᠃
ᠠᠵᠤ ᠦᠢᠯᠡᠳᠪᠦᠷᠢ ᠪᠣᠯ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠭᠤᠣᠯ ᠳᠠᠢᠨ᠎ᠤ ᠲᠠᠯᠠᠪᠤᠷ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠭᠤᠣᠯ ᠵᠢᠭ᠍ᠰᠠᠭᠠᠯ᠎ᠤᠨ ᠭᠠᠵᠠᠷ ᠪᠤᠯᠤᠨ᠎ᠠ᠃ ᠤᠢ᠍ᠢᠷ᠎ᠠ᠎ᠶ᠋ᠢᠨ ᠵᠢᠯ᠎ᠳᠤ᠂ ᠠᠯᠠᠱᠠ ᠠᠢᠮᠠᠭ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠠᠷᠢᠮᠲᠠᠯᠠᠨ ᠬᠦᠷᠢᠶᠡᠯᠡᠩ ᠲᠣᠭᠤᠷᠢᠭ ᠪᠣᠯᠤᠨ ᠠᠵᠤ ᠦᠢᠯᠡᠰ᠎ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠡᠢ᠃ 《ᠠᠷᠪᠠᠨ ᠭᠤᠷᠪᠠᠳᠤᠭᠠᠷ ᠳᠠᠪᠤᠨ ᠵᠢᠯ》 ᠤᠨ ᠬᠤᠭᠤᠴᠠᠭᠠᠨ᠎ᠳᠤ᠂ ᠲᠣᠰ ᠠᠢᠮᠠᠭ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠯᠳᠠ᠎ᠪᠠᠷ ᠤᠳᠤᠷᠢᠳᠤᠮᠵᠢ ᠪᠤᠯᠭᠠᠬᠤ᠎ᠶ᠋ᠢ ᠪᠠᠷᠢᠮᠲᠠᠯᠠᠨ ᠤᠷᠤᠨ ᠨᠤᠳᠤᠭ᠎ᠤᠨ ᠪᠤᠳᠠᠳᠤ ᠪᠠᠢᠳᠠᠯ᠎ᠳᠠᠭᠠᠨ ᠳᠣᠭᠢᠷᠠᠭᠤᠯᠤᠨ ᠠᠵᠤ ᠦᠢᠯᠡᠳᠪᠦᠷᠢ᠎ᠶ᠋ᠢᠨ ᠪᠠᠢᠷᠢᠱᠢᠯ᠎ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠠᠵᠤ ᠦᠢᠯᠡᠳᠪᠦᠷᠢ᠎ᠶ᠋ᠢᠨ 《ᠲᠥᠪᠯᠡᠷᠡᠵᠤ ᠡᠷᠴᠢᠮᠵᠢᠭ᠌ᠰᠡᠨ》 ᠬᠥᠭ᠌ᠵᠢᠯᠲᠡ᠎ᠶ᠋ᠢ ᠠᠬᠢᠭᠤᠯᠵᠤ᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠠᠷᠠᠯᠵᠢᠶᠠᠴᠢᠨ ᠤᠷᠢᠵᠤ ᠪᠠᠯᠠ ᠮᠦᠩᠬᠦ᠌ ᠣᠷᠣᠭᠤᠯᠬᠤ ᠡᠷᠴᠢᠮ᠎ᠢᠶᠠᠨ ᠴᠢᠩᠭᠠᠷᠠᠭᠤᠯᠵᠤ᠂ ᠤᠷᠢᠳ ᠬᠤᠵᠢᠳ 1562 ᠠᠵᠤ ᠠᠬᠤᠢ᠍ᠢᠯᠠᠯ᠎ᠢ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠠᠭᠠᠨ ᠨᠤᠳᠤᠭ᠍ᠰᠢᠭᠤᠯᠵᠤ᠂ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢ᠍ᠢᠯᠠᠯ᠎ᠢ 2015 ᠣᠨ᠎ᠤ 116 ᠪᠠᠢᠭ᠍ᠰᠠᠨ᠎ᠠᠴᠠ 2020 ᠣᠨ ᠪᠣᠯᠬᠤ᠎ᠳᠤ 144 ᠪᠣᠯᠭᠠᠨ ᠨᠡᠮᠡᠭ᠌ᠳᠡᠭᠦᠯᠪᠡ᠃ ᠤᠳᠤ ᠦ᠊ ᠡᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠳᠠᠪᠤᠰᠤ ᠬᠢᠮᠢ᠎ᠶ᠋ᠢᠨ ᠠᠵᠤ ᠦᠢᠯᠡᠳᠪᠦᠷᠢ᠂ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ ᠵᠡᠷᠭᠡ ᠦᠪᠡᠷᠮᠢᠴᠡ ᠤᠨᠴᠠᠯᠢᠬ᠎ᠲᠠᠢ ᠳᠠᠪᠠᠭᠤᠯᠢᠭ᠍ᠳᠤ ᠠᠵᠤ ᠦᠢᠯᠡᠰ᠎ᠢ ᠬᠥᠭ᠌ᠵᠢᠬᠦᠯᠦᠨ ᠪᠤᠵᠠᠭᠠᠢᠷᠠᠭᠤᠯᠵᠤ᠂ 20 ᠭᠠᠷᠤᠢ ᠵᠦᠢᠯ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠦᠢᠯᠡᠳᠪᠦᠷᠢᠯᠡᠯ᠎ᠤᠨ ᠴᠢᠳᠠᠪᠤᠷᠢ᠎ᠨᠢ ᠪᠦᠬᠦ᠌ ᠲᠠᠯᠠᠬᠡᠢ᠎ᠶ᠋ᠢᠨ ᠵᠠᠬ᠎ᠠ ᠳᠡᠯᠭᠡᠭᠦᠷ᠎ᠤᠨ 50% ᠠᠴᠠ ᠳᠡᠭᠡᠭ᠌ᠰᠢᠬᠢ᠎ᠶ᠋ᠢ ᠡᠵᠡᠯᠡᠪᠠ᠃ ᠡᠭᠦᠨ᠎ᠳᠤ ᠳᠤᠨᠤᠮᠠᠯ᠎ᠤᠨ ᠬᠦᠬᠡ᠂ ᠲᠡᠮᠦᠷᠯᠢᠭ ᠨᠠᠲᠷᠢ᠂ ᠭᠡᠷᠡᠯ ᠠᠰᠠᠭᠠᠭ᠍ᠴᠢ ᠡᠳ᠋᠎ᠤᠨ ᠦᠢᠯᠡᠳᠪᠦᠷᠢᠯᠡᠯ᠎ᠤᠨ ᠴᠢᠳᠠᠪᠤᠷᠢ ᠪᠦᠬᠦ᠌ ᠲᠠᠯᠠᠬᠡᠢ᠎ᠳᠤ ᠲᠦᠷᠦᠬᠦᠯᠡᠵᠤ ᠪᠤᠢ᠃ ᠡᠳᠦᠭᠡ ᠬᠦᠷᠢᠶᠡᠯᠡᠩ ᠲᠣᠭᠤᠷᠢᠭ᠎ᠤᠨ ᠠᠵᠤ ᠠᠬᠤᠢ ᠨᠢᠭᠡᠨᠲᠡ ᠠᠯᠠᠱᠠ ᠠᠢᠮᠠᠭ᠎ᠤᠨ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠴᠢᠬᠤᠯᠠ ᠨᠡᠮᠡᠭ᠌ᠳᠡᠯ ᠴᠡᠭ ᠪᠣᠯᠵᠠᠢ᠃
ᠡᠨᠡ ᠵᠢᠯ᠎ᠤᠨ 4 ᠰᠠᠷ᠎ᠠ᠎ᠶ᠋ᠢᠨ 22 ᠤᠨ ᠡᠳᠦᠷ᠂ ᠠᠯᠠᠱᠠ ᠠᠢᠮᠠᠭ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠶᠡᠭᠡ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢᠨ ᠲᠠᠢᠴᠢᠯᠠᠯᠳᠠ᠎ᠶ᠋ᠢᠨ ᠬᠤᠷᠠᠯ ᠶᠠᠪᠤᠭ᠍ᠳᠠᠵᠤ᠂ 20 ᠴᠢᠬᠤᠯᠠ ᠲᠦᠷᠦᠯ ᠵᠦᠢᠯ ᠵᠡᠷᠭᠡ᠎ᠪᠠᠷ ᠪᠠᠷᠢᠯᠭ᠎ᠠ ᠡᠬᠢᠯᠡᠭᠦᠯᠪᠡ᠃ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠂ ᠨᠠᠷᠢᠯᠢᠭ ᠬᠢᠮᠢ᠎ᠶ᠋ᠢᠨ ᠪᠣᠳᠠᠰ ᠵᠡᠷᠭᠡ ᠬᠦᠷᠢᠶ᠎ᠡ ᠴᠠᠷᠠᠭᠠᠨ᠎ᠳᠤ ᠬᠤᠯᠪᠣᠭ᠍ᠳᠠᠭ᠍ᠰᠠᠨ ᠡᠳᠡᠬᠡᠷ ᠲᠦᠷᠦᠯ ᠵᠦᠢᠯ᠎ᠤᠨ ᠶᠡᠷᠦᠩᠬᠡᠢ ᠪᠡᠯᠡ ᠣᠷᠣᠭᠤᠯᠤᠯᠲᠠ 228 ᠳ᠋ᠦᠩᠱᠢᠭᠤᠷ ᠲᠥᠭᠦᠷᠢᠭ᠎ᠲᠤ ᠬᠦᠷᠦᠭ᠌ᠰᠡᠨ ᠪᠠᠢᠨ᠎ᠠ᠃ ᠡᠨᠡ ᠵᠢᠯ ᠲᠣᠰ ᠠᠢᠮᠠᠭ 35 ᠴᠢᠬᠤᠯᠠ ᠶᠡᠭᠡ ᠠᠵᠤ ᠦᠢᠯᠡᠳᠪᠦᠷᠢ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠬᠦ᠌᠎ᠪᠠᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 563 ᠳ᠋ᠦᠩᠱᠢᠭᠤᠷ ᠲᠥᠭᠦᠷᠢᠭ ᠪᠠᠢᠵᠤ᠂ ᠵᠢᠯ᠎ᠤᠨ ᠳᠣᠲᠣᠷ᠎ᠠ 90 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠬᠦ᠌᠎ᠪᠠᠷ ᠲᠥᠯᠥᠪᠯᠡᠵᠦ᠍ ᠪᠣᠶ᠃ ᠴᠢᠬᠤᠯᠠ ᠶᠡᠭᠡ ᠲᠥᠷᠥᠯ ᠵᠦᠢᠯ᠎ᠤᠨ ᠪᠠᠷᠢᠯᠭ᠎ᠠ᠎ᠶ᠋ᠢ ᠡᠬᠢᠯᠡᠭᠦᠯᠬᠦ᠌ ᠪᠠ ᠪᠥᠲᠥᠭᠡᠨ ᠪᠠᠢᠭᠤᠯᠬᠤ ᠠᠬᠢᠴᠠ᠎ᠶ᠋ᠢ ᠲᠦᠷᠭᠡᠳᠭᠡᠨ ᠠᠬᠢᠭᠤᠯᠬᠤ᠎ᠶ᠋ᠢᠨ ᠲᠤᠰᠠᠳᠠ᠂ ᠲᠣᠰ ᠠᠢᠮᠠᠭ ᠡᠨᠡ ᠵᠢᠯ᠎ᠤᠨ 3 ᠰᠠᠷ᠎ᠠ᠎ᠳᠤ ᠭᠤᠤᠯᠳᠠᠯᠭ᠎ᠠ᠎ᠲᠠᠢ ᠲᠥᠷᠥᠯ ᠵᠦᠢᠯ᠎ᠢ 《ᠲᠥᠪᠯᠡᠷᠡᠭᠦᠯᠦᠨ ᠬᠢᠨᠠᠨ ᠵᠥᠪᠱᠢᠶᠡᠷᠡᠬᠦ᠌ ᠰᠠᠷ᠎ᠠ》 ᠶ᠋ᠢᠨ ᠠᠵᠢᠯᠯᠠᠭ᠎ᠠ ᠦᠷᠨᠢᠬᠦᠯᠵᠤ᠂ ᠠᠢᠮᠠᠭ ᠬᠤᠱᠢᠭᠤ ᠬᠤᠶᠠᠷ ᠱᠠᠲᠤᠨ᠎ᠤ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠢ ᠲᠥᠪᠯᠡᠷᠡᠭᠦᠯᠦᠨ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠴᠢᠬᠤᠯᠠ ᠪᠦᠬᠦᠢ ᠭᠠᠷ ᠬᠦᠢᠴᠡᠳᠭᠡᠯ᠎ᠤᠨ ᠪᠦᠬᠦᠨ᠎ᠢ ᠭᠦᠢᠴᠡᠳᠭᠡᠭ᠌ᠰᠡᠨ ᠪᠠᠢᠨ᠎ᠠ᠃
ᠠᠷᠠᠳ᠎ᠤᠨ ᠠᠮᠢᠳᠤᠷᠠᠯ᠎ᠢ ᠪᠠᠳᠤᠯᠠᠨ ᠰᠠᠢᠵᠢᠷᠠᠭᠤᠯᠵᠤ ᠪᠣᠳᠠᠲᠠᠢ
ᠶᠠᠪᠤᠳᠠᠯ ᠪᠤᠯᠭᠠᠨ᠎ᠢ ᠤᠯᠠᠨ᠎ᠤ ᠰᠡᠳᠭᠢᠯ᠎ᠳᠤ ᠬᠠᠳᠠᠩᠱᠢᠭᠤᠯᠤᠯᠠ
ᠤᠢ᠍ᠢᠷ᠎ᠠ᠎ᠶ᠋ᠢᠨ ᠡᠳᠦᠷ᠎ᠤᠳ᠎ᠲᠤ ᠠᠯᠠᠱᠠ ᠵᠡᠭᠦᠨ ᠬᠤᠱᠢᠭᠤᠨ᠎ᠤ ᠪᠠᠶᠠᠨᠬᠤᠲᠠ ᠪᠠᠯᠭᠠᠰᠤ᠎ᠶ᠋ᠢᠨ ᠵᠡᠭᠦᠨ ᠬᠤᠲᠠ ᠲᠣᠭᠤᠷᠢᠭ᠎ᠲᠤ ᠪᠠᠢᠭ᠎ᠠ ᠠᠯᠠᠱᠠ ᠠᠢᠮᠠᠭ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠱᠢᠨ᠎ᠡ ᠰᠤᠷᠭᠠᠭᠤᠯᠢ᠎ᠶ᠋ᠢᠨ ᠲᠣᠭᠤᠷᠢᠭ᠎ᠤᠨ ᠪᠦᠳᠦᠬᠡᠨ ᠪᠠᠢᠭᠤᠯᠤᠯᠳᠠ ᠢᠳᠡ ᠬᠦᠭ᠎ᠲᠠᠢ ᠶᠠᠪᠤᠭ᠍ᠳᠠᠨ᠎ᠠ᠃ ᠡᠨᠡ ᠬᠦ᠌ ᠱᠢᠨ᠎ᠠ ᠰᠤᠷᠭᠠᠭᠤᠯᠢ᠎ᠶ᠋ᠢᠨ ᠲᠣᠭᠤᠷᠢᠭ᠎ᠤᠨ ᠭᠤᠤᠯ ᠪᠠᠷᠢᠯᠭ᠎ᠠ᠎ᠶ᠋ᠢᠨ ᠠᠵᠢᠯ ᠨᠢᠭᠡᠨᠲᠡ ᠳᠠᠭᠤᠰᠴᠤ᠌᠂ ᠠᠵᠢᠯᠴᠢᠳ ᠶᠠᠭ ᠬᠡᠷ᠎ᠤᠨ ᠳᠣᠲᠣᠨ᠎ᠠ ᠭᠠᠳᠠᠨᠠᠬᠢ᠎ᠶ᠋ᠢ ᠵᠠᠰᠠᠨ ᠴᠢᠮᠡᠭ᠌ᠯᠡᠬᠦ᠂ ᠵᠠᠮ ᠲᠠᠯᠠᠪᠠᠢ᠎ᠶ᠋ᠢ ᠬᠠᠲᠠᠭᠤᠷᠠᠭᠤᠯᠬᠤ ᠠᠵᠢᠯ᠎ᠢᠶᠠᠨ ᠱᠠᠯᠠᠪᠳᠠᠨ ᠬᠢᠵᠦ᠍ ᠪᠤᠢ᠃
ᠠᠯᠠᠱᠠ ᠠᠢᠮᠠᠭ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠱᠢᠨ᠎ᠡ ᠲᠣᠭᠤᠷᠢᠭ ᠪᠤᠯ ᠠᠯᠠᠱᠠ ᠠᠢᠮᠠᠭ᠎ᠤᠨ ᠰᠤᠷᠭᠠᠨ ᠬᠥᠮᠦᠵᠢᠯ᠎ᠤᠨ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠᠢᠵᠤ᠂ ᠪᠠᠷᠢᠯᠭ᠎ᠠ᠎ᠶ᠋ᠢᠨ ᠶᠡᠷᠦᠩᠬᠡᠶ ᠲᠠᠯᠠᠪᠠᠶ᠎ᠨᠢ 8.78 ᠲᠦᠮᠡᠨ ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ ᠰᠣᠶᠣᠯ ᠲᠠᠮᠢᠷ ᠨᠣᠮ ᠪᠢᠴᠢᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠰᠠᠷ᠂ ᠵᠢᠭᠠᠨ ᠰᠤᠷᠭᠠᠯᠲᠠ᠎ᠶ᠋ᠢᠨ ᠠᠰᠠᠷ᠂ ᠲᠤᠷᠱᠢᠯᠲᠠ᠎ᠶ᠋ᠢᠨ ᠠᠰᠠᠷ᠂ ᠵᠠᠰᠠᠭ ᠵᠠᠬᠢᠷᠭᠠᠨ᠎ᠤ ᠠᠯᠪᠠᠨ ᠠᠰᠠᠷ᠂ ᠪᠠᠢᠷᠢ᠎ᠶ᠋ᠢᠨ ᠠᠰᠠᠷ᠂ ᠰᠤᠷᠤᠭ᠍ᠴᠢᠳ᠎ᠤᠨ ᠬᠤᠭᠤᠯᠠᠨ ᠬᠡᠷ᠂ ᠪᠠᠭ᠍ᠰᠢ ᠨᠠᠷ᠎ᠤᠨ ᠨᠡᠢᠲᠡ᠎ᠶ᠋ᠢᠨ ᠪᠠᠢᠷᠢ᠂ ᠪᠡᠶ᠎ᠡ᠎ᠶ᠋ᠢᠨ ᠲᠠᠮᠢᠷ᠎ᠤᠨ ᠲᠠᠯᠠᠪᠠᠶ ᠵᠡᠷᠭᠡ ᠪᠠᠭ᠍ᠲᠠᠵᠤ ᠪᠠᠢᠨ᠎ᠠ᠃ ᠲᠥᠷᠥᠯ ᠵᠦᠢᠯ ᠪᠦᠬᠦᠨ᠎ᠢ ᠪᠣᠬᠢᠷᠲᠤᠯ ᠥᠬᠡᠶ ᠪᠠᠷᠢᠯᠭ᠎ᠠ᠎ᠶ᠋ᠢᠨ ᠬᠤᠶᠠᠷ ᠣᠳᠣᠨ ᠲᠠᠰ᠎ᠤᠨ ᠪᠠᠷᠢᠮᠵᠢᠶ᠎ᠠ᠎ᠪᠠᠷ ᠵᠢᠷᠤᠭ᠍ᠯᠠᠨ ᠲᠥᠯᠥᠪᠯᠡᠵᠦ᠍᠂ ᠲᠥᠷᠥᠯ ᠵᠦᠢᠯ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ 3000 ᠰᠤᠷᠤᠭ᠍ᠴᠢ᠎ᠶ᠋ᠢ ᠪᠠᠭ᠍ᠳᠠᠭᠠᠨ᠂ 1600 ᠰᠣᠷᠣᠭ᠍ᠴᠢ᠎ᠳᠤ ᠪᠠᠢᠷᠢ᠎ᠶ᠋ᠢᠨ ᠬᠡᠷ ᠬᠠᠩᠭᠠᠵᠤ ᠲᠠᠢᠯᠬᠦ᠌ ᠪᠦᠭᠡᠳ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠤᠯᠠᠮ ᠱᠢᠯᠢᠳᠡᠭ᠌ᠵᠢᠭᠦᠯᠤᠨ᠂ ᠪᠦᠬᠦ᠌ ᠠᠢᠮᠠᠭ᠎ᠤᠨ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠨᠠᠩ ᠰᠠᠢᠨ ᠨᠠᠩ ᠲᠦᠷᠭᠡᠨ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃
ᠠᠷᠠᠳ ᠤᠯᠠᠨ᠎ᠤ ᠬᠠᠮᠤᠭ᠎ᠤᠨ ᠪᠠᠴᠢᠮ ᠬᠡᠷᠡᠭ᠌ᠴᠡᠭᠡ᠎ᠲᠠᠢ᠂ ᠬᠠᠮᠤᠭ᠎ᠤᠨ ᠬᠦᠰᠡᠵᠦ᠍ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌ ᠪᠤᠯ ᠠᠷᠠᠳ᠎ᠤᠨ ᠠᠮᠢᠳᠤᠷᠠᠯ᠎ᠤᠨ ᠬᠦᠨᠳᠦ ᠠᠰᠠᠭᠤᠳᠠᠯ ᠪᠣᠯᠬᠤ ᠶᠤᠮ᠃ ᠤᠢ᠍ᠢᠷ᠎ᠠ᠎ᠶ᠋ᠢᠨ ᠵᠢᠯ᠎ᠳᠤ᠂ ᠠᠯᠠᠱᠠ ᠠᠢᠮᠠᠭ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠢᠮᠠᠭ᠍ᠲᠠ ᠲᠡᠷᠢᠭᠦᠨ᠎ᠳᠤ ᠲᠠᠯᠪᠢᠵᠤ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭᠠᠨ᠎ᠳᠠᠬᠢ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠤ᠂ ᠡᠳ᠋᠎ᠤᠨ ᠵᠠᠰᠠᠭ᠎ᠤᠨ 《ᠪᠣᠭᠤᠷᠰᠤᠭ》 ᠢ ᠠᠷᠠᠳ ᠤᠯᠠᠨ᠎ᠳᠤ ᠵᠤᠭᠤᠭ᠍ᠯᠠᠭᠤᠯᠤᠨ᠂ ᠴᠢᠨᠠᠷ ᠰᠠᠢᠲᠠᠢ 《ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶ᠋ᠢᠨ ᠬᠠᠭᠤᠳᠠᠰᠤ》 ᠶ᠋ᠢ ᠲᠤᠱᠢᠶᠠᠪᠠ᠃ ᠲᠤᠰ ᠠᠢᠮᠠᠭ᠎ᠤᠨ᠎ᠬᠢᠨ ᠠᠮᠤᠭᠤᠯᠠᠩ ᠰᠠᠭᠤᠴᠠ᠂ ᠠᠵᠢᠯ ᠣᠯᠭᠤᠯᠲᠠ᠂ ᠡᠮᠴᠢᠯᠡᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ᠎ᠤᠨ ᠦᠢᠯᠡᠰ᠂ ᠨᠡᠢᠭᠡᠮ᠎ᠤᠨ ᠪᠠᠲᠤᠯᠠᠭ᠎ᠠ ᠵᠢᠴᠢ ᠤᠤᠭᠤᠬᠤ ᠤᠰᠤᠨ᠎ᠤ ᠠᠮᠤᠷ ᠲᠦᠪᠱᠢᠨ ᠵᠡᠷᠭᠡ ᠬᠦᠷᠢᠶ᠎ᠡ ᠴᠠᠷᠠᠭᠠᠨ ᠲᠤᠳᠤᠷ᠎ᠠ᠎ᠠᠴᠠ ᠤᠯᠠᠨ ᠲᠦᠮᠠᠨ᠎ᠤ ᠬᠠᠮᠤᠭ᠎ᠠᠴᠠ ᠠᠩᠬᠠᠷᠴᠤ᠌ ᠪᠠᠢᠭ᠎ᠠ᠂ ᠬᠠᠮᠤᠭ᠎ᠤᠨ ᠪᠣᠳᠠᠲᠠᠶ ᠦᠢᠯᠡᠳᠪᠦᠷᠢᠯᠡᠯ ᠠᠮᠢᠳᠤᠷᠠᠯ᠎ᠤᠨ ᠠᠰᠠᠭᠤᠳᠠᠯ ᠪᠤᠯᠤᠨ ᠲᠤᠰᠭᠠᠯ ᠶᠡᠬᠡᠲᠡᠶ ᠲᠤᠪᠤᠢᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ 《ᠠᠷᠠᠳ᠎ᠤᠨ ᠶᠡᠭᠡ ᠠᠮᠢᠳᠤᠷᠠᠯ》 ᠤᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠤ ᠪᠤᠢ᠃ ᠠᠷᠠᠳ᠎ᠤᠨ ᠠᠮᠢᠳᠤᠷᠠᠯ᠎ᠤᠨ ᠱᠢᠨ᠎ᠡ ᠲᠦᠷᠦ᠎ᠶ᠋ᠢᠨ ᠪᠤᠳᠤᠯᠭᠠᠨᠤᠭᠤᠳ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠳ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠤᠯᠠᠨ ᠲᠦᠮᠡᠨ᠎ᠳᠤ ᠨᠡᠩ ᠤᠯᠠᠨ ᠡᠳ᠋ᠯᠡᠭᠦᠯᠪᠠ᠃ ᠵᠥᠪᠬᠡᠨ 2020 ᠣᠨ᠎ᠳᠤ᠂ ᠲᠣᠰ ᠠᠢᠮᠠᠭ᠎ᠤᠨ ᠠᠷᠠᠳ᠎ᠤᠨ ᠠᠮᠢᠳᠤᠷᠠᠯ᠎ᠤᠨ ᠵᠠᠷᠤᠯᠭ᠎ᠠ 79.7 ᠳ᠋ᠦᠩᠱᠢᠭᠤᠷ ᠲᠥᠭᠦᠷᠢᠭ᠎ᠲᠤ ᠬᠦᠷᠴᠦ᠍᠂ ᠡᠩ᠎ᠤᠨ ᠣᠯᠠᠨ ᠨᠡᠢᠲᠡ᠎ᠶ᠋ᠢᠨ ᠲᠥᠰᠦᠪ᠎ᠤᠨ ᠵᠠᠷᠤᠯᠭ᠎ᠠ᠎ᠶ᠋ᠢᠨ ᠬᠢᠨᠢ 72% ᠢ ᠡᠵᠡᠯᠡᠭ᠌ᠰᠡᠨ ᠠᠵᠢ᠃
ᠠᠷᠠᠳ᠎ᠤᠨ ᠠᠮᠢᠳᠤᠷᠠᠯ᠎ᠤᠨ ᠢᠨᠵᠧᠨᠧᠷᠢᠩᠤᠳᠢ ᠬᠡᠷᠡᠭ᠌ᠵᠢᠭᠦᠯᠬᠦ᠌᠎ᠪᠠᠷ ᠳᠠᠮᠵᠢᠨ ᠠᠷᠠᠳ ᠤᠯᠠᠨ᠎ᠳᠤ ᠨᠢᠳᠤᠨ᠎ᠳᠤ ᠦᠵᠡᠭ᠌ᠳᠡᠵᠤ ᠭᠠᠷ᠎ᠲᠤ ᠪᠠᠷᠢᠭ᠍ᠳᠠᠭ᠍ᠰᠠᠨ ᠠᠱᠢᠭ ᠲᠤᠰᠠ ᠬᠦᠷᠲᠡᠭᠡᠯ᠎ᠡ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠲᠡᠭᠦᠰᠭᠡᠯ᠎ᠤᠨ ᠴᠡᠭ ᠭᠡᠵᠦ᠍ ᠪᠠᠢᠳᠠᠭ ᠦᠭᠡᠢ᠂ ᠵᠥᠪᠬᠡᠨ ᠱᠢᠨ᠎ᠡ ᠡᠬᠢᠯᠡᠯᠲᠡ᠎ᠶ᠋ᠢᠨ ᠴᠡᠭ᠎ᠲᠠᠢ ᠶᠤᠮ᠃ ᠠᠯᠠᠱᠠ ᠠᠢᠮᠠᠭ᠎ᠤᠨ᠎ᠬᠢᠨ ᠠᠷᠠᠳ᠎ᠤᠨ ᠠᠮᠢᠳᠤᠷᠠᠯ᠎ᠢᠶᠠᠷ ᠰᠠᠭᠤᠷᠢ ᠪᠤᠯᠭᠠᠨ ᠨᠡᠩ ᠬᠦᠴᠦᠲᠡᠢ ᠠᠷᠭ᠎ᠠ ᠬᠡᠮᠵᠢ᠊ ᠡᠶ᠎ᠡ ᠨᠡᠩ ᠪᠣᠳᠠᠲᠠᠢ᠎ᠶ᠋ᠢ ᠡᠷᠬᠢᠮᠯᠡᠭ᠌ᠰᠡᠨ ᠰᠤᠷᠲᠠᠯ᠎ᠢᠶᠠᠷ ᠤᠯᠠᠨ ᠲᠦᠮᠡᠨ᠎ᠤ ᠪᠤᠳᠤᠵᠤ ᠪᠠᠢᠭ᠎ᠠ ᠵᠦᠢᠯᠡᠰ᠎ᠢ ᠪᠣᠳᠣᠯᠬᠢᠯᠠᠵᠤ᠂ ᠤᠯᠠᠨ ᠲᠦᠮᠡᠨ᠎ᠤ ᠪᠠᠴᠢᠮᠳᠠᠵᠤ ᠪᠠᠢᠭ᠎ᠠ ᠵᠦᠢᠯᠡᠰ᠎ᠲᠤ ᠪᠠᠴᠢᠮᠳᠠᠨ᠂ ᠤᠯᠠᠨ ᠲᠦᠮᠡᠨ᠎ᠤ ᠰᠠᠨᠠᠭᠠᠱᠢᠷᠠᠵᠤ ᠪᠠᠢᠭ᠎ᠠ ᠵᠦᠢᠯ᠎ᠢ ᠱᠢᠢᠳᠪᠦᠷᠢᠯᠡᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠨᠡᠩ ᠤᠯᠠᠨ ᠨᠡᠩ ᠰᠠᠢᠨ ᠬᠦᠷᠲᠡᠭᠡᠵᠤ᠂ ᠦᠷᠬᠡᠨ ᠭᠤᠪᠢ᠎ᠳᠤ ᠱᠢᠨ᠎ᠡ ᠴᠠᠭ ᠥᠶ᠎ᠡ᠎ᠶ᠋ᠢᠨ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠠ᠃