ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠨᠢ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠯ᠎ᠠ
2021-06-14 12:11:55
ᠵᠣᠬᠢᠶᠠᠭ᠍ᠴᠢ᠄
ᠵᠠᠩ ᠵᠤᠤ ᠴᠧᠩ ᠯᠢᠦ ᠬᠤᠩ ᠵᠠᠩ ᠮᠠ ᠵᠢᠶᠠᠨ ᠴᠢᠤᠸᠠᠨ ᠱᠢᠤᠢ ᠶᠤᠸᠠᠢ ᠯᠢ ᠬᠠᠨ
ᠣᠩᠱᠢᠭ᠍ᠰᠠᠨ ᠣᠳᠠᠭ᠎ᠠ᠄
★★★☆☆

ᠳᠡᠯᠭᠡᠷᠡᠬᠦ᠌ ᠵᠤᠨ᠎ᠤ ᠡᠵᠡᠨ᠎ᠡ᠎ᠶ᠋ᠢᠨ ᠲᠣᠣᠷᠠᠢ᠎ᠶ᠋ᠢᠨ ᠤᠢ᠎ᠶ᠋ᠢᠨ ᠦᠵᠡᠮᠵᠢ᠎ᠶ᠋ᠢᠨ ᠣᠷᠣᠨ᠎ᠤ ᠨᠣᠮᠢᠨ ᠨᠣᠭᠤᠭᠠᠨ ᠲᠣᠣᠷᠠᠢ᠎ᠶ᠋ᠢᠨ ᠤᠢ ᠲᠩᠷᠢ᠎ᠶ᠋ᠢᠨ ᠬᠠᠶᠠᠭ᠎ᠠ ᠲᠡᠢᠰᠢ ᠳᠡᠪᠢᠰᠦᠭ᠌ᠰᠡᠨ ᠨᠣᠭᠤᠭᠠᠨ ᠬᠡᠪᠢᠰ ᠱᠢᠭ ᠦᠵᠡᠰᠭᠦᠯᠡᠩ ᠭᠤᠪᠠᠢ᠃ 《ᠡᠵᠡᠨ᠎ᠡ᠎ᠶ᠋ᠢᠨ ᠵᠢᠤᠢ ᠶᠠᠨ᠎ᠤ ᠪᠠᠶᠠᠨ ᠪᠦᠷᠢᠳᠦ ᠦᠨᠡᠬᠡᠷ ᠭᠤᠶᠤ ᠡ᠂ ᠠᠳᠡᠬᠢ ᠴᠡᠯᠮᠡᠭ ᠲᠡᠭ᠌ᠷᠢ᠂ ᠴᠡᠩᠭᠡᠭ ᠤᠰᠤᠨ ᠮᠢᠨᠦ᠍ ᠰᠡᠳᠭᠢᠯ᠎ᠢ ᠶᠠᠭᠠᠬᠢᠬᠤ᠎ᠶ᠋ᠢᠨ ᠠᠷᠭ᠎ᠠ ᠦᠭᠡᠢ ᠳᠠᠳᠠᠵᠦ᠍᠂ ᠳᠣᠮᠤᠭ᠎ᠤᠨ ᠶᠢᠷᠲᠢᠨᠴᠦ᠎ᠪᠠᠷ ᠵᠢᠭᠤᠯᠴᠢᠯᠠᠵᠤ ᠪᠠᠢᠬᠤ ᠱᠢᠬ ᠰᠠᠨᠠᠭ᠍ᠳᠠᠭᠤᠯᠤᠨ᠎ᠠ》 ᠭᠡᠵᠦ᠍ ᠰᠧᠴᠤᠸᠠᠨ᠎ᠤ ᠴᠧᠩᠳᠦ᠋ᠠᠴᠠ ᠢᠷᠡᠭ᠌ᠰᠡᠨ ᠵᠢᠭᠤᠯᠴᠢᠯᠠᠭ᠍ᠴᠢ ᠸᠠᠩ ᠵᠢᠤᠸᠠᠨ ᠮᠠᠭ᠍ᠳᠠᠨ ᠶᠠᠷᠢᠨ᠎ᠠ᠃

ᠲᠣᠣᠷᠠᠢ᠎ᠶ᠋ᠢᠨ ᠤᠢ᠎ᠶ᠋ᠢᠨ ᠬᠠᠵᠠᠭᠤᠬᠠᠨ᠎ᠳᠠᠬᠢ ᠮᠠᠯᠴᠢᠨ ᠠᠢᠯ᠎ᠤᠨ ᠵᠢᠭᠤᠯᠴᠢᠯᠠᠯ᠎ᠤᠨ ᠭᠠᠵᠠᠷ᠎ᠤᠨ ᠡᠮᠦᠨᠡᠬᠢ ᠵᠢᠵᠢᠭ᠌ᠭᠡᠨ ᠠᠭᠤᠳᠠᠮ ᠲᠠᠯᠠᠪᠠᠢ᠎ᠳᠤ᠂ ᠡᠯ᠎ᠡ ᠭᠠᠵᠠᠷ᠎ᠠᠴᠠ ᠥᠪᠡᠷ᠎ᠤᠨ ᠮᠠᠱᠢᠨ᠎ᠢᠶᠠᠨ ᠵᠢᠯᠣᠭᠤᠳᠴᠤ᠌ ᠢᠷᠡᠭ᠌ᠰᠡᠨ ᠵᠢᠭᠤᠯᠴᠢᠯᠠᠬ᠍ᠰᠠᠳ᠎ᠤᠨ ᠲᠡᠷᠭᠡ ᠲᠦᠭᠦᠷᠡᠲᠡᠯ᠎ᠡ ᠵᠤᠭ᠍ᠰᠤᠵᠠᠢ᠃ 《ᠮᠠᠨ᠎ᠤ ᠵᠢᠭᠤᠯᠴᠢᠯᠠᠯ᠎ᠤᠨ ᠭᠠᠵᠠᠷ ᠲᠤᠤᠷᠠᠢ᠎ᠶ᠋ᠢᠨ ᠤᠢ᠎ᠶ᠋ᠢᠨ ᠬᠠᠵᠠᠭᠤ᠎ᠳᠤ ᠪᠠᠢᠬᠤ ᠪᠤᠯᠬᠤᠷ ᠵᠢᠭᠤᠯᠴᠢᠯᠠᠬ᠍ᠰᠠᠳ ᠢᠷᠡᠪᠡᠯ ᠲᠤᠤᠷᠠᠢ᠎ᠶ᠋ᠢᠨ ᠦᠵᠡᠮᠵᠢ᠎ᠶ᠋ᠢ ᠰᠤᠨᠢᠷᠬᠠᠵᠦ᠍ ᠲᠡᠢᠯᠬᠦ᠌ ᠪᠦᠭᠡᠳ ᠤᠳᠤᠬᠢᠴᠢᠯᠠᠯ ᠪᠠ ᠤᠯᠠᠮᠵᠢᠯᠠᠯ ᠠᠭᠤᠰᠤᠯᠴᠠᠭ᠍ᠰᠠᠨ ᠮᠠᠯᠴᠢᠳ᠎ᠤᠨ ᠱᠢᠨ᠎ᠡ ᠠᠮᠢᠳᠤᠷᠠᠯ᠎ᠢ ᠪᠠᠶᠠᠴᠢᠯᠠᠨ ᠣᠢᠯᠠᠭᠠᠵᠤ ᠪᠤᠯᠤᠨ᠎ᠠ᠂ ᠣᠳᠣᠬᠠᠨ᠎ᠳᠤ ᠲᠤᠤᠷᠠᠶ᠎ᠶ᠋ᠢᠨ ᠨᠠᠪᠴᠢ ᠨᠣᠭᠤᠭᠠᠨ ᠪᠠᠢᠭ᠎ᠠ ᠪᠤᠯᠪᠠᠴᠤ᠌ ᠮᠠᠨ᠎ᠤ᠎ᠬᠢᠨ ᠮᠦᠨ ᠡᠳᠦᠷ ᠪᠦᠷᠢ ᠨᠡᠯᠢᠶᠡᠳ ᠵᠢᠭᠤᠯᠴᠢᠯᠠᠬ᠍ᠰᠠᠳ᠎ᠢ ᠭᠥᠯᠢᠶᠡᠨ ᠠᠪᠴᠤ᠌ ᠪᠠᠢᠨ᠎ᠠ》 ᠭᠡᠵᠦ᠍ ᠮᠠᠯᠴᠢᠨ ᠠᠢᠯ᠎ᠤᠨ ᠵᠢᠭᠤᠯᠴᠢᠯᠠᠯ᠎ᠤᠨ ᠭᠠᠵᠠᠷ᠎ᠤᠨ ᠡᠷᠭᠢᠯᠡᠭ᠌ᠴᠢ ᠡᠷᠳᠡᠨᠢᠳᠠᠯᠠᠢ ᠡᠬᠡᠨᠡᠷ᠎ᠲᠠᠢ᠎ᠪᠠᠨ ᠬᠠᠮᠲᠤ ᠵᠢᠭᠤᠯᠴᠢᠯᠠᠬ᠍ᠰᠠᠳ᠎ᠲᠠᠭᠠᠨ ᠦᠢᠯᠡᠴᠢᠯᠡᠬᠦ᠌᠎ᠶ᠋ᠢᠨ ᠳᠠᠭᠠᠤ ᠶᠠᠷᠢᠨ᠎ᠠ᠃


4009803_lity_1623310798590_m.jpg


ᠡᠷᠳᠡᠨᠢᠳᠠᠯᠠᠢ᠎ᠶ᠋ᠢᠨ ᠡᠷᠬᠢᠯᠡᠵᠦ᠍ ᠪᠠᠢᠭ᠎ᠠ ᠬᠤᠭᠤᠯᠠ ᠤᠮᠳᠠᠭᠠᠨ᠂ ᠬᠤᠨᠤᠭ ᠪᠠᠭᠤᠳᠠᠯ᠎ᠢ ᠤᠶᠠᠯᠳᠤᠭᠤᠯᠤᠭ᠍ᠰᠠᠨ ᠦᠨᠳᠦᠰᠦᠳᠡᠨ᠎ᠤ ᠣᠨᠴᠠᠯᠢᠭ᠍ᠳᠤ ᠮᠠᠯᠴᠢᠨ ᠠᠢᠯ᠎ᠤᠨ ᠵᠢᠭᠤᠯᠴᠢᠯᠠᠯ᠎ᠤᠨ ᠭᠠᠵᠠᠷ᠎ᠨᠢ ᠨᠢᠭᠡ ᠤᠳᠠᠭ᠎ᠠ᠎ᠳᠤ 200 ᠱᠢᠬᠠᠮ ᠬᠥᠮᠦᠨ᠎ᠢ ᠵᠤᠴᠢᠯᠠᠵᠦ᠍ ᠲᠡᠢᠯᠬᠦ᠌ ᠭᠡᠪᠴᠢᠶ᠎ᠡ᠎ᠲᠠᠢ᠃ 《ᠤᠳᠤ ᠵᠢᠯ ᠪᠦᠷᠢ ᠲᠦᠮᠡ ᠭᠠᠷᠤᠢ ᠵᠢᠭᠤᠯᠴᠢᠯᠠᠬ᠍ᠰᠠᠳ᠎ᠢ ᠬᠦᠯᠢᠶᠡᠨ ᠠᠪᠴᠤ᠌᠂ 30 ᠭᠠᠷᠤᠢ ᠲᠦᠮᠡᠨ ᠲᠥᠭᠦᠷᠢᠭ᠎ᠤᠨ ᠴᠡᠪᠡᠷ ᠣᠷᠣᠯᠭ᠎ᠠ ᠤᠯᠵᠦ᠍ ᠪᠤᠢ᠃ ᠠᠯᠠᠱᠠ ᠠᠢᠮᠠᠭ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ ᠲᠠᠰᠤᠷᠠᠯᠲᠠ ᠥᠬᠡᠶ ᠬᠥᠭ᠌ᠵᠢᠵᠦ᠍᠂ ᠮᠠᠨᠤᠰ᠎ᠢ ᠪᠡᠶᠡᠵᠢᠨ ᠴᠢᠨᠡᠭᠡᠯᠢᠭ᠌ᠵᠢᠬᠦ᠌ ᠵᠠᠮ᠎ᠢᠶᠠᠷ ᠬᠦᠳᠦᠯᠦᠭ᠌ᠰᠡᠨ᠎ᠠᠴᠠ ᠪᠢᠳᠡ ᠤᠳᠤ᠎ᠶ᠋ᠢᠨ ᠰᠠᠢᠨ ᠰᠠᠢᠬᠠᠨ ᠠᠮᠢᠳᠤᠷᠠᠯ᠎ᠲᠠᠢ ᠪᠣᠯᠤᠭ᠍ᠰᠠᠨ ᠱᠢᠤ》 ᠭᠡᠵᠦ᠍ ᠡᠷᠳᠡᠨᠢᠳᠡᠯᠠᠢ ᠬᠡᠯᠡᠨ᠎ᠡ᠃

ᠣᠢᠷ᠎ᠠ᠎ᠶ᠋ᠢᠨ ᠵᠢᠯ᠎ᠠᠴᠠ ᠨᠠᠭᠠᠰᠢ᠂ ᠠᠯᠠᠱᠠ ᠠᠢᠮᠠᠭ ᠤᠯᠤᠰ᠎ᠤᠨ ᠳᠣᠲᠣᠭᠠᠳᠤ᠎ᠶ᠋ᠢᠨ ᠪᠠᠷᠠᠭᠤᠨ ᠣᠷᠣᠨ᠎ᠤ ᠵᠢᠭᠤᠯᠴᠢᠯᠠᠯ᠎ᠤᠨ ᠨᠡᠷᠡᠳᠦ ᠵᠠᠩ ᠦᠶᠯᠡ᠎ᠶ᠋ᠢᠨ ᠵᠢᠭᠤᠯᠴᠢᠯᠠᠯ᠎ᠤᠨ ᠣᠷᠣᠨ᠎ᠢ ᠪᠥᠲᠥᠭᠡᠨ ᠪᠠᠢᠭᠤᠯᠬᠤ᠎ᠪᠠᠷ ᠬᠠᠷᠠᠯᠲᠠ᠎ᠪᠠᠨ ᠪᠣᠯᠭᠠᠵᠤ᠂ ᠤᠯᠤᠰ᠎ᠤᠨ ᠪᠥᠬᠦ᠋ᠢᠯᠡ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠬᠤ᠎ᠪᠠᠷ ᠭᠠᠷᠳᠠᠴᠠ ᠪᠣᠯᠭᠠᠵᠤ᠂ ᠤᠯᠤᠰ᠎ᠤᠨ ᠠᠮᠢ ᠠᠬᠤᠶ᠎ᠶ᠋ᠢᠨ ᠵᠢᠭᠤᠯᠴᠢᠯᠠᠯ᠎ᠤᠨ ᠠᠮᠠᠷᠠᠯᠲᠠ᠎ᠶ᠋ᠢᠨ ᠣᠷᠣᠨ᠂ ᠤᠯᠤᠰ᠎ᠤᠨ ᠥᠪᠡᠰᠦᠪᠡᠨ ᠲᠡᠷᠭᠡ ᠵᠢᠯᠣᠭᠤᠳᠴᠤ᠌ ᠵᠢᠭᠤᠯᠴᠢᠯᠠᠬᠤ ᠰᠠᠭᠤᠷᠢᠨ᠂ ᠤᠯᠤᠰ᠎ᠤᠨ ᠵᠢᠭᠤᠯᠴᠢᠯᠠᠯ ᠰᠡᠯᠡᠭᠦᠴᠡᠯ᠎ᠤᠨ ᠬᠤᠲᠠ᠂ ᠤᠯᠤᠰ᠎ᠤᠨ ᠳᠡᠭᠡᠳᠦ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠪᠦᠲᠦᠭᠡᠨ ᠪᠠᠢᠭᠤᠯᠬᠤ᠎ᠪᠠᠷ ᠭᠤᠤᠯ ᠠᠭᠤᠯᠭ᠎ᠠ ᠪᠣᠯᠭᠠᠵᠤ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠱᠢᠰᠲ᠋ᠧᠮ᠎ᠢ ᠲᠠᠰᠤᠷᠠᠯᠲᠠ ᠦᠭᠡᠢ ᠬᠥᠭ᠌ᠵᠢᠭᠦᠯᠦᠨ ᠪᠤᠵᠠᠭᠠᠢᠷᠠᠭᠤᠯᠵᠤ᠂ ᠤᠯᠤᠰ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠡᠭᠦᠳᠦᠨ ᠪᠠᠢᠭᠤᠯᠬᠤ ᠡᠷᠴᠢᠮ᠎ᠢᠶᠠᠨ ᠴᠢᠩᠭᠠᠷᠠᠭᠤᠯᠵᠤ᠂ ᠰᠣᠳᠣᠨ ᠲᠦᠷᠦᠯ ᠲᠡᠮᠳᠡᠭ ᠪᠦᠬᠦᠢ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠬᠦᠴᠦᠯᠡᠨ ᠪᠠᠢᠭᠤᠯᠵᠤ᠂ ᠵᠢᠭᠤᠯᠴᠢᠯᠠᠯ᠎ᠤᠨ ᠠᠵᠤ ᠦᠢᠯᠡᠰ ᠬᠢᠭᠡᠳ ᠪᠤᠰᠤᠳ ᠠᠵᠤ ᠦᠢᠯᠡᠰ᠎ᠤᠨ ᠭᠦᠨᠵᠡᠭᠡᠶ ᠠᠭᠤᠰᠤᠯᠴᠠᠯ᠎ᠢ ᠲᠦᠷᠭᠡᠳᠭᠡᠵᠦ᠍᠂ 《ᠬᠠᠨ ᠲᠡᠭ᠌ᠷᠢ ᠠᠯᠠᠱᠠ》 ᠎ᠶ᠋ᠢᠨ ᠪᠦᠬᠦ᠋ᠢᠯᠡ ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ᠎ᠤᠨ ᠥᠷᠨᠢᠩᠬᠦᠢ ᠬᠥᠭ᠌ᠵᠢᠯᠳᠡ᠎ᠶ᠋ᠢᠨ ᠬᠠᠨᠳᠤᠰᠢ᠎ᠶ᠋ᠢ ᠪᠤᠢ ᠪᠤᠯᠭᠠᠭ᠍ᠰᠠᠨ᠎ᠠᠴᠠ ᠡᠳᠦᠭᠡ᠂ ᠲᠤᠰ ᠠᠢᠮᠠᠭ᠎ᠤᠨ ᠰᠣᠶᠣᠯ ᠵᠢᠭᠤᠯᠴᠢᠯᠠᠯ᠎ᠤᠨ ᠦᠢᠯᠡᠰ ᠨᠢᠭᠡᠨᠲᠡ ᠪᠦᠬᠦ᠌ ᠠᠢᠮᠠᠭ᠎ᠤᠨ ᠤᠯᠤᠰ ᠠᠷᠠᠳ᠎ᠤᠨ ᠠᠵᠤ ᠠᠬᠤᠢ᠎ᠶ᠋ᠢᠨ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠵᠠᠢ᠃ ᠡᠨᠡ ᠵᠢᠯ᠎ᠤᠨ 《ᠲᠠᠪᠤᠨ ᠰᠠᠷ᠎ᠠ᠎ᠶ᠋ᠢᠨ ᠨᠢᠭᠡᠨ》 ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠪᠥᠬᠦ᠌ ᠠᠢᠮᠠᠭ ᠨᠡᠢᠲᠡ 29.3245 ᠲᠦᠮᠡᠨ ᠵᠢᠭᠤᠯᠴᠢᠯᠠᠭ᠍ᠰᠠᠳ᠎ᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 34.17% ᠎ᠪᠠᠷ ᠨᠡᠮᠡᠭ᠌ᠳᠡᠨ᠂ ᠵᠢᠭᠤᠯᠴᠢᠯᠠᠯ᠎ᠤᠨ ᠶᠡᠷᠦᠩᠬᠡᠶ ᠣᠷᠣᠯᠭ᠎ᠠ 1.5146 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 30.53% ᠎ᠪᠠᠷ ᠨᠡᠮᠡᠭ᠌ᠳᠡᠪᠡ᠃


4009807_lity_1623310822886_m.jpg


ᠡᠯᠪᠡᠭ ᠲᠡᠯᠪᠡᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠲᠠᠭᠠᠨ ᠲᠦᠱᠢᠭ᠌ᠯᠡᠵᠤ

《ᠶᠡᠭᠡ ᠵᠢᠭᠤᠯᠴᠢᠯᠠᠯ》 ᠎ᠤᠨ ᠪᠠᠢᠷᠢᠱᠢᠭᠤᠯᠤᠯᠳᠠ᠎ᠶ᠋ᠢ ᠴᠤᠬ᠍ᠴᠠᠯᠠᠪᠠ

ᠠᠯᠠᠱᠠ᠎ᠳᠤ ᠪᠦᠬᠦ᠌ ᠪᠥᠮᠪᠥᠷᠴᠡᠭ᠎ᠤᠨ ᠴᠤᠷ᠎ᠤᠨ ᠭᠠᠭ᠍ᠴᠠ ᠡᠯᠡᠰᠦᠨ ᠴᠦᠯ᠎ᠤᠨ ᠳᠡᠯᠡᠬᠡᠢ᠎ᠶ᠋ᠢᠨ ᠭᠠᠵᠠᠷ ᠱᠢᠨᠵᠢᠯᠡᠭᠡᠨ᠎ᠤ ᠴᠡᠴᠡᠷᠯᠢᠭ ᠪᠤᠯᠬᠤ ᠪᠠᠳᠠᠢ᠎ᠶ᠋ᠢᠨ ᠵᠢᠷᠠᠨ ᠡᠯᠡᠰᠦᠨ ᠴᠦᠯ᠎ᠤᠨ ᠭᠠᠵᠠᠷ ᠱᠢᠨᠵᠢᠯᠡᠭᠡᠨ᠎ᠤ ᠴᠡᠴᠡᠷᠯᠢᠭ᠂ ᠳᠡᠯᠡᠬᠡᠢ᠎ᠶ᠋ᠢᠨ ᠭᠤᠷᠪᠠᠨ ᠶᠡᠭᠡ ᠲᠣᠣᠷᠠᠢ᠎ᠶ᠋ᠢᠨ ᠤᠢ᠎ᠶ᠋ᠢᠨ ᠨᠢᠭᠡ ᠪᠣᠯᠬᠤ ᠡᠵᠡᠨ᠎ᠡ᠎ᠶ᠋ᠢᠨ ᠲᠣᠣᠷᠠᠢ᠎ᠶ᠋ᠢᠨ ᠤᠢ᠂ ᠳᠡᠯᠡᠬᠡᠢ᠎ᠶ᠋ᠢᠨ ᠭᠤᠷᠪᠠᠨ ᠶᠡᠭᠡ ᠬᠥᠮᠦᠨ ᠠᠴᠢᠶᠠᠯᠠᠬ᠍ᠰᠠᠨ ᠰᠠᠨᠰᠠᠷ᠎ᠤᠨ ᠠᠶᠠᠯᠠᠯ᠎ᠤᠨ ᠲᠥᠪ᠎ᠤᠨ ᠨᠢᠭᠡ ᠪᠣᠯᠬᠤ ᠳ᠋ᠦᠩᠹᠧᠩ ᠰᠠᠨᠰᠠᠷ᠎ᠤᠨ ᠠᠶᠠᠯᠠᠯ᠎ᠤᠨ ᠬᠤᠳᠠ᠂ ᠠᠯᠠᠱᠠ ᠠᠭᠤᠯᠠ᠎ᠶ᠋ᠢᠨ ᠤᠯᠤᠰ᠎ᠤᠨ ᠲᠡᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠂ ᠳᠡᠯᠡᠬᠡᠢ᠎ᠳᠤ ᠠᠯᠳᠠᠷᠳᠠᠢ ᠵᠢᠤᠢ ᠶᠠᠨ᠎ᠤ ᠬᠤᠯᠤᠰᠤᠨ ᠴᠤᠭᠤᠳᠠᠰᠤ᠂ ᠥᠨᠢ ᠤᠳᠠᠭᠠᠨ ᠲᠡᠦᠬᠡ᠎ᠲᠠᠢ ᠬᠠᠷ᠎ᠠ ᠬᠤᠳᠠ᠎ᠶ᠋ᠢᠨ ᠪᠠᠭᠤᠷᠢ᠂ 《ᠤᠷᠠᠨ ᠵᠢᠷᠤᠭ᠎ᠤᠨ ᠶᠢᠷᠲᠢᠨᠴᠦ᠎ᠶ᠋ᠢᠨ ᠠᠮᠢᠳᠤ ᠴᠢᠯᠠᠭᠤᠵᠢᠮᠠᠯ》 ᠬᠡᠮᠡᠭ᠌ᠳᠡᠭ᠌ᠰᠡᠨ ᠮᠠᠨᠳᠤᠯ ᠠᠭᠤᠯᠠ᠎ᠶ᠋ᠢᠨ ᠬᠠᠳᠠᠨ ᠵᠢᠷᠤᠭ᠂ ᠡᠯᠡᠰᠦᠨ ᠴᠦᠯ᠎ᠳᠠᠬᠢ ᠬᠠᠯᠳᠠᠷ ᠨᠠᠭᠤᠷ ᠁ ᠵᠡᠷᠭᠡ᠎ᠨᠢ ᠪᠦᠬᠦ᠌ ᠣᠷᠣᠨ᠎ᠳᠤ ᠴᠢᠨᠠᠭ᠍ᠰᠢᠯᠠᠪᠠᠯ ᠪᠦᠬᠦ᠌ ᠤᠯᠤᠰ᠎ᠲᠤ ᠴᠥᠮ ᠬᠤᠣᠰ ᠦᠭᠡᠢ ᠶᠤᠮ᠃ ᠡᠭᠦᠨ᠎ᠠᠴᠠ ᠭᠠᠳᠠᠨ᠎ᠠ ᠠᠯᠠᠱᠠ ᠠᠢᠮᠠᠭ᠎ᠲᠤ ᠪᠠᠰᠠ 9 ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠂ 2 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠣᠷᠣᠨ᠂ 4 ᠰᠣᠶᠣᠯ ᠤᠷᠠᠯᠢᠭ᠎ᠤᠨ ᠨᠤᠲᠤᠭ᠎ᠲᠠᠢ᠃ ᠡᠳᠡᠭᠡᠷ ᠬᠠᠭᠤᠴᠢ ᠲᠡᠦᠬᠡ ᠰᠣᠶᠣᠯ ᠢᠷᠭᠡᠨᠱᠢᠯ᠎ᠨᠢ ᠲᠤᠰ ᠠᠢᠮᠠᠭ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭ᠌ᠵᠢᠯᠲᠡ᠎ᠳᠤ ᠭᠦᠨ ᠵᠤᠵᠠᠭᠠᠨ ᠰᠣᠶᠣᠯ᠎ᠤᠨ ᠠᠭᠤᠯᠬᠤᠨ᠎ᠢ ᠨᠡᠮᠡᠷᠢᠯᠡᠵᠦ᠍᠂ ᠥᠷᠭᠡᠨ ᠠᠭᠤᠳᠠᠮ ᠬᠥᠭ᠌ᠵᠢᠯᠲᠡ᠎ᠶ᠋ᠢᠨ ᠣᠷᠣᠨ ᠵᠠᠢ ᠬᠠᠩᠭᠠᠵᠠᠢ᠃


4009811_lity_1623310847897_m.jpg


ᠡᠯᠪᠡᠭ ᠳᠡᠯᠪᠡᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠪᠥᠬᠦ᠌ ᠤᠯᠤᠰ ᠪᠠ ᠳᠡᠯᠡᠬᠡᠶ ᠳ᠋ᠠᠬᠢᠨ᠎ᠳᠤ ᠲᠠᠨᠢᠭᠤᠯᠬᠤ᠎ᠶ᠋ᠢᠨ ᠬᠠᠮᠲᠤ ᠠᠯᠠᠱᠠ ᠠᠢᠮᠠᠭ᠎ᠤᠨ ᠠᠷᠠᠳ᠎ᠢᠶᠠᠨ ᠪᠠᠶᠠᠵᠢᠭᠤᠯᠵᠤ ᠠᠢᠮᠠᠭ᠎ᠢᠶᠠᠨ ᠬᠦᠴᠦᠷᠬᠡᠭ᠌ᠵᠢᠭᠦᠯᠬᠦ᠌ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢ ᠠᠵᠤ ᠦᠢᠯᠡᠰ ᠪᠣᠯᠭᠠᠬᠤ᠎ᠶ᠋ᠢᠨ ᠲᠥᠯᠥᠭᠡ᠂ ᠣᠢᠷ᠎ᠠ᠎ᠶ᠋ᠢᠨ ᠵᠢᠯ᠎ᠠᠴᠠ ᠨᠠᠭᠠᠰᠢ᠂ ᠲᠣᠰ ᠠᠢᠮᠠᠭ ᠤᠯᠤᠰ᠎ᠤᠨ ᠳᠣᠲᠣᠭᠠᠳᠤ᠎ᠶ᠋ᠢᠨ ᠪᠠᠷᠠᠭᠤᠨ ᠣᠷᠣᠨ᠎ᠤ ᠵᠢᠭᠤᠯᠴᠢᠯᠠᠯ᠎ᠤᠨ ᠨᠡᠷᠡᠳᠦ ᠵᠠᠩ ᠦᠶᠯᠡ᠎ᠶ᠋ᠢᠨ ᠵᠢᠭᠤᠯᠴᠢᠯᠠᠯ᠎ᠤᠨ ᠣᠷᠣᠨ᠎ᠢ ᠪᠥᠲᠥᠭᠡᠨ ᠪᠠᠢᠭᠤᠯᠬᠤ᠂ ᠤᠯᠤᠰ᠎ᠤᠨ ᠪᠥᠬᠦ᠋ᠢᠯᠡ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬ᠍ᠰᠠᠨ ᠪᠣᠬᠢᠷᠲᠤᠯ ᠥᠬᠡᠶ ᠬᠦᠭ᠌ᠵᠢᠯᠳᠡ᠎ᠶ᠋ᠢᠨ ᠪᠠᠢᠷᠢᠱᠢᠭᠤᠯᠤᠯᠳᠠ᠎ᠶ᠋ᠢ ᠠᠯᠬᠤᠮ ᠠᠯᠬᠤᠮ᠎ᠢᠶᠠᠷ ᠴᠤᠬ᠍ᠴᠠᠯᠠᠨ ᠪᠠᠢᠭᠤᠯᠵᠤ᠂ 《ᠣᠯᠠᠨ ᠤᠯᠤᠰ᠎ᠤᠨ ᠵᠢᠭᠤᠯᠴᠢᠯᠠᠯ᠎ᠤᠨ ᠬᠠᠷᠠᠯᠲᠠᠲᠤ ᠣᠷᠣᠨ᠎ᠢ ᠪᠥᠲᠥᠭᠡᠨ ᠪᠠᠢᠭᠤᠯᠬᠤ᠎ᠪᠠᠷ ᠬᠠᠷᠠᠯᠲᠠ ᠪᠣᠯᠭᠠᠭ᠍ᠰᠠᠨ ᠠᠯᠠᠱᠠ ᠠᠢᠮᠠᠭ᠎ᠤᠨ ᠪᠥᠬᠦ᠋ᠢᠯᠡ ᠣᠷᠣᠨ ᠪᠦᠰᠡ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠶᠡᠷᠦᠩᠬᠡᠶ ᠲᠥᠯᠥᠪᠵᠢᠭᠦᠯᠭᠡ》 ᠎ᠶ᠋ᠢᠨ ᠭᠤᠤᠯ ᠴᠣᠭ᠍ᠴᠠ᠎ᠶ᠋ᠢᠨ ᠵᠢᠭᠤᠯᠴᠢᠯᠠᠯ᠎ᠤᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠨᠠᠢᠷᠠᠭᠤᠯᠤᠨ ᠵᠣᠬᠢᠶᠠᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠪᠡ᠃

ᠣᠯᠠᠨ ᠵᠢᠯ᠎ᠤᠨ ᠬᠥᠭ᠌ᠵᠢᠯᠲᠡ᠎ᠪᠠᠷ ᠳᠠᠮᠵᠢᠨ᠂ ᠠᠯᠠᠱᠠ ᠠᠢᠮᠠᠭ᠎ᠤᠨ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ ᠳᠤᠮᠳᠠᠬᠢ ᠪᠠᠢᠷᠢ ᠰᠠᠭᠤᠷᠢ ᠢᠯᠡᠳᠲᠡ ᠳᠡᠭᠡᠭ᠌ᠰᠢᠯᠡᠪᠡ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠲᠣᠰ ᠠᠢᠮᠠᠭ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠤᠯᠬᠤ ᠠᠯᠠᠱᠠ ᠠᠢᠮᠠᠭ᠎ᠤᠨ ᠲᠤᠤᠷᠠᠶ᠎ᠶ᠋ᠢᠨ ᠣᠶ᠎ᠶ᠋ᠢᠨ ᠵᠢᠭᠤᠯᠴᠢᠯᠠᠯ᠎ᠤᠨ ᠣᠷᠣᠨ᠎ᠢ ᠠᠮᠵᠢᠯᠲᠠ᠎ᠲᠠᠢ ᠡᠭᠦᠳᠦᠨ ᠪᠠᠢᠭᠤᠯᠵᠤ᠂ ᠪᠥᠬᠦ᠌ ᠠᠢᠮᠠᠭ᠎ᠲᠤ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠠᠢᠬᠤ ᠦᠭᠡᠢ ᠲᠡᠦᠭᠡ᠎ᠶ᠋ᠢ ᠡᠴᠦᠰᠯᠡᠬᠦᠯᠪᠡ᠃ ᠣᠳᠣᠬᠠᠨ᠎ᠳᠤ᠂ ᠠᠯᠠᠱᠠ ᠠᠢᠮᠠᠭ ᠨᠢᠭᠡᠨᠲᠡ 40 ᠭᠠᠷᠤᠶ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ (ᠴᠡᠭ)᠂ 31 (ᠡᠭᠦᠨ᠎ᠳᠤ ᠤᠯᠤᠰ᠎ᠤᠨ 5 A ᠲᠠᠰ᠎ᠤᠨ᠎ᠬᠢ᠎ᠨᠢ 1᠂ 4 A ᠲᠠᠰ᠎ᠤᠨ᠎ᠬᠢ᠎ᠨᠢ 12 ᠪᠠᠢᠨ᠎ᠠ) ᠤᠯᠤᠰ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠨᠡᠭᠡᠭᠡᠨ ᠬᠥᠭ᠌ᠵᠢᠭᠦᠯᠪᠡ᠃ ᠪᠦᠬᠦ᠌ ᠠᠢᠮᠠᠭ᠎ᠲᠤ ᠬᠥᠳᠡᠭᠡ ᠲᠣᠰᠭᠤᠨ (ᠮᠠᠯᠵᠢᠬᠤ ᠣᠷᠣᠨ) ᠎ᠤ ᠵᠢᠭᠤᠯᠴᠢᠯᠠᠬ᠍ᠰᠠᠳ᠎ᠢ ᠬᠦᠯᠢᠶᠡᠨ ᠠᠪᠬᠤ ᠡᠷᠦᠬᠡ 200 ᠭᠠᠷᠤᠶ ᠪᠠᠢᠵᠤ (ᠡᠭᠦᠨ᠎ᠳᠤ 105 ᠎ᠨᠢ ᠥᠪᠡᠷᠲᠡᠭᠡᠨ ᠵᠠᠰᠠᠬᠤ ᠣᠷᠣᠨ᠎ᠤ ᠣᠳᠣᠨ ᠲᠠᠰ᠎ᠤᠨ ᠬᠦᠯᠢᠶᠡᠨ ᠠᠪᠬᠤ ᠡᠷᠦᠬᠡ ᠪᠤᠯᠤᠨ᠎ᠠ)᠂ 12 ᠵᠢᠭᠤᠯᠴᠢᠯᠠᠯ᠎ᠤᠨ ᠲᠤᠰᠭᠠᠶ ᠲᠣᠰᠭᠤᠨ ᠪᠠ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠴᠡᠭ᠎ᠢ ᠪᠠᠢᠭᠤᠯᠵᠤ᠂ ᠮᠠᠯᠴᠢᠨ ᠲᠠᠷᠢᠶᠠᠴᠢᠨ᠎ᠢ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠢᠯ ᠲᠥᠷᠥᠯ᠎ᠳᠤ ᠣᠷᠣᠯᠴᠠᠭᠤᠯᠤᠨ᠂ 1.7 ᠲᠦᠮᠡᠨ ᠬᠥᠮᠦᠨ᠎ᠳᠤ ᠠᠵᠢᠯ ᠣᠯᠭᠤᠪᠠ᠂ ᠡᠨᠡ᠎ᠨᠢ ᠪᠦᠬᠦ᠌ ᠠᠢᠮᠠᠭ᠎ᠤᠨ ᠮᠠᠯᠴᠢᠨ ᠲᠠᠷᠢᠶᠠᠴᠢᠨ᠎ᠤ ᠶᠡᠷᠦᠩᠬᠡᠶ ᠲᠣᠭᠠᠨ᠎ᠤ 38 % ᠎ᠶ᠋ᠢ ᠡᠵᠡᠯᠡᠵᠠᠢ᠃


4009813_lity_1623310859357_m.jpg


ᠰᠣᠶᠣᠯ ᠪᠠ ᠵᠢᠭᠤᠯᠴᠢᠯᠠᠯ ᠠᠭᠤᠰᠤᠯᠴᠠᠨ ᠬᠥᠭ᠌ᠵᠢᠵᠦ᠍

《ᠬᠠᠨ ᠳᠡᠭ᠌ᠷᠢ ᠠᠯᠠᠱᠠ》 ᠎ᠶ᠋ᠢᠨ ᠠᠮᠢᠵᠢᠷᠠᠯ᠎ᠤᠨ ᠬᠦᠴᠦᠨ ᠪᠠᠳᠠᠷᠠᠪᠠ

ᠰᠣᠶᠣᠯ ᠪᠣᠯ ᠵᠢᠭᠤᠯᠴᠢᠯᠠᠯ᠎ᠤᠨ ᠰᠦᠭ ᠰᠦᠨᠡᠰᠦ᠂ ᠵᠢᠭᠤᠯᠴᠢᠯᠠᠯ ᠪᠣᠯ ᠰᠣᠶᠣᠯ᠎ᠤᠨ ᠠᠴᠢᠶᠠᠯᠠᠪᠤᠷᠢ᠃ ᠣᠢᠷ᠎ᠠ᠎ᠶ᠋ᠢᠨ ᠵᠢᠯ᠎ᠳᠤ᠂ ᠠᠯᠠᠱᠠ ᠠᠢᠮᠠᠭ ᠣᠷᠣᠨ ᠪᠦᠰᠡ᠎ᠶ᠋ᠢᠨ᠂ ᠦᠨᠳᠦᠰᠦᠲᠡᠨ᠎ᠤ᠂ ᠲᠡᠦᠬᠡ᠎ᠶ᠋ᠢᠨ ᠰᠣᠶᠣᠯ᠎ᠤᠨ ᠠᠭᠤᠯᠤᠭ᠍ᠳᠠᠬᠤᠨ᠎ᠢ ᠵᠢᠭᠤᠯᠴᠢᠯᠠᠯ᠎ᠤᠨ ᠠᠵᠤ ᠦᠢᠯᠡᠰ᠎ᠲᠤ ᠭᠦᠨᠵᠡᠬᠡᠢ ᠠᠭᠤᠰᠭᠠᠵᠤ᠂ ᠵᠢᠭᠤᠯᠴᠢᠯᠠᠯ ᠬᠢᠭᠡᠳ ᠰᠣᠶᠣᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠂ ᠵᠢᠭᠤᠯᠴᠢᠯᠠᠯ᠎ᠤᠨ ᠦᠢᠯᠡᠰ᠎ᠲᠤ ᠠᠮᠢᠳᠤᠯᠢᠭ ᠰᠦᠭ ᠰᠦᠨᠡᠰᠦ ᠣᠯᠭᠤᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠠᠷᠠᠳ᠎ᠢ ᠪᠠᠶᠠᠵᠢᠭᠤᠯᠬᠤ ᠪᠠ ᠠᠯᠳᠠᠷ ᠨᠡᠷ᠎ᠡ᠎ᠪᠠᠨ ᠮᠠᠨᠳᠤᠭᠤᠯᠬᠤ ᠲᠦᠯᠬᠢᠴᠡ ᠬᠦᠴᠦᠨ ᠪᠣᠯᠭᠠᠭ᠍ᠰᠠᠨ ᠪᠠᠢᠨ᠎ᠠ᠃

ᠠᠯᠠᠱᠠ ᠠᠢᠮᠠᠭ ᠡᠯᠪᠡᠭ ᠲᠡᠯᠪᠡᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠲᠠᠭᠠᠨ ᠲᠦᠱᠢᠭ᠌ᠯᠡᠨ᠂ 《ᠬᠠᠨ ᠳᠡᠭ᠌ᠷᠢ ᠠᠯᠠᠱᠠ》 ᠵᠢᠭᠤᠯᠴᠢᠯᠠᠯ᠎ᠤᠨ ᠲᠥᠷᠥᠯ ᠲᠡᠮᠳᠡᠭ᠎ᠢ ᠬᠦᠴᠦᠷᠬᠡᠭ᠌ᠵᠢᠭᠦᠯᠦᠨ ᠮᠠᠨᠳᠤᠭᠤᠯᠬᠤ᠎ᠶ᠋ᠢᠨ ᠲᠣᠭᠤᠷᠢᠨ᠎ᠳᠤ᠂ ᠰᠣᠶᠣᠯ᠎ᠤᠨ ᠨᠠᠢᠷ᠂ ᠪᠠᠶᠠᠷ ᠳᠤᠷᠠᠰᠭᠠᠯ᠎ᠤᠨ ᠠᠵᠢᠯᠯᠠᠭ᠎ᠠ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠳᠤ ᠦᠵᠡᠭᠦᠯᠬᠦ᠌ ᠬᠥᠱᠢᠭᠦᠷᠭᠡ᠎ᠶ᠋ᠢᠨ ᠦᠶᠯᠡᠳᠦᠯ᠎ᠢ ᠭᠦᠶᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠠᠢ᠃


4009817_lity_1623310882704_m.jpg


ᠪᠥᠬᠦ᠋ᠢᠯᠡ ᠣᠷᠣᠨ ᠪᠦᠰᠡ᠎ᠶ᠋ᠢᠨ ᠵᠢᠭᠤᠯᠴᠢᠯᠠᠯ᠎ᠤᠨ ᠭᠦᠨᠵᠡᠭᠡᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠬᠤ ᠳᠤᠮᠳᠠ᠂ ᠠᠯᠠᠱᠠ ᠠᠢᠮᠠᠭ ᠲᠠᠩ ᠴᠤᠯᠭᠤᠶ ᠵᠢᠭᠤᠯᠴᠢᠯᠠᠯ᠎ᠤᠨ ᠦᠢᠯᠡᠰ᠎ᠤᠨ ᠬᠥᠭ᠌ᠵᠢᠯᠲᠡ᠎ᠠᠴᠠ᠎ᠪᠠᠨ ᠬᠠᠮ ᠬᠡᠯᠪᠡᠷᠢ᠎ᠶ᠋ᠢᠨ ᠠᠵᠤ ᠦᠢᠯᠡᠰ᠎ᠤᠨ ᠬᠡᠯᠪᠡᠷᠢ ᠳᠠᠢᠰᠢ ᠬᠤᠪᠢᠷᠠᠭᠤᠯᠵᠤ᠂ ᠪᠠᠭ᠎ᠠ ᠵᠢᠭᠤᠯᠴᠢᠯᠠᠯ᠎ᠠᠴᠠ ᠶᠡᠭᠡ ᠵᠢᠭᠤᠯᠴᠢᠯᠠᠯ ᠳᠠᠢᠰᠢ ᠬᠤᠪᠢᠷᠠᠭᠤᠯᠵᠤ᠂ ᠵᠢᠭᠤᠯᠴᠢᠯᠠᠯ᠎ᠤᠨ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠂ ᠶᠡᠷᠦᠩᠬᠡᠢᠯᠡᠭ᠌ᠰᠡᠨ ᠦᠷ᠎ᠡ ᠠᠱᠢᠭ ᠢᠯᠡᠳᠲᠡ ᠳᠡᠭᠡᠭ᠌ᠰᠢᠯᠡᠬᠦ᠂ ᠠᠷᠠᠳ ᠣᠯᠠᠨ ᠨᠠᠩ ᠬᠠᠨᠤᠮᠵᠢᠲᠠᠶ᠂ ᠨᠥᠯᠥᠭᠡᠯᠡᠬᠦ᠌ ᠬᠦᠴᠦᠨ᠎ᠢᠶᠠᠨ ᠶᠡᠭᠡ᠎ᠪᠠᠷ ᠳᠡᠭᠡᠭ᠌ᠰᠢᠯᠡᠬᠦᠯᠬᠦ᠌ ᠬᠠᠷᠠᠯᠲᠠ᠎ᠶ᠋ᠢ ᠴᠢᠷᠮᠠᠢᠨ ᠪᠡᠶᠡᠯᠡᠭᠦᠯᠪᠡ᠃ 《ᠵᠢᠭᠤᠯᠴᠢᠯᠠᠯ + ᠨᠠᠢᠷ ᠨᠠᠭᠠᠳᠤᠮ》 ᠎ᠢ ᠬᠥᠭ᠌ᠵᠢᠭᠦᠯᠬᠦ᠌᠎ᠪᠠᠷ ᠬᠦᠴᠦᠯᠡᠬᠦ᠌ ᠴᠡᠭ ᠪᠣᠯᠭᠠᠵᠤ᠂ 《ᠠᠯᠠᠱᠠ᠎ᠶ᠋ᠢᠨ ᠰᠣᠶᠣᠯ ᠵᠢᠭᠤᠯᠴᠢᠯᠠᠯ᠎ᠤᠨ ᠨᠠᠢᠷ》᠂ 《ᠬᠡᠭᠡᠷᠡᠯᠡᠭ᠌ᠴᠢ · ᠠᠯᠠᠱᠠ ᠪᠠᠭᠠᠲᠤᠷᠴᠤᠳ᠎ᠤᠨ ᠴᠤᠭ᠍ᠯᠠᠭᠠᠨ》᠂ 《ᠠᠯᠠᠱᠠ᠎ᠶ᠋ᠢᠨ ᠬᠠᠰ᠂ ᠦᠵᠡᠮᠦᠷᠢ᠎ᠶ᠋ᠢᠨ ᠴᠢᠯᠠᠭᠤ ᠵᠢᠴᠢ ᠠᠷᠠᠯᠵᠢᠶᠠᠨ᠎ᠤ ᠦᠵᠡᠰᠭᠦᠯᠡᠩ᠎ᠤᠨ ᠴᠤᠭ᠍ᠯᠠᠭᠠᠨ》᠂ 《ᠠᠯᠠᠱᠠ ᠪᠠᠷᠠᠭᠤᠨ ᠬᠤᠱᠢᠭᠤᠨ᠎ᠤ ᠪᠠᠳᠠᠢ᠎ᠶ᠋ᠢᠨ ᠵᠢᠷᠠᠨ᠎ᠤ ᠡᠯᠡᠰᠦᠨ ᠴᠥᠯ᠎ᠤᠨ ᠰᠣᠶᠣᠯ ᠵᠢᠭᠤᠯᠴᠢᠯᠠᠯ᠎ᠤᠨ ᠨᠠᠢᠷ》᠂ 《ᠡᠵᠡᠨ᠎ᠡ᠎ᠶ᠋ᠢᠨ ᠠᠯᠲᠠᠨ ᠨᠠᠮᠤᠷ᠎ᠤᠨ ᠲᠣᠣᠷᠠᠢ᠎ᠶ᠋ᠢᠨ ᠠᠮᠢ ᠠᠬᠤᠶ᠎ᠶ᠋ᠢᠨ ᠵᠢᠭᠤᠯᠴᠢᠯᠠᠯ᠎ᠤᠨ ᠨᠠᠢᠷ》᠂ ᠲᠡᠮᠡᠭᠡᠨ ᠰᠤᠶᠤᠯ᠎ᠤᠨ ᠨᠠᠭᠠᠳᠤᠮ ᠵᠡᠷᠭᠡ ᠠᠯᠢ ᠣᠯᠠᠨ ᠰᠣᠶᠣᠯ ᠵᠢᠭᠤᠯᠴᠢᠯᠠᠯ᠎ᠤᠨ ᠨᠠᠢᠷ᠂ ᠤᠷᠤᠯᠳᠤᠭᠠᠨ᠎ᠤ ᠠᠵᠢᠯᠯᠠᠭ᠎ᠠ᠎ᠶ᠋ᠢ ᠠᠮᠵᠢᠯᠲᠠ᠎ᠲᠠᠢ ᠵᠣᠬᠢᠶᠠᠨ ᠪᠠᠢᠭᠤᠯᠵᠤ᠂ ᠵᠢᠭᠤᠯᠴᠢᠯᠠᠯ᠎ᠳᠤ ᠪᠠᠭ᠍ᠠᠲᠠᠶ ᠬᠥᠮᠦᠰ᠎ᠲᠤ ᠡᠯᠪᠡᠭ ᠪᠠᠶᠠᠯᠢᠭ ᠵᠢᠭᠤᠯᠴᠢᠯᠠᠯ᠎ᠤᠨ ᠳᠠᠢᠯᠠᠯᠭ᠎ᠠ ᠬᠠᠩᠭᠠᠭ᠍ᠰᠠᠨ᠎ᠢᠶᠠᠷ ᠪᠠᠷᠠᠬᠤ ᠥᠬᠡᠶ᠂ ᠪᠠᠰᠠ ᠠᠯᠠᠱᠠ᠎ᠶ᠋ᠢᠨ ᠵᠢᠭᠤᠯᠴᠢᠯᠠᠯ᠎ᠤᠨ ᠰᠣᠶᠣᠯ᠎ᠤᠨ ᠡᠬᠢ ᠪᠠᠶᠠᠯᠢᠭ᠎ᠢ ᠳᠡᠯᠭᠡᠨ ᠦᠵᠡᠭᠦᠯᠬᠦ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ᠎ᠳᠤ ᠳᠠᠪᠴᠠᠩ ᠬᠠᠨᠭ᠌ᠭᠠᠪᠠ᠃ 《ᠵᠢᠭᠤᠯᠴᠢᠯᠠᠯ + ᠰᠣᠶᠣᠯ》 ᠎ᠢ ᠬᠥᠭ᠌ᠵᠢᠭᠦᠯᠬᠦ᠌᠎ᠪᠠᠷ ᠵᠣᠭ᠍ᠰᠣᠴᠠ ᠪᠣᠯᠭᠠᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠤᠯᠠᠮ ᠠᠬᠢᠭᠤᠯᠤᠨ᠂ ᠰᠣᠶᠣᠯ ᠵᠢᠭᠤᠯᠴᠢᠯᠠᠯ ᠠᠭᠤᠰᠤᠯᠴᠠᠭ᠍ᠰᠠᠨ ᠤᠷᠡᠨ ᠰᠠᠢᠬᠠᠨ᠎ᠤ ᠲᠣᠭ᠍ᠯᠠᠯᠲᠠ᠎ᠶ᠋ᠢᠨ ᠳᠦᠰᠦᠯ᠎ᠢ ᠲᠠᠰᠤᠷᠠᠯᠲᠠ ᠥᠬᠡᠶ ᠠᠭᠤᠳᠠᠯᠵᠤ᠂ ᠳᠠᠭᠤᠤ ᠪᠥᠵᠢᠭ᠌ᠲᠦ ᠦᠵᠡᠭ᠌ᠳᠡᠯᠲᠦ ᠵᠦᠴᠦᠭᠡ 《ᠳᠤᠤᠷᠡᠢ᠎ᠶ᠋ᠢᠨ ᠳᠠᠭᠤᠯᠡᠯ》᠂ ᠶᠠᠷᠢᠶᠠᠲᠤ ᠵᠦᠴᠦᠭᠡ 《ᠨᠡᠬᠦᠳᠡᠯ᠎ᠤᠨ ᠬᠤᠱᠢᠭᠤᠴᠢ》 ᠵᠡᠷᠭᠡ ᠬᠤᠪᠢᠰᠭᠠᠯᠲᠤ ᠤᠳᠭ᠎ᠠ ᠤᠷᠠᠯᠢᠭ᠎ᠤᠨ ᠪᠦᠲᠦᠭᠡᠯ ᠵᠢᠴᠢ ᠪᠣᠳᠠᠲᠤ ᠦᠵᠡᠭ᠌ᠳᠡᠯᠲᠦ ᠵᠦᠴᠦᠭᠡ 《ᠠᠯᠲᠠᠨ ᠲᠣᠤᠷᠠᠶ》᠂ 《ᠲᠩᠷᠢ᠎ᠶ᠋ᠢᠨ ᠳᠣᠮᠤᠭ》 ᠵᠡᠷᠭᠡ ᠠᠯᠢ ᠣᠯᠠᠨ ᠲᠣᠮᠣ ᠬᠡᠯᠪᠡᠷᠢ᠎ᠶ᠋ᠢᠨ ᠪᠣᠳᠠᠲᠤ ᠦᠵᠡᠭ᠌ᠳᠡᠯᠲᠦ ᠵᠦᠴᠦᠭᠡ᠎ᠶ᠋ᠢ ᠤᠷᠢᠳ ᠬᠤᠵᠢᠳ ᠵᠤᠬᠢᠶᠠᠨ ᠪᠦᠲᠦᠭᠡᠵᠦ᠍᠂ ᠪᠥᠬᠦ᠌ ᠠᠢᠮᠠᠭ᠎ᠤᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠪᠠᠶᠠᠷ ᠳᠤᠷᠠᠰᠭᠠᠯ᠎ᠤᠨ ᠠᠵᠢᠯᠯᠠᠭ᠎ᠠ᠎ᠶ᠋ᠢᠨ ᠲᠥᠷᠥᠯ ᠲᠡᠮᠳᠡᠭ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ᠂ ᠨᠠᠢᠷ ᠨᠠᠭᠠᠳᠤᠮ᠎ᠢᠶᠠᠷ ᠪᠥᠬᠦ᠌ ᠠᠢᠮᠠᠭ᠎ᠤᠨ 60% ᠎ᠠᠴᠠ ᠳᠡᠭᠡᠭ᠌ᠰᠢᠬᠢ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠳᠠᠢᠴᠢᠯᠠᠪᠠ᠃


4009821_lity_1623310918568_m.jpg


ᠲᠤᠰ ᠠᠢᠮᠠᠭ ᠪᠠᠰᠠ ᠰᠣᠶᠣᠯ ᠵᠢᠭᠤᠯᠴᠢᠯᠠᠯ᠎ᠤᠨ ᠰᠣᠯᠢᠯᠴᠠᠭ᠎ᠠ᠂ ᠣᠯᠠᠨ ᠲᠠᠯ᠎ᠠ᠎ᠶ᠋ᠢᠨ ᠡᠵᠡᠩᠨᠡᠨ ᠪᠣᠷᠣᠯᠠᠭᠤᠯᠤᠯᠲᠠ ᠪᠠ ᠪᠠᠶᠠᠷ ᠳᠤᠷᠠᠰᠭᠠᠯ᠎ᠤᠨ ᠠᠵᠢᠯᠯᠠᠭ᠎ᠠ᠎ᠶ᠋ᠢᠨ ᠤᠬᠠᠭᠤᠯᠭ᠎ᠠ ᠵᠡᠷᠭᠡ ᠣᠯᠠᠨ ᠵᠦᠢᠯ᠎ᠤᠨ ᠠᠷᠭ᠎ᠠ ᠪᠠᠷᠢᠯ᠎ᠢᠶᠠᠷ 《ᠬᠠᠨ ᠲᠩᠷᠢ ᠠᠯᠠᠱᠠ》 ᠵᠢᠭᠤᠯᠴᠢᠯᠠᠯ᠎ᠤᠨ ᠲᠦᠷᠦᠯ ᠲᠡᠮᠳᠡᠭ᠎ᠤᠨ ᠳᠦᠷᠢ ᠲᠥᠷᠬᠦ᠌᠎ᠶ᠋ᠢ ᠤᠯᠠᠮ ᠨᠢᠭᠡ ᠠᠯᠬᠤᠮ ᠱᠤᠭᠤᠬᠤ᠎ᠶ᠋ᠢᠨ ᠬᠠᠮᠲᠤ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠲᠠᠢ ᠤᠶᠠᠯᠳᠤᠭᠤᠯᠤᠨ᠂ ᠪᠥᠬᠦ᠌ ᠠᠢᠮᠠᠭ᠎ᠤᠨ ᠬᠡᠪᠴᠢᠶᠡᠨ᠎ᠳᠤ ᠤᠶᠤᠨᠴᠢ ᠰᠣᠶᠣᠯ ᠵᠢᠭᠤᠯᠴᠢᠯᠠᠯ᠎ᠤᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠪᠠ; 《ᠰᠣᠶᠣᠯ ᠵᠢᠭᠤᠯᠴᠢᠯᠠᠯ +》 ᠠᠭᠤᠰᠤᠯᠴᠠᠨ ᠬᠥᠭ᠌ᠵᠢᠬᠦ᠌ ᠢᠨᠵᠧᠨᠧᠷᠢᠩ᠎ᠢ ᠠᠬᠢᠭᠤᠯᠵᠤ᠂ ᠤᠯᠠᠮᠵᠢᠯᠠᠯᠲᠤ ᠰᠣᠶᠣᠯ ᠵᠢᠭᠤᠯᠴᠢᠯᠠᠯ᠎ᠤᠨ ᠦᠢᠯᠡᠳᠬᠦᠨ᠎ᠤ ᠳᠤᠲᠠᠭᠤᠳᠠᠯ᠎ᠢ ᠪᠦᠲᠦᠮᠵᠢᠲᠡᠶ ᠨᠥᠬᠦᠪᠥᠷᠢᠯᠡᠪᠡ; ᠡᠭᠦᠨ᠎ᠤ ᠬᠠᠮᠲᠤ ᠠᠷᠠᠳ᠎ᠤᠨ ᠵᠠᠩ ᠦᠢᠯᠡ᠎ᠶ᠋ᠢᠨ ᠰᠣᠶᠣᠯ᠂ ᠬᠤᠪᠢᠰᠭᠠᠯ᠎ᠤᠨ ᠰᠣᠶᠣᠯ ᠵᠡᠷᠭᠡ᠎ᠶ᠋ᠢ ᠴᠢᠨᠠᠭ᠍ᠰᠢᠳᠠ ᠠᠭᠤᠳᠠᠯᠵᠤ᠂ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠠᠢ᠃ ᠡᠳᠦᠭᠡ᠂ ᠲᠤᠰ ᠠᠢᠮᠠᠭ᠎ᠤᠨ ᠰᠣᠶᠣᠯ ᠪᠠ ᠵᠢᠭᠤᠯᠴᠢᠯᠠᠯ᠎ᠤᠨ ᠦᠢᠯᠡᠰ ᠨᠢᠭᠡᠨᠲᠡ ᠠᠯᠬᠤᠮ ᠠᠯᠬᠤᠮ᠎ᠢᠶᠠᠷ ᠪᠦᠬᠦ᠌ ᠠᠢᠮᠠᠭ᠎ᠤᠨ ᠨᠡᠯᠢᠶᠡᠳ ᠲᠦᠷᠭᠡᠨ ᠬᠥᠭ᠌ᠵᠢᠭ᠌ᠰᠡᠨ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠪᠠ ᠱᠢᠨ᠎ᠡ ᠠᠵᠤ ᠠᠬᠤᠢ᠎ᠶ᠋ᠢᠨ ᠨᠡᠮᠡᠭ᠌ᠳᠡᠯ᠎ᠤᠨ ᠴᠡᠭ ᠪᠣᠯᠪᠠ᠃

ᠤᠳᠤᠬᠠᠨ᠎ᠳᠤ᠂ ᠠᠯᠠᠱᠠ᠎ᠶ᠋ᠢᠨ ᠰᠣᠶᠣᠯ ᠵᠢᠭᠤᠯᠴᠢᠯᠠᠯ᠎ᠤᠨ ᠦᠢᠯᠡᠰ᠎ᠨᠢ ᠨᠢᠭᠡᠨᠲᠡ ᠭᠠᠳᠠᠭ᠍ᠰᠢ ᠨᠡᠭᠡᠭᠡᠯᠲᠡ ᠬᠢᠵᠦ᠍᠂ ᠵᠢᠭᠤᠯᠴᠢᠯᠠᠬ᠍ᠰᠡᠳ᠎ᠢ ᠱᠢᠩᠭᠡᠭᠡᠨ ᠠᠪᠬᠤ ᠲᠦᠷᠦᠯ ᠲᠡᠮᠳᠡᠭ ᠪᠣᠯᠤᠨ ᠠᠷᠠᠳ᠎ᠢ ᠪᠠᠶᠠᠵᠢᠭᠤᠯᠬᠤ 《ᠪᠣᠬᠢᠷᠲᠤᠯ ᠦᠭᠡᠢ》 ᠠᠵᠤ ᠦᠢᠯᠡᠰ ᠪᠣᠯᠵᠠᠢ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠳᠤ᠂ ᠪᠥᠬᠦ᠌ ᠠᠢᠮᠠᠭ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠢᠭᠤᠯᠴᠢᠯᠠᠬ᠍ᠰᠡᠳ᠎ᠢ ᠨᠡᠢᠲᠡ 2489 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠶᠡᠷᠦᠩᠬᠡᠶ ᠣᠷᠣᠯᠭ᠎ᠠ᠎ᠨᠢ 515.2 ᠳ᠋ᠦᠩᠱᠢᠭᠤᠷ ᠲᠥᠭᠦᠷᠢᠭ᠎ᠲᠤ ᠬᠦᠷᠴᠤ᠌᠂ 《ᠠᠷᠪᠠᠨ ᠬᠤᠶᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ᠎ᠬᠢ᠎ᠠᠴᠠ ᠲᠣᠰ ᠲᠤᠰ 65.2% ᠪᠠ 261.8% ᠎ᠪᠠᠷ ᠨᠡᠮᠡᠭ᠌ᠳᠡᠪᠡ᠃


4009815_lity_1623310870039_m.jpg


《〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠪᠢᠳᠡ ᠤᠯᠤᠰ᠎ᠤᠨ ᠳᠣᠲᠣᠭᠠᠳᠤ᠎ᠶ᠋ᠢᠨ ᠪᠠᠷᠠᠭᠤᠨ ᠣᠷᠣᠨ᠎ᠤ ᠵᠢᠭᠤᠯᠴᠢᠯᠠᠯ᠎ᠤᠨ ᠨᠡᠷᠡᠳᠦ ᠵᠠᠩ  ᠦᠢᠯᠡ᠎ᠶ᠋ᠢᠨ ᠵᠢᠭᠤᠯᠴᠢᠯᠠᠯ᠎ᠤᠨ ᠣᠷᠣᠨ᠎ᠢ ᠪᠥᠲᠥᠭᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠤᠯᠤᠰ᠎ᠤᠨ ᠪᠥᠬᠦ᠋ᠢᠯᠡ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠬᠤ᠎ᠪᠠᠷ ᠶᠡᠷᠦᠩᠬᠡᠢᠯᠡᠨ ᠵᠢᠯᠣᠭᠤᠳᠣᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠥᠨᠳᠥᠷ ᠲᠦᠪᠱᠢᠨ᠎ᠲᠠᠢ ᠠᠭᠤᠰᠤᠯᠴᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢ ᠴᠢᠨᠠᠭ᠍ᠰᠢᠳᠠ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠠᠯᠠᠱᠠ᠎ᠶ᠋ᠢᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠂ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦᠯᠬᠦ᠌ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢ ᠠᠵᠤ ᠦᠢᠯᠡᠰ ᠪᠠ ᠴᠢᠬᠤᠯᠠ ᠠᠵᠤ ᠠᠬᠤᠶ᠎ᠶ᠋ᠢᠨ ᠨᠡᠮᠡᠭ᠌ᠳᠡᠯ᠎ᠤᠨ ᠴᠡᠭ ᠪᠣᠯᠭᠠᠨ᠂ ᠰᠣᠶᠣᠯ ᠵᠢᠭᠤᠯᠴᠢᠯᠠᠯ᠎ᠤᠨ ᠣᠯᠠᠨ ᠨᠡᠢᠲᠡ᠎ᠶ᠋ᠢᠨ ᠰᠠᠭᠤᠷᠢ ᠲᠥᠬᠦᠭᠡᠷᠦᠮᠵᠢ ᠪᠠ ᠣᠯᠠᠨ ᠨᠡᠢᠲᠡ᠎ᠶ᠋ᠢᠨ  ᠦᠢᠯᠡᠴᠢᠡᠯᠭᠡᠨ᠎ᠤ ᠱᠢᠰᠲ᠋ᠧᠮ᠎ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠨᠠᠢᠳᠠᠪᠤᠷᠢᠲᠠᠶ ᠪᠠᠲᠤᠯᠠᠭ᠎ᠠ ᠪᠣᠯᠭᠠᠨ᠎ᠠ》 ᠬᠡᠵᠦ᠍ ᠠᠯᠠᠱᠠ ᠠᠢᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠦᠨ ᠵᠢᠶᠠᠨ ᠵᠢᠶᠦ᠋ᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号