ᠣᠨᠴᠠᠯᠢᠭ᠍ᠲᠤ ᠳᠠᠷᠢᠵᠤ ᠲᠡᠵᠢᠭᠡᠬᠦ᠌ ᠦᠢᠯᠡᠰ᠎ᠨᠢ ᠡᠯᠡᠰᠦ᠎ᠶ᠋ᠢ ᠨᠣᠭᠤᠭᠠᠷᠠᠭᠤᠯᠵᠤ ᠠᠷᠠᠳ᠎ᠢ ᠪᠠᠶᠠᠵᠢᠭᠤᠯᠬᠤ 《ᠱᠢᠵᠢᠷ ᠠᠯᠲᠠᠨ ᠠᠵᠤ ᠦᠢᠯᠡᠰ》 ᠪᠣᠯᠪᠠ
2021-06-14 12:11:50
ᠵᠣᠬᠢᠶᠠᠭ᠍ᠴᠢ᠄
ᠵᠠᠩ ᠵᠤᠤ ᠴᠧᠩ ᠯᠢᠦ ᠬᠤᠩ ᠵᠠᠩ ᠯᠢ ᠬᠠᠨ ᠱᠢᠤᠢ ᠶᠤᠸᠠᠢ ᠮᠠ ᠵᠢᠶᠠᠨ ᠴᠢᠤᠸᠠᠨ
ᠣᠩᠱᠢᠭ᠍ᠰᠠᠨ ᠣᠳᠠᠭ᠎ᠠ᠄
★★★☆☆

ᠠᠯᠠᠱᠠ ᠠᠢᠮᠠᠭ᠎ᠤᠨ ᠠᠮᠢ ᠠᠬᠤᠶ ᠲᠦᠢᠯ᠎ᠤᠨ ᠬᠡᠪᠡᠷᠡᠭ᠄ 27 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠭᠡᠷ ᠳᠡᠭᠡᠷ᠎ᠡ᠂ ᠡᠯᠡᠰᠦᠨ ᠴᠦᠯ᠂ ᠭᠤᠪᠢ᠂ ᠴᠥᠯᠯᠡᠷᠬᠡᠭ᠌ᠵᠢᠭ᠌ᠰᠡᠨ ᠨᠤᠲᠤᠭ ᠪᠡᠯᠴᠢᠭᠡᠷ ᠲᠤᠰ ᠲᠤᠰ ᠭᠤᠷᠪᠠᠨ᠎ᠤ ᠨᠢᠭᠡ᠎ᠶ᠋ᠢ ᠡᠵᠡᠯᠡᠵᠦ᠍᠂ ᠠᠮᠢ ᠠᠬᠤᠶ᠎ᠶ᠋ᠢᠨ ᠬᠡᠪᠡᠷᠡᠭ ᠣᠷᠣᠨ ᠪᠦᠬᠦᠯᠢ ᠴᠣᠭ᠍ᠴᠠ᠎ᠶ᠋ᠢᠨ ᠲᠠᠯᠠᠪᠠᠶ᠎ᠶ᠋ᠢᠨ 94% ᠎ᠶ᠋ᠢ ᠡᠵᠡᠯᠡᠪᠡ᠃

ᠡᠢᠮᠦᠷᠬᠦᠦ ᠠᠮᠢ ᠠᠬᠤᠢ᠎ᠶ᠋ᠢᠨ ᠨᠥᠬᠦᠴᠡᠯ᠎ᠤᠨ ᠡᠮᠦᠨ᠎ᠡ᠂ ᠠᠯᠠᠱᠠᠴᠤᠳ ᠠᠶᠤᠵᠤ ᠰᠦᠷᠳᠡᠭ᠌ᠰᠡᠨ ᠦᠭᠡᠢ᠂ ᠬᠠᠷᠢᠨ ᠭᠠᠵᠠᠷ ᠣᠷᠣᠨ᠎ᠤ ᠪᠤᠳᠠᠳᠠᠢ ᠪᠠᠢᠳᠠᠯ᠎ᠳᠠᠭᠠᠨ ᠲᠤᠬᠢᠷᠠᠭᠤᠯᠤᠨ᠂ ᠪᠣᠬᠢᠷᠲᠤᠯ ᠦᠭᠡᠢ ᠬᠥᠭ᠌ᠵᠢᠯᠳᠠ᠎ᠶ᠋ᠢᠨ ᠵᠠᠮ᠎ᠢ ᠬᠠᠢᠵᠤ᠂ ᠲᠠᠪᠠᠭᠤᠯᠢᠭ᠎ᠢᠶᠠᠨ ᠪᠠᠳᠠᠷᠠᠭᠤᠯᠤᠨ ᠬᠦᠷᠦᠯᠴᠡᠬᠦ᠌ ᠦᠭᠡᠢ ᠲᠠᠯ᠎ᠠ᠎ᠪᠠᠨ ᠨᠥᠬᠦᠪᠥᠷᠢᠯᠡᠵᠦ᠍᠂ ᠡᠯᠡᠰᠦᠨ ᠲᠠᠯᠠᠢ᠎ᠠᠴᠠ ᠠᠯᠳᠠ ᠮᠠᠯᠲᠠᠵᠤ᠂ ᠱᠢᠷᠭᠠᠯ ᠡᠯᠡᠰᠦᠨ᠎ᠠᠴᠠ ᠤᠨᠴᠠᠯᠢᠬ᠍ᠳᠤ 《ᠱᠢᠵᠢᠷ ᠠᠯᠳᠠᠨ ᠠᠵᠤ ᠦᠢᠯᠡᠰ》 ᠎ᠢ ᠬᠠᠢᠵᠤ ᠤᠯᠤᠬ᠍ᠰᠠᠨ ᠪᠠᠢᠨ᠎ᠠ᠃


4009805_lity_1623310810683_m.jpg


ᠣᠯᠠᠨ ᠵᠢᠯ᠎ᠤᠨ ᠲᠤᠷᠰᠢ᠂ ᠠᠯᠠᠱᠠ ᠠᠢᠮᠠᠭ ᠠᠮᠢ ᠠᠬᠤᠶ᠎ᠶ᠋ᠢᠨ ᠬᠠᠮᠠᠭᠠᠯᠠᠯᠲᠠ ᠪᠥᠲᠥᠭᠡᠨ ᠪᠠᠢᠭᠤᠯᠤᠯᠲᠠ᠎ᠶ᠋ᠢᠨ ᠳᠤᠮᠳᠠ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠂ ᠡᠯᠡᠰᠦᠷᠬᠡᠭ᠌ᠵᠢᠯ᠎ᠢ ᠰᠡᠷᠭᠡᠢᠯᠡᠨ ᠵᠠᠰᠠᠬᠤ ᠪᠠ ᠡᠯᠡᠰᠦᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠡᠯᠡᠰᠦᠨ᠎ᠤ ᠡᠬᠢ ᠪᠠᠶᠠᠯᠢᠭ᠎ᠢ ᠭᠦᠶᠴᠡᠳ ᠠᠱᠢᠬ᠍ᠯᠠᠵᠤ᠂ ᠴᠠᠭᠠᠨ ᠭᠤᠶᠣᠣ᠂ ᠤᠯᠠᠭᠠᠨ ᠭᠤᠶᠣᠣ᠂ ᠡᠯᠡᠰᠦᠷᠬᠡᠭ ᠭᠠᠵᠠᠷ᠎ᠤᠨ ᠦᠵᠦᠮ᠂ ᠬᠤᠤᠰ ᠪᠥᠬᠦᠲᠦ ᠲᠡᠮᠡᠭᠡ ᠵᠡᠷᠭᠡ᠎ᠪᠠᠷ ᠭᠤᠤᠯ ᠪᠣᠯᠭᠠᠭ᠍ᠰᠠᠨ ᠣᠨᠴᠠᠯᠢᠭ᠍ᠲᠤ ᠡᠯᠡᠰᠦᠨ᠎ᠤ ᠠᠵᠤ ᠦᠢᠯᠡᠰ᠎ᠢ ᠢᠳᠡᠪᠬᠢᠲᠡᠶ ᠪᠤᠢᠵᠢᠭᠤᠯᠤᠨ ᠬᠥᠭ᠌ᠵᠢᠭᠦᠯᠵᠦ᠍ ᠢᠯᠡᠳᠳᠡ ᠦᠷ᠎ᠡ ᠠᠱᠢᠭ ᠣᠯᠵᠠᠶ᠃

ᠪᠦᠬᠦ᠌ ᠠᠢᠮᠠᠭ᠎ᠲᠤ ᠡᠯᠡᠰᠦᠨ᠎ᠤ ᠠᠵᠤ ᠦᠢᠯᠡᠰ ᠡᠷᠬᠢᠯᠡᠵᠦ᠍ ᠪᠠᠢᠭ᠎ᠠ ᠬᠡᠪᠴᠢᠶᠡᠵᠢᠭ᠌ᠰᠡᠨ ᠠᠵᠤ ᠠᠬᠤᠢᠯᠠᠯ 44 ᠪᠠᠢᠵᠤ᠂ ᠲᠠᠷᠢᠵᠤ ᠤᠷᠭᠤᠭᠤᠯᠬᠤ ᠲᠡᠵᠢᠭᠡᠨ ᠦᠷᠡᠵᠢᠬᠦᠯᠬᠦ᠌ ᠲᠤᠰᠭᠠᠢ ᠬᠤᠷᠱᠢᠶ᠎ᠠ 823 ᠪᠠᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠪᠥᠬᠦ᠌ ᠠᠢᠮᠠᠭ᠎ᠤᠨ ᠣᠶ ᠱᠢᠭᠤᠶ ᠡᠯᠡᠰᠦᠨ᠎ᠤ ᠠᠵᠤ ᠦᠢᠯᠡᠰ᠎ᠤᠨ ᠦᠢᠯᠡᠳᠬᠦᠨ᠎ᠤ ᠥᠷᠲᠡᠭ 1999.5 ᠳ᠋ᠦᠩᠱᠢᠭᠤᠷ ᠲᠥᠭᠦᠷᠢᠭ᠎ᠲᠤ ᠬᠦᠷᠴᠦ᠍᠂ ᠱᠢᠭᠤᠳ ᠪᠤᠶᠤ ᠳᠠᠮ᠎ᠢᠶᠠᠷ ᠡᠯᠡᠰᠦᠨ᠎ᠤ ᠠᠵᠤ ᠦᠢᠯᠡᠰ ᠡᠷᠭᠢᠯᠡᠵᠦ᠍ ᠪᠠᠢᠭ᠎ᠠ ᠮᠠᠯᠴᠢᠨ ᠲᠠᠷᠢᠶᠠᠴᠢᠨ 3 ᠲᠦᠮᠡ ᠭᠠᠷᠤᠶ ᠬᠥᠮᠦᠨ ᠪᠠᠢᠵᠤ᠂ ᠬᠥᠮᠦᠨ ᠳᠤᠮᠳᠠᠴᠢ᠎ᠶ᠋ᠢᠨ ᠵᠢᠯ᠎ᠤᠨ ᠣᠷᠣᠯᠭ᠎ᠠ᠎ᠨᠢ 3 ᠎ᠠᠴᠠ 5 ᠲᠦᠮᠡᠨ ᠲᠥᠭᠦᠷᠢᠭ᠎ᠲᠤ ᠬᠦᠷᠴᠡᠶ᠃


4009809_lity_1623310836914_m.jpg


ᠠᠮᠢ  ᠠᠬᠤᠢ ᠎ᠶ᠋ᠢᠨ   ᠡᠯᠡᠰᠦ᠎ᠠᠴᠠ   ᠱᠢᠨ᠎ᠡ   ᠠᠵᠤ  ᠦᠢᠯᠡᠰ

ᠪᠤᠢ ᠪᠤᠯᠵᠦ᠍ ᠡᠯᠡᠰᠦ᠎ᠶ᠋ᠢ ᠨᠤᠭᠤᠭᠠᠷᠠᠭᠤᠯᠵᠤ ᠠᠷᠠᠳ᠎ᠢ ᠪᠠᠶᠠᠵᠢᠭᠤᠯᠪᠠ

ᠸᠠᠩ ᠬᠤᠢ ᠵᠢᠶᠦ᠋ᠨ ᠪᠣᠯ ᠠᠯᠠᠱᠠ ᠵᠡᠭᠦᠨ ᠬᠤᠱᠢᠭᠤᠨ᠎ᠤ ᠵᠡᠬᠦᠨ ᠪᠡᠯ ᠪᠠᠯᠭᠠᠰᠤᠨ᠎ᠤ ᠮᠠᠩᠯᠠᠢ ᠭᠠᠴᠠᠭ᠎ᠠ᠎ᠶ᠋ᠢᠨ ᠮᠠᠯᠴᠢᠨ᠃ ᠡᠨᠡ ᠬᠡᠳᠦᠨ ᠡᠳᠦᠷ᠂ ᠲᠡᠭᠦᠨ᠎ᠤ ᠲᠠᠷᠢᠭ᠍ᠰᠠᠨ 3000 ᠮᠦ᠍ ᠴᠠᠭᠠᠨ ᠭᠤᠶᠣᠣ ᠡᠯᠪᠡᠭ ᠬᠤᠷᠢᠶᠠᠯᠲᠠ ᠣᠯᠵᠠᠢ᠃ 《ᠡᠨᠡ ᠤᠳᠠᠭ᠎ᠠ ᠨᠡᠢᠲᠡ 5000 ᠭᠠᠷᠤᠶ ᠵᠢᠩ ᠴᠠᠭᠠᠨ ᠭᠤᠶᠣᠣ ᠬᠤᠷᠢᠶᠠᠵᠦ᠍᠂ ᠵᠠᠬ᠎ᠠ ᠳᠡᠯᠭᠡᠭᠦᠷ᠎ᠤᠨ ᠦᠨ᠎ᠡ᠎ᠪᠠᠷ ᠨᠢᠭᠡ ᠺᠢᠯᠣᠭ᠌ᠷᠠᠮ᠎ᠢ᠎ᠨᠢ 20 ᠲᠥᠭᠦᠷᠢᠭ᠎ᠢᠶᠠᠷ ᠬᠤᠳᠠᠯᠳᠤᠬᠤ᠎ᠳᠤ 5 ᠲᠦᠮᠡ ᠭᠠᠷᠤᠶ ᠲᠥᠭᠦᠷᠢᠭ ᠤᠷᠤᠯᠭ᠎ᠠ ᠤᠯᠬᠤ᠎ᠳᠤ ᠠᠰᠠᠭᠤᠳᠠᠯ ᠦᠭᠡᠶ᠃ ᠨᠠᠮᠤᠷ ᠪᠠᠰᠠ ᠨᠢᠭᠡ ᠤᠳᠠᠭ᠎ᠠ ᠬᠤᠷᠢᠶᠠᠬᠤ ᠤᠴᠢᠷ᠎ᠠᠴᠠ ᠵᠢᠯ᠎ᠳᠤ ᠴᠠᠭᠠᠨ ᠭᠤᠶᠣᠣ ᠬᠤᠳᠠᠯᠳᠤᠭᠠᠳ 8 ᠲᠦᠮᠡ ᠭᠠᠷᠤᠶ ᠲᠥᠭᠦᠷᠢᠭ ᠣᠯᠤᠨ᠎ᠠ᠂ ᠡᠭᠦᠨ᠎ᠤ ᠳᠡᠭᠡᠷ᠎ᠡ ᠮᠠᠨ᠎ᠤ ᠭᠤᠷᠪᠠᠨ ᠠᠮᠠ ᠪᠦᠯᠢ᠎ᠶ᠋ᠢᠨ ᠪᠡᠯᠴᠢᠭᠡᠷᠯᠡᠭᠦᠯᠬᠦ᠌᠎ᠶ᠋ᠢ ᠵᠤᠬ᠍ᠰᠤᠭᠠᠬᠤ ᠨᠥᠬᠦᠪᠥᠷᠢ ᠪᠣᠯᠤᠨ ᠮᠢᠨᠦ᠍ ᠣᠢ ᠬᠠᠮᠠᠭᠠᠯᠠᠭ᠍ᠴᠢ᠎ᠶ᠋ᠢᠨ ᠴᠠᠯᠢᠩ᠎ᠢ ᠨᠡᠮᠡᠪᠡᠯ᠂ ᠵᠢᠯ᠎ᠳᠤ ᠠᠷᠪᠠᠨ ᠳᠥᠷᠪᠡ ᠲᠠᠪᠤᠨ ᠲᠦᠮᠡᠨ ᠲᠥᠭᠦᠷᠢᠭ ᠤᠯᠵᠦ᠍ ᠲᠡᠢᠯᠦᠨ᠎ᠡ》 ᠭᠡᠵᠦ᠍ ᠴᠠᠭᠠᠨ ᠭᠤᠶᠣᠣ ᠳᠠᠷᠢᠵᠦ᠍ ᠠᠮᠢᠳᠤᠷᠠᠯ᠎ᠢᠶᠠᠨ ᠦᠬᠡᠳᠡ ᠲᠠᠲᠠᠬ᠍ᠰᠠᠨ ᠲᠤᠬᠠᠢ ᠶᠠᠷᠢᠬᠤ᠎ᠳᠤ ᠸᠠᠩ ᠬᠤᠢ ᠵᠢᠶᠦ᠋ᠨ᠎ᠤ ᠴᠢᠷᠠᠢ᠎ᠳᠤ ᠪᠠᠶᠠᠷ ᠪᠠᠭ᠍ᠠᠳᠤᠯ᠎ᠢᠶᠠᠷ ᠪᠢᠯᠬᠠᠮ᠎ᠠ ᠪᠠᠢᠯ᠎ᠠ᠃

ᠣᠢᠷ᠎ᠠ᠎ᠶ᠋ᠢᠨ ᠵᠢᠯ᠎ᠳᠤ᠂ ᠠᠯᠠᠱᠠ ᠠᠢᠮᠠᠭ ᠠᠮᠢ ᠠᠬᠤᠶ᠎ᠶ᠋ᠢ ᠤᠷᠢᠳ᠎ᠢᠶᠠᠷ ᠪᠤᠲᠤᠯᠬᠢᠯᠠᠬ᠍ᠰᠠᠨ ᠪᠣᠬᠢᠷᠲᠤᠯ ᠦᠭᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠨᠣᠭᠤᠭᠠᠷᠠᠭᠤᠯᠤᠯᠲᠠ᠎ᠶ᠋ᠢᠨ ᠠᠬᠢᠴᠠ ᠪᠠ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠨ ᠠᠬᠢᠭᠤᠯᠵᠤ᠂ ᠵᠠᠬ᠎ᠤᠨ ᠤᠢ ᠵᠡᠷᠭᠡ ᠡᠯᠪᠡᠭ ᠪᠠᠶᠠᠯᠢᠭ ᠡᠯᠡᠰᠦᠨ᠎ᠤ ᠤᠷᠭᠤᠮᠠᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠦᠷ᠎ᠡ ᠠᠱᠢᠬ᠎ᠢ ᠨᠡᠮᠡᠭ᠌ᠳᠡᠬᠦᠯᠤᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤ ᠳᠣᠭᠢᠷᠠᠭᠤᠯᠤᠨ ᠴᠠᠭᠠᠨ ᠭᠤᠶᠣᠣ᠂ ᠤᠯᠠᠭᠠᠨ ᠭᠤᠶᠤᠤ᠂ ᠡᠯᠡᠰᠦᠷᠬᠡᠭ ᠭᠠᠵᠠᠷ᠎ᠤᠨ ᠦᠵᠦᠮ ᠵᠡᠷᠭᠡ᠎ᠪᠠᠷ ᠭᠤᠤᠯ ᠪᠣᠯᠭᠠᠭ᠍ᠰᠠᠨ ᠣᠨᠴᠠᠯᠢᠠᠠᠳᠣ ᠡᠯᠡᠰᠦᠨ᠎ᠤ ᠠᠵᠤ ᠦᠢᠯᠡᠰ᠎ᠢ ᠬᠦᠴᠦᠯᠡᠨ ᠪᠤᠢᠵᠢᠭᠤᠯᠵᠤ᠂ ᠠᠮᠢ ᠠᠬᠤᠶ᠎ᠶ᠋ᠢᠨ ᠵᠠᠰᠠᠯᠲᠠ ᠪᠠ ᠣᠷᠴᠢᠨ ᠲᠣᠭᠤᠷᠢᠨ᠎ᠤ ᠬᠠᠮᠠᠭᠠᠯᠠᠯᠲᠠ ᠬᠢᠭᠡᠳ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ᠃


4009811_lity_1623310847897_m.jpg


《ᠠᠮᠢ ᠠᠬᠤᠢ ᠨᠤᠭᠤᠭᠠᠨ᠎ᠢᠶᠠᠷ᠎ᠢᠶᠠᠨ ᠪᠠᠢᠪᠠᠯ ᠪᠢᠳᠠ ᠵᠢᠷᠭᠠᠯᠳᠤ ᠠᠮᠢᠳᠤᠷᠠᠯ᠎ᠢ ᠡᠳ᠋ᠯᠡᠵᠦ᠍ ᠲᠡᠢᠯᠦᠨ᠎ᠡ》 ᠭᠡᠵᠦ᠍ ᠸᠠᠩ ᠬᠤᠢ ᠵᠢᠶᠦ᠋ᠨ ᠲᠤᠬ᠍ᠳᠤᠯᠤᠬ᠍ᠰᠠᠨ ᠰᠡᠳᠭᠢᠯ᠎ᠢᠶᠠᠨ ᠲᠠᠷᠤᠵᠤ ᠶᠠᠳᠠᠨ ᠶᠠᠷᠢᠨ᠎ᠠ᠃ ᠥᠩᠭᠡᠷᠡᠭ᠌ᠰᠡᠨ᠎ᠳᠤ᠂ ᠮᠠᠩᠯᠠᠢ ᠭᠠᠴᠠᠭᠠᠨ᠎ᠳᠤ ᠡᠯᠡᠰᠦ ᠱᠢᠷᠣᠢ ᠪᠤᠵᠢᠬᠢᠨᠠᠨ᠂ ᠸᠠᠩ ᠬᠤᠢ ᠵᠢᠶᠦ᠋ᠨ᠎ᠤ᠎ᠬᠢᠨ ᠬᠤᠨᠢ ᠲᠡᠵᠢᠭᠡᠨ ᠠᠮᠢᠲᠤᠷᠠᠯ᠎ᠢᠶᠠᠨ ᠠᠷᠭᠠᠴᠠᠭᠠᠵᠦ᠍ ᠪᠠᠢᠪᠠ᠃ ᠭᠡᠪᠡᠴᠦ᠍ ᠨᠤᠲᠤᠭ ᠪᠡᠯᠴᠢᠭᠡᠷ ᠲᠠᠴᠢᠷᠱᠢᠬ᠍ᠰᠠᠨ ᠪᠤᠯᠬᠤᠷ ᠡᠪᠡᠰᠦ ᠪᠣᠷᠳᠤᠭ᠎ᠠ ᠬᠤᠳᠠᠯᠳᠤᠨ ᠠᠪᠴᠤ᠌ ᠬᠤᠨᠢ᠎ᠪᠠᠨ ᠲᠡᠵᠢᠭᠡᠨ᠂ ᠵᠢᠯ᠎ᠳᠡᠭᠡᠨ ᠰᠤᠬᠤᠷ ᠵᠣᠭᠤᠰ᠎ᠤᠨ ᠤᠷᠤᠯᠭ᠎ᠠ ᠴᠤ᠌ ᠤᠯᠬᠤ ᠦᠭᠡᠢ ᠪᠤᠯᠬᠤᠷ 2003 ᠣᠨ᠎ᠳᠤ ᠠᠷᠭ᠎ᠠ ᠪᠤᠰᠤ ᠭᠠᠳᠠᠨ᠎ᠠ ᠭᠠᠷᠴᠤ᠌ ᠬᠥᠯᠥᠰᠥᠨ ᠠᠵᠢᠯ ᠬᠢᠬᠦ᠌᠎ᠪᠠᠷ ᠶᠠᠪᠤᠪᠠ᠃ 2011 ᠣᠨ᠎ᠳᠤ᠂ ᠠᠯᠠᠱᠠ ᠵᠡᠭᠦᠨ ᠬᠤᠱᠢᠭᠤ ᠵᠠᠭᠤᠨ ᠲᠦᠮᠡᠨ ᠮᠦ᠍ ᠵᠠᠬ ᠮᠤᠳᠤ ᠴᠠᠭᠠᠨ ᠭᠤᠶᠣᠣ᠎ᠶ᠋ᠢᠨ ᠠᠵᠤ ᠦᠢᠯᠡᠰ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠦᠭ᠌ᠰᠡᠨ᠎ᠠᠴᠠ ᠲᠡᠷᠡ ᠨᠤᠲᠤᠭ᠎ᠲᠠᠭᠠᠨ ᠪᠤᠴᠠᠵᠤ᠂ ᠵᠠᠬ ᠮᠤᠳᠤ ᠵᠠᠢᠯᠠᠵᠤ ᠴᠠᠭᠠᠨ ᠭᠤᠶᠣᠣ ᠲᠠᠷᠢᠵᠦ᠍ ᠡᠬᠢᠯᠡᠭᠡᠳ ᠤᠳᠤᠬᠠᠨ᠂ ᠸᠠᠩ ᠬᠤᠶ ᠵᠢᠶᠦ᠋ᠨ᠎ᠤ ᠣᠷᠤᠯᠭ᠎ᠠ ᠲᠠᠰᠤᠷᠠᠯᠲᠠ ᠦᠭᠡᠶ ᠨᠡᠮᠡᠭ᠌ᠳᠡᠵᠦ᠍᠂ ᠠᠮᠢᠳᠤᠷᠠᠯ᠎ᠳᠤᠨᠢ ᠯᠤᠲᠤ ᠶᠡᠭᠡ ᠬᠤᠪᠢᠷᠠᠯᠲᠠ ᠭᠠᠷᠪᠠ᠃

ᠠᠮᠢ ᠠᠬᠤᠶ᠎ᠶ᠋ᠢᠨ ᠡᠯᠡᠰᠦᠨ᠎ᠤ ᠱᠢᠨ᠎ᠡ ᠠᠵᠤ ᠦᠢᠯᠡᠰ᠎ᠤᠨ ᠬᠥᠭ᠌ᠵᠢᠯᠲᠡ᠎ᠨᠢ ᠮᠥᠨ ᠴᠦ᠍ ᠲᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠯᠲᠠ᠎ᠠᠴᠠ ᠰᠠᠯᠵᠤ ᠴᠢᠳᠠᠬᠤ ᠥᠬᠡᠶ ᠶᠤᠮ᠃

《ᠡᠯᠡᠰᠦᠨ᠎ᠤ ᠠᠵᠤ ᠦᠢᠯᠡᠰ᠎ᠢ ᠲᠦᠷᠭᠡᠳᠭᠡᠨ ᠪᠤᠢᠵᠢᠭᠤᠯᠬᠤ᠎ᠶ᠋ᠢᠨ ᠬᠠᠮᠲᠤ ᠨᠡᠩ ᠤᠯᠠᠨ ᠮᠠᠯᠴᠢᠨ ᠲᠠᠷᠢᠶᠠᠴᠢᠨ᠎ᠢ ᠲᠠᠢᠴᠢᠯᠠᠵᠤ ᠠᠵᠤ ᠦᠢᠯᠡᠰᠵᠢᠯᠲᠡ᠎ᠶ᠋ᠢᠨ ᠬᠡᠯᠬᠢᠶᠡᠵᠢᠯ᠎ᠳᠤ ᠣᠷᠣᠯᠴᠠᠭᠤᠯᠬᠤ᠎ᠶ᠋ᠢᠨ ᠲᠥᠯᠥᠭᠡ᠂ ᠮᠠᠨ᠎ᠤ ᠪᠦᠯᠦᠭ᠌ᠯᠡᠯ 2011 ᠣᠨ᠎ᠳᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠴᠠᠭᠠᠨ ᠭᠤᠶᠣᠣ — ᠵᠠᠬ ᠮᠤᠲᠤᠨ᠎ᠤ ᠰᠠᠭᠤᠷᠢᠨ᠎ᠢ ᠪᠠᠢᠭᠤᠯᠵᠤ᠂ ᠮᠠᠯᠴᠢᠨ ᠲᠠᠷᠢᠶᠠᠴᠢᠨ᠎ᠤ ᠴᠠᠭᠠᠨ ᠭᠤᠶᠤᠤ᠎ᠶ᠋ᠢ ᠠᠵᠤ ᠠᠬᠤᠢᠯᠠᠯ ᠵᠠᠬ᠎ᠠ ᠳᠡᠯᠭᠡᠭᠦᠷ᠎ᠤᠨ ᠦᠨ᠎ᠡ᠎ᠪᠠᠷ ᠬᠤᠳᠠᠯᠳᠤᠨ ᠠᠪᠴᠤ᠌ ᠡᠳ᠋ᠱᠢᠬᠦᠯᠦᠨ ᠪᠤᠯᠪᠠᠰᠤᠷᠠᠭᠤᠯᠳᠠᠬ᠃ ᠣᠳᠣᠬᠠᠨ ᠪᠤᠯᠳᠠᠯ᠎ᠠ ᠪᠢᠳᠡ ᠨᠢᠭᠡᠨᠲᠡ 2 ᠲᠦᠮᠡ ᠭᠠᠷᠤᠶ ᠮᠠᠯᠴᠢᠨ ᠲᠠᠷᠢᠶᠠᠴᠢᠨ᠎ᠢ ᠳᠠᠢᠴᠢᠯᠠᠨ ᠡᠯᠡᠰᠦᠨ᠎ᠤ ᠠᠵᠤ ᠦᠢᠯᠡᠰ ᠡᠷᠬᠢᠯᠡᠭᠦᠯᠵᠦ᠍ ᠣᠷᠣᠯᠭ᠎ᠠ᠎ᠶ᠋ᠢ᠎ᠨᠢ ᠨᠡᠮᠡᠭ᠌ᠳᠡᠭᠦᠯᠪᠡ》 ᠭᠡᠵᠦ᠍ ᠦᠪᠦᠷ ᠮᠤᠩᠭᠤᠯ᠎ᠤᠨ ᠬᠤᠩ ᠺᠦᠢ ᠴᠠᠭᠠᠨ ᠭᠤᠶᠣᠣ᠎ᠶ᠋ᠢᠨ ᠪᠦᠯᠦᠭ᠌ᠯᠡᠯ᠎ᠤᠨ ᠨᠠᠮ᠎ᠤᠨ ᠬᠤᠷᠢᠶᠠᠨ᠎ᠤ ᠳᠡᠳ᠋ ᠱᠦᠵᠢ ᠷᠧᠨ ᠼᠦᠨ ᠹᠦ᠋ ᠲᠠᠨᠢᠯᠴᠠᠭᠤᠯᠪᠠ᠃


4009819_lity_1623310894721_m.jpg


ᠠᠮᠢ ᠠᠬᠤᠢ᠎ᠶ᠋ᠢᠨ ᠡᠯᠡᠰᠦᠨ᠎ᠤ ᠠᠵᠤ ᠦᠢᠯᠡᠰ᠎ᠤᠨ ᠠᠵᠤ ᠦᠢᠯᠡᠰᠵᠢᠯᠳᠡ᠎ᠶ᠋ᠢ ᠪᠡᠶᠡᠯᠡᠬᠦᠯᠬᠦ᠌᠎ᠶ᠋ᠢᠨ ᠲᠤᠰᠡᠳᠡ᠂ ᠠᠯᠠᠱᠠ ᠠᠢᠮᠠᠭ ᠤᠷᠢᠳ ᠬᠤᠵᠢᠳ 48 ᠠᠵᠤ ᠠᠬᠤᠢᠯᠠᠯ᠎ᠢ ᠪᠤᠢᠵᠢᠭᠤᠯᠤᠭ᠍ᠰᠡᠨ ᠪᠠ ᠤᠷᠤᠭᠤᠯᠤᠨ ᠠᠪᠴᠢᠷᠠᠵᠦ᠍ ᠡᠯᠡᠰᠦᠨ᠎ᠤ ᠠᠵᠤ ᠦᠢᠯᠡᠰ᠎ᠲᠤ ᠪᠡᠯᠡ ᠣᠷᠣᠭᠤᠯᠤᠨ᠂ 《ᠠᠵᠤ ᠠᠬᠤᠢᠯᠠᠯ + ᠰᠠᠭᠤᠷᠢᠨ + ᠱᠢᠨᠵᠢᠯᠡᠬᠦ᠌ ᠤᠬᠠᠭᠠᠨ᠎ᠤ ᠰᠤᠳᠤᠯᠭᠠᠨ + ᠬᠤᠷᠱᠢᠶ᠎ᠠ + ᠮᠠᠯᠴᠢᠨ ᠲᠠᠷᠢᠶᠠᠴᠢᠨ》 ᠎ᠤ ᠠᠵᠤ ᠦᠢᠯᠡᠰᠵᠢᠯᠳᠡ᠎ᠶ᠋ᠢᠨ ᠬᠡᠪ ᠵᠠᠭ᠍ᠪᠤᠷ᠎ᠢ ᠶᠡᠭᠡ᠎ᠪᠠᠷ ᠬᠡᠷᠡᠭ᠌ᠵᠢᠭᠦᠯᠦᠨ ᠡᠯᠡᠰᠦᠨ᠎ᠤ ᠠᠵᠤ ᠦᠢᠯᠡᠰ᠎ᠢ ᠬᠥᠭ᠌ᠵᠢᠭᠦᠯᠵᠦ᠍᠂ ᠮᠠᠯᠴᠢᠨ ᠲᠠᠷᠢᠶᠠᠴᠢᠨ᠎ᠤ ᠡᠯᠡᠰᠦᠨ᠎ᠤ ᠠᠵᠤ ᠦᠢᠯᠡᠰ ᠡᠷᠬᠢᠯᠡᠵᠦ᠍ ᠣᠷᠣᠯᠭ᠎ᠠ᠎ᠪᠠᠨ ᠨᠡᠮᠡᠭ᠌ᠳᠡᠬᠦᠯᠬᠦ᠌᠎ᠶ᠋ᠢ ᠪᠦᠲᠦᠮᠵᠢᠲᠡᠶ ᠪᠠᠲᠤᠯᠠᠨ ᠲᠣᠭ᠍ᠲᠠᠪᠤᠷᠢᠵᠢᠭᠤᠯᠤᠭ᠍ᠰᠡᠡ᠎ᠢᠶᠠᠷ ᠪᠠᠷᠠᠬᠤ ᠦᠬᠡᠢ᠂ ᠡᠯᠡᠰᠦᠨ᠎ᠤ ᠠᠵᠤ ᠦᠢᠯᠡᠰ᠎ᠤᠨ ᠭᠦᠨᠵᠡᠭᠡᠶ ᠡᠳ᠋ᠱᠢᠭᠦᠯᠬᠦ᠌ ᠨᠡᠮᠡᠯᠲᠡ ᠥᠷᠲᠡᠭ᠎ᠢ ᠳᠡᠭᠡᠭ᠌ᠰᠢᠯᠡᠭᠦᠯᠵᠦ᠍᠂ ᠨᠡᠩ ᠴᠤ᠌ ᠡᠯᠡᠰᠦᠨ᠎ᠤ ᠠᠵᠤ ᠦᠢᠯᠡᠰ᠎ᠤᠨ ᠬᠦᠭ᠌ᠵᠢᠯᠳᠡ᠎ᠶ᠋ᠢᠨ ᠱᠢᠨ᠎ᠠ ᠬᠡᠪ ᠵᠠᠭ᠍ᠪᠤᠷ᠎ᠢ ᠪᠣᠶ ᠪᠣᠯᠭᠠᠭ᠍ᠰᠠᠨ ᠪᠠᠢᠨ᠎ᠠ᠃ ᠣᠳᠣᠬᠠᠨ ᠪᠣᠯᠲᠠᠯ᠎ᠠ᠂ 508.3 ᠲᠦᠮᠡᠨ ᠮᠦ᠍ ᠵᠠᠬ ᠲᠠᠷᠢᠵᠦ᠍᠂ 76.2 ᠲᠦᠮᠡᠨ ᠮᠦ᠍ ᠴᠠᠭᠠᠨ ᠭᠤᠶᠣᠣ ᠳᠡᠷᠢᠨ᠂ ᠵᠢᠯ᠎ᠳᠤ 1500 ᠲᠣᠨ ᠴᠠᠭᠠᠨ ᠭᠤᠶᠣᠣ ᠦᠢᠯᠡᠳᠪᠦᠷᠢᠯᠡᠵᠤ ᠪᠤᠢ; 24 ᠲᠦᠮᠡᠨ ᠮᠥ᠍ ᠤᠯᠠᠭᠠᠨ ᠭᠤᠶᠤᠤ ᠵᠠᠢᠯᠠᠵᠦ᠍᠂ ᠵᠢᠯ᠎ᠳᠤ 2000 ᠭᠠᠷᠤᠢ ᠲᠣᠨ ᠤᠯᠠᠭᠠᠨ ᠭᠤᠶᠤᠤ ᠬᠤᠷᠢᠶᠠᠵᠦ᠍ ᠪᠤᠢ; 8.8 ᠲᠦᠮᠡᠨ ᠮᠥ᠍ ᠴᠢᠨ᠋ᠸ᠎ᠠ᠎ᠶ᠋ᠢᠨ ᠬᠠᠷᠠᠮᠠᠭ᠎ᠢ ᠪᠢᠲᠡᠭᠦᠮᠵᠢᠯᠡᠨ ᠬᠠᠮᠠᠭᠠᠯᠠᠪᠠ; 7.6 ᠲᠦᠮᠡᠨ ᠮᠦ᠍ ᠴᠢᠨ᠋᠊ ᠣᠠ᠋᠎ᠶ᠋ᠢᠨ ᠬᠠᠷᠮᠠᠭ᠂ ᠡᠯᠡᠰᠦᠨ ᠦᠵᠦᠮ ᠵᠡᠷᠭᠡ ᠵᠢᠮᠢᠰ ᠲᠠᠷᠢᠵᠠᠢ; ᠲᠠᠷᠢᠬᠤ᠂ ᠡᠳ᠋ᠱᠢᠭᠦᠯᠬᠦ᠂ ᠦᠢᠯᠡᠳᠪᠦᠷᠢᠯᠡᠬᠦ᠂ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠠᠵᠤ ᠦᠢᠯᠡᠰ᠎ᠤᠨ ᠬᠡᠯᠬᠢᠶ᠎ᠡ᠎ᠶ᠋ᠢ ᠪᠦᠷᠢᠯᠳᠦᠭᠦᠯᠵᠦ᠍᠂ ᠡᠳ᠋ᠱᠢᠭᠦᠯᠦᠨ ᠣᠨᠳᠣᠣᠱᠢᠭᠤᠯᠬᠤ ᠨᠣᠷᠮ᠎ᠠ 68% ᠎ᠳᠤ ᠬᠦᠷᠪᠡ᠃ ᠣᠶ ᠱᠢᠭᠤᠶ ᠡᠯᠡᠰᠦᠨ᠎ᠤ ᠠᠵᠤ ᠦᠢᠯᠡᠰ᠎ᠤᠨ ᠵᠢᠯ᠎ᠤᠨ ᠦᠢᠯᠡᠳᠬᠦᠨ᠎ᠤ ᠥᠷᠲᠡᠭ 32.6 ᠳ᠋ᠦᠩᠱᠢᠭᠤᠷ ᠲᠥᠭᠦᠷᠢᠭ᠎ᠲᠤ ᠬᠥᠷᠴᠡᠢ᠃

ᠥᠷᠨᠢᠩᠭᠦᠶ ᠬᠥᠭ᠌ᠵᠢᠵᠦ᠍ ᠪᠠᠢᠭ᠎ᠠ ᠠᠮᠢ ᠠᠬᠤᠢ᠎ᠶ᠋ᠢᠨ ᠡᠯᠡᠰᠦᠨ᠎ᠤ ᠠᠵᠤ ᠦᠢᠯᠡᠰ ᠣᠳᠣ ᠨᠢᠭᠡᠨᠲᠡ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭ᠌ᠳᠡᠭᠦᠯᠬᠦ᠌ ᠪᠠᠶᠠᠵᠢᠯ᠎ᠤᠨ ᠵᠠᠮ ᠪᠣᠯᠵᠠᠶ᠃ ᠠᠯᠠᠱᠠ 《ᠺᠣᠮᠫᠠᠨᠢ + ᠰᠠᠭᠤᠷᠢᠨ + ᠱᠢᠨᠵᠢᠯᠡᠬᠦ᠌ ᠤᠬᠠᠭᠠᠨ᠎ᠤ ᠰᠤᠳᠤᠯᠭᠠᠨ + ᠬᠤᠷᠱᠢᠶ᠎ᠠ + ᠮᠠᠯᠴᠢᠨ ᠳᠠᠷᠢᠶᠡᠴᠢᠨ》 ᠎ᠤ ᠵᠠᠭ᠍ᠪᠤᠷ᠎ᠢᠶᠠᠷ ᠳᠠᠮᠵᠢᠭᠤᠯᠤᠨ ᠠᠮᠢ ᠠᠬᠤᠶ᠎ᠶ᠋ᠢᠨ ᠡᠯᠡᠰᠦᠨ᠎ᠤ ᠠᠵᠤ ᠦᠢᠯᠡᠰ᠎ᠢ ᠱᠢᠭᠤᠳ ᠪᠠ ᠳᠠᠮ᠎ᠢᠶᠠᠷ ᠡᠷᠭᠢᠯᠡᠵᠦ᠍ ᠪᠠᠢᠭ᠎ᠠ ᠮᠠᠯᠴᠢᠨ ᠲᠠᠷᠢᠶᠠᠴᠢᠨ᠎ᠢ 2 ᠲᠦᠮᠡᠨ ᠬᠥᠮᠦᠨ᠎ᠳᠤ ᠬᠦᠷᠬᠡᠵᠦ᠍᠂ ᠬᠥᠮᠦᠨ ᠳᠤᠮᠳᠠᠴᠢ᠎ᠶ᠋ᠢᠨ ᠵᠢᠯ᠎ᠤᠨ ᠣᠷᠣᠯᠭ᠎ᠠ᠎ᠨᠢ 3 ᠎ᠠᠴᠠ 5 ᠲᠦᠮᠡᠨ ᠲᠥᠭᠦᠷᠢᠭ᠂ ᠵᠠᠷᠢᠮ ᠮᠠᠯᠵᠢᠬᠤ ᠡᠷᠦᠬᠡ᠎ᠨᠢ 10 ᠎ᠠᠴᠠ 30 ᠲᠦᠮᠡᠨ ᠲᠥᠭᠦᠷᠢᠭ᠎ᠲᠤ ᠬᠦᠷᠴᠤ᠌᠂ 《ᠡᠯᠡᠰᠦ ᠮᠠᠩᠬ᠎ᠠ᠎ᠶ᠋ᠢ ᠨᠣᠭᠤᠭᠠᠷᠠᠭᠤᠯᠬᠤ᠂ ᠠᠵᠤ ᠦᠢᠯᠡᠰ᠎ᠤᠨ ᠥᠷᠲᠡᠭ᠎ᠢ ᠨᠡᠮᠡᠭ᠌ᠳᠡᠭᠦᠯᠬᠦ᠂ ᠠᠵᠤ ᠠᠬᠤᠢᠯᠠᠯ᠎ᠤᠨ ᠦᠷ᠎ᠡ ᠠᠱᠢᠭ᠎ᠢ ᠨᠡᠮᠡᠭ᠌ᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌》 ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠪᠠ᠃


4009825_lity_1623310948661_m.jpg


《ᠡᠯᠡᠰᠦᠨ ᠴᠦᠯ᠎ᠤᠨ ᠤᠩᠭᠤᠴᠠ》 ᠡᠷᠡᠬᠦᠯᠵᠢᠯ᠎ᠤᠨ ᠠᠵᠦ᠍ ᠦᠢᠯᠡᠰ᠎ᠤᠨ ᠱᠢᠨ᠎ᠠ ᠡᠬᠦᠷᠭᠡ᠎ᠶ᠋ᠢ ᠠᠴᠢᠶᠠᠯᠠᠬᠤ ᠪᠤᠯᠪᠠ

ᠪᠥᠬᠦ᠌ ᠤᠯᠤᠰ᠎ᠤᠨ ᠬᠤᠤᠰ ᠪᠥᠬᠦᠲᠦ ᠲᠡᠮᠡᠭᠡᠨ᠎ᠤ ᠭᠤᠤᠯ ᠭᠠᠷᠤᠯᠲᠠ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠠᠯᠠᠱᠠ ᠠᠢᠮᠠᠭ ᠠᠳᠠᠨ ᠲᠡᠮᠡᠭᠡᠨ᠎ᠤ ᠨᠤᠲᠤᠭ ᠬᠡᠮᠡᠭ᠌ᠳᠡᠵᠦ᠍᠂ ᠪᠥᠬᠦ᠌ ᠤᠯᠤᠰ᠎ᠤᠨ ᠲᠡᠮᠡᠭᠡᠨ᠎ᠤ ᠬᠠᠭᠠᠰ᠎ᠠᠴᠠ ᠳᠡᠭᠡᠭ᠌ᠰᠢᠬᠢ᠎ᠶ᠋ᠢ ᠡᠵᠡᠯᠡᠵᠦ᠍ ᠪᠠᠢᠵᠠᠶ᠃ ᠭᠡᠲᠡᠯ᠎ᠡ᠂ ᠲᠡᠮᠡᠭᠡᠨ ᠵᠢᠩ᠎ᠤᠨ ᠲᠤᠤᠨᠢᠯ ᠤᠳᠤᠬᠢᠴᠢᠯᠠᠬ᠍ᠰᠠᠨ ᠵᠠᠮ ᠬᠠᠷᠢᠯᠴᠠᠭᠠᠨ᠎ᠤ ᠪᠠᠭᠠᠵᠢ᠎ᠪᠠᠷ ᠰᠤᠯᠢᠬ᠍ᠳᠠᠨ 《ᠡᠯᠡᠰᠦᠨ ᠴᠦᠯ᠎ᠤᠨ ᠤᠩᠭᠤᠴᠠ》 ᠦᠢᠯᠡᠳᠦᠯ᠎ᠢᠶᠠᠨ ᠠᠯᠳᠠᠬᠤ᠎ᠶ᠋ᠢ ᠲᠠᠭᠠᠯᠳᠤᠨ᠂ ᠮᠠᠯᠴᠢᠳ᠎ᠤᠨ ᠲᠡᠮᠡᠭᠡ ᠲᠡᠵᠢᠭᠡᠬᠦ᠌ ᠢᠳᠡᠪᠬᠢᠵᠢᠯ ᠨᠡᠢᠳᠡᠮ᠎ᠳᠡᠭᠡᠨ ᠪᠠᠭᠤᠷᠠᠵᠤ᠂ ᠬᠤᠤᠰ ᠪᠥᠬᠦᠲᠦ ᠲᠡᠮᠡᠭᠡ᠎ᠨᠢ ᠨᠢᠭᠡ ᠦᠶ᠎ᠡ ᠤᠰᠠᠳᠭᠤ ᠠᠶᠤᠯ᠎ᠳᠤ ᠲᠤᠯᠭᠠᠷᠠᠵᠠᠶ᠃

ᠡᠨᠡ ᠬᠦ᠌ 《ᠬᠦᠨ ᠨᠦᠢᠷᠰᠤᠭ᠍ᠰᠠᠨ ᠡᠬᠢ ᠪᠠᠶᠠᠯᠢᠭ》 ᠎ᠢ 《ᠲᠠᠭᠤᠳᠠᠨ ᠰᠡᠷᠢᠭᠡᠬᠦ᠌》 ᠎ᠶ᠋ᠢᠨ ᠲᠥᠯᠥᠭᠡ᠂ ᠣᠢᠷ᠎ᠠ᠎ᠶ᠋ᠢᠨ ᠵᠢᠯ᠎ᠳᠤ ᠠᠯᠠᠱᠠ ᠠᠢᠮᠠᠭ ᠲᠡᠮᠡᠭᠡᠨ᠎ᠤ ᠠᠵᠤ ᠦᠢᠯᠡᠰ᠎ᠢ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠪᠡᠶ᠎ᠡ᠎ᠪᠠᠨ ᠳᠠᠭᠠᠭᠠᠭ᠍ᠰᠠᠨ ᠠᠵᠤ ᠦᠢᠯᠡᠰ ᠪᠣᠯᠭᠠᠨ ᠨᠠᠢᠳᠠᠪᠤᠷᠢᠵᠢᠭᠤᠯᠬᠤ᠎ᠶ᠋ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠭᠤ᠂ ᠪᠠᠯᠠ ᠮᠥᠩᠭᠦ᠎ᠪᠠᠷ ᠳᠡᠮᠵᠢᠬᠦ᠂ ᠵᠣᠬᠢᠴᠠᠭᠤᠯᠤᠨ ᠦᠶᠯᠡᠴᠢᠯᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠡᠮᠡᠭᠡᠨ᠎ᠤ ᠠᠵᠤ ᠦᠢᠯᠡᠰ᠎ᠢ ᠪᠤᠢᠵᠢᠭᠤᠯᠤᠨ ᠲᠡᠳᠬᠦᠬᠦ᠌ ᠡᠷᠴᠢᠮ᠎ᠢᠶᠠᠨ ᠴᠢᠩᠭᠠᠷᠠᠭᠤᠯᠤᠭ᠍ᠰᠠᠨ᠎ᠠᠴᠠ 《ᠡᠯᠡᠰᠦᠨ ᠴᠥᠯ᠎ᠤᠨ ᠤᠩᠭᠤᠴᠠ》 ᠡᠷᠡᠬᠦᠯᠵᠢᠯ᠎ᠤᠨ ᠠᠵᠤ ᠦᠢᠯᠡᠰ᠎ᠤᠨ ᠱᠢᠨ᠎ᠡ ᠡᠭᠦᠷᠭᠡ᠎ᠶ᠋ᠢ ᠡᠭᠦᠷᠭᠡᠯᠡᠨ᠂ ᠱᠢᠨ᠎ᠡ ᠠᠶᠠᠨ ᠵᠠᠮ᠎ᠳᠠᠭᠠᠨ ᠳᠠᠬᠢᠨ ᠮᠣᠷᠳᠠᠵᠤ᠂ ᠱᠢᠨ᠎ᠡ ᠭᠠᠢᠬᠠᠮᠱᠢᠭ᠎ᠢ ᠦᠷᠭᠦᠯᠵᠢᠯᠡᠨ ᠪᠢᠴᠢᠭ᠌ᠯᠡᠪᠡ᠃

《ᠳᠠᠭᠠᠭᠤᠯᠤᠭ᠍ᠴᠢ ᠠᠵᠤ ᠠᠬᠤᠢᠯᠠᠯ᠎ᠢ ᠨᠠᠢᠳᠠᠪᠤᠷᠢᠵᠢᠭᠤᠯᠤᠭ᠍ᠰᠠᠨ᠎ᠠᠴᠠ ᠳᠠᠢᠴᠢᠯᠠᠬᠤ ᠬᠦᠴᠦᠨ ᠴᠢᠩᠭᠠᠷᠠᠵᠤ᠂ ᠮᠠᠯᠴᠢᠳ᠎ᠤᠨ ᠦᠵᠡᠯᠳᠡ ᠲᠠᠨᠢᠯᠳᠠ ᠬᠤᠪᠢᠷᠠᠵᠦ᠍᠂ ᠢᠡᠭ᠌ᠬᠡᠨ ᠰᠦ ᠪᠣᠷᠣᠯᠠᠭᠤᠯᠬᠤ᠎ᠪᠠᠷ ᠳᠡᠮᠵᠢᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠢᠨ᠎ᠠ》 ᠭᠡᠵᠦ᠍ ᠥᠪᠥᠷ ᠮᠣᠩᠭᠤᠯ᠎ᠤᠨ ᠡᠯᠡᠰᠦᠨ ᠴᠦᠯ᠎ᠤᠨ ᠰᠠᠬᠢᠭᠤᠯᠰᠤᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠷᠠᠨ ᠴᠢ ᠸᠧᠢ ᠬᠡᠯᠡᠪᠡ᠃ ᠷᠠᠨ ᠴᠢ ᠸᠧᠶ ᠪᠠᠰᠠ᠄ 《ᠪᠢᠳᠡ ᠺᠢᠯᠣᠭ᠌ᠷᠠᠮ ᠪᠦᠷᠢ᠎ᠳᠡᠭᠡᠨ 30 ᠲᠥᠭᠦᠷᠢᠭ᠎ᠤᠨ ᠦᠨ᠎ᠡ᠎ᠪᠠᠷ ᠢᠩᠭᠡᠨ ᠰᠦ ᠬᠤᠷᠢᠶᠠᠨ ᠠᠪᠴᠤ᠌ ᠪᠤᠢ᠂ ᠢᠩᠭᠡ ᠪᠦ᠍ᠷᠢ᠎ᠠᠴᠠ ᠡᠳᠦᠷ᠎ᠲᠤ 7 — 8 ᠵᠢᠩ ᠰᠦ ᠭᠠᠷᠳᠠᠭ᠃ ᠨᠢᠭᠡ ᠲᠡᠮᠡᠭᠡᠨ᠎ᠤ ᠨᠢᠭᠡ ᠡᠳᠦᠷ᠎ᠤᠨ ᠠᠱᠢᠭ ᠬᠤᠨᠵᠢᠪᠣᠷᠢ᠎ᠨᠢ 200 ᠱᠢᠬᠠᠮ ᠲᠥᠭᠦᠷᠢᠭ ᠬᠦᠷᠴᠦ᠍᠂ ᠨᠢᠭᠡ ᠰᠠᠷ᠎ᠠ᠎ᠳᠤ 3000 ᠲᠥᠭᠦᠷᠢᠭ ᠣᠯᠤᠨ᠎ᠠ᠂ ᠣᠲᠣ ᠢᠩᠭᠡᠨ ᠰᠦ᠎ᠶ᠋ᠢ ᠬᠤᠳᠠᠯᠳᠤᠬᠤ᠎ᠨᠢ ᠤᠷᠤᠯᠭ᠎ᠠ᠎ᠪᠠᠨ ᠨᠡᠮᠡᠭ᠌ᠳᠡᠬᠦᠯᠬᠦ᠌ ᠵᠤᠷ ᠪᠤᠯᠵᠠᠢ》 ᠭᠡᠪᠡ᠃


4009830_lity_1623310975011_m.jpg


ᠣᠳᠣᠬᠠᠨ᠎ᠳᠤ᠂ ᠠᠯᠠᠱᠠ ᠠᠢᠮᠠᠬ ᠠᠯᠠᠱᠠ᠎ᠶ᠋ᠢᠨ ᠬᠤᠤᠰ ᠪᠥᠬᠦᠲᠦ ᠲᠡᠮᠡᠭᠡᠨ᠎ᠤ  ᠦᠢᠯᠡᠳᠪᠦᠷᠢᠯᠡᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ 16 ᠵᠦᠢᠯ ᠲᠣᠭ᠍ᠲᠠᠭᠠᠵᠤ᠂ ᠮᠠᠯᠵᠢᠬᠤ ᠣᠷᠣᠨ᠎ᠳᠤ 54 ᠲᠡᠮᠡᠭᠡ ᠲᠡᠵᠢᠭᠡᠬᠦ᠌ ᠲᠤᠰᠭᠠᠶ ᠬᠤᠷᠱᠢᠶ᠎ᠠ ᠪᠠᠢᠭᠤᠯᠤᠨ᠂ 167 ᠬᠤᠤᠰ ᠪᠥᠬᠦᠲᠦ ᠲᠡᠮᠡᠭᠡᠨ᠎ᠤ ᠠᠮᠢ ᠠᠬᠤᠶ᠎ᠶ᠋ᠢᠨ ᠮᠠᠯᠵᠢᠯ᠎ᠤᠨ ᠲᠠᠯᠠᠪᠠᠶ᠎ᠶ᠋ᠢ ᠭᠡᠷᠡᠴᠢᠯᠡᠨ ᠳᠤᠭ᠍ᠳᠠᠭᠠᠵᠦ᠍᠂ 10000 ᠢᠡᠭ᠌ᠬᠡ ᠰᠠᠭᠠᠵᠤ᠂ 20 ᠰᠠᠭᠠᠯᠢ᠎ᠶ᠋ᠢᠨ ᠢᠷᠡᠯᠲᠡ᠎ᠶ᠋ᠢᠨ ᠰᠠᠭᠤᠷᠢᠨ᠂ 7 ᠰᠦ ᠳᠠᠮᠵᠢᠭᠤᠯᠬᠤ ᠥᠷᠲᠡᠭᠡ ᠪᠠᠢᠭᠤᠯᠤᠨ᠂ 400 ᠭᠠᠷᠤᠶ ᠰᠠᠭᠠᠯᠢᠴᠢᠨ ᠡᠷᠦᠬᠡ᠎ᠶ᠋ᠢ ᠬᠥᠭ᠌ᠵᠢᠭᠦᠯᠵᠦ᠍᠂ 900 ᠭᠠᠷᠤᠶ ᠲᠡᠮᠡᠭᠡ ᠮᠠᠯᠵᠢᠬᠤ ᠡᠷᠦᠬᠡ᠎ᠶ᠋ᠢ ᠳᠠᠢᠴᠢᠯᠠᠨ᠂ ᠡᠷᠦᠬᠡ ᠳᠤᠮᠳᠠᠴᠢ ᠣᠷᠣᠯᠭ᠎ᠠ᠎ᠶ᠋ᠢ 2 ᠲᠦᠮᠡᠨ ᠲᠥᠭᠦᠷᠢᠭ ᠨᠡᠮᠡᠭ᠌ᠳᠡᠭᠦᠯᠵᠦ᠍᠂ ᠡᠨᠡ ᠬᠦ᠌ ᠠᠵᠢᠯ ᠦᠢᠯᠡᠰ᠎ᠢ ᠡᠷᠭᠢᠯᠡᠵᠦ᠍ ᠪᠠᠢᠭ᠎ᠠ ᠮᠠᠯᠴᠢᠨ ᠲᠠᠷᠢᠶᠠᠴᠢᠨ 2500 ᠭᠠᠷᠤᠶ ᠬᠥᠮᠦᠨ᠎ᠳᠤ ᠬᠥᠷᠪᠡ᠃

ᠠᠯᠠᠱᠠ ᠠᠢᠮᠠᠭ ᠨᠡᠢᠳᠡ 3986.4 ᠲᠦᠮᠡᠨ ᠲᠥᠭᠦᠷᠢᠭ ᠦᠨᠳᠦᠰᠦᠲᠡᠨ᠎ᠤ ᠬᠥᠭ᠌ᠵᠢᠯᠲᠡ ᠪᠠᠯᠠ ᠣᠷᠣᠭᠤᠯᠵᠤ᠂ ᠲᠡᠮᠡᠭᠡᠨ ᠠᠵᠤ ᠦᠢᠯᠡᠰ᠎ᠤᠨ ᠲᠥᠷᠥᠯ᠎ᠤᠨ 40 ᠲᠥᠷᠥᠯ ᠵᠦᠢᠯ᠎ᠢ ᠬᠡᠷᠡᠭ᠌ᠵᠢᠭᠦᠯᠪᠡ᠃ ᠪᠦᠬᠦ᠌ ᠣᠷᠣᠨ᠎ᠤ ᠠᠩᠬᠠᠳᠠᠭ᠍ᠴᠢ ᠲᠡᠮᠡᠭᠡᠨ᠎ᠤ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ᠂ ᠪᠦᠬᠦ᠌ ᠤᠯᠤᠰ᠎ᠤᠨ ᠠᠩᠬᠠᠳᠠᠭ᠍ᠴᠢ ᠲᠡᠮᠡᠭᠡᠨ᠎ᠤ ᠰᠤᠳᠤᠯᠭᠠᠨ᠎ᠤ ᠬᠦᠷᠢᠶᠡᠯᠡᠩ᠎ᠢ ᠪᠠᠢᠭᠤᠯᠵᠤ᠂ ᠲᠡᠮᠡᠭᠡᠨ᠎ᠤ ᠠᠵᠤ ᠦᠢᠯᠡᠰ᠎ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠠᠢ᠃ ᠣᠲᠣ ᠨᠢᠭᠡᠨᠲᠡ ᠢᠡᠭ᠌ᠬᠡᠨ ᠲᠦᠬᠦᠭᠡᠢ ᠰᠦ᠂ ᠪᠦᠷᠢᠨ ᠥᠭᠡᠬᠦᠲᠦ ᠲᠡᠮᠡᠭᠡᠨ ᠰᠦ᠎ᠶ᠋ᠢᠨ ᠲᠠᠯᠬ᠎ᠠ᠂ ᠪᠦᠷᠢᠨ ᠥᠭᠡᠬᠦᠲᠦ ᠢᠰᠭᠡᠭ᠌ᠰᠡᠨ ᠰᠦᠨ ᠲᠠᠯᠬ᠎ᠠ ᠵᠡᠷᠭᠡ 4 ᠱᠢᠷᠢᠰ 20 ᠭᠠᠷᠤᠶ ᠵᠦᠢᠯ᠎ᠤᠨ ᠦᠢᠯᠡᠳᠬᠦᠨ ᠵᠠᠯᠭᠠᠭ᠎ᠠ᠎ᠪᠠᠷ ᠵᠠᠬ᠎ᠠ ᠳᠡᠯᠭᠡᠭᠦᠷ᠎ᠲᠤ ᠭᠠᠷᠴᠤ᠌᠂ ᠪᠤᠰᠤᠳ 5 ᠱᠢᠷᠢᠰ 17 ᠵᠦᠢᠯ᠎ᠤᠨ ᠦᠢᠯᠡᠳᠬᠦᠨ ᠨᠢᠭᠡᠨᠲᠡ ᠭᠦᠨ ᠳᠠᠪᠬᠤᠷᠭ᠎ᠠ᠎ᠶ᠋ᠢᠨ ᠰᠤᠳᠤᠯᠭᠠᠨ᠎ᠳᠤ ᠣᠷᠣᠵᠤ᠂ ᠲᠡᠮᠡᠭᠡᠨ᠎ᠤ ᠠᠱᠢᠬ ᠱᠢᠮ᠎ᠠ᠎ᠶ᠋ᠢᠨ ᠦᠢᠯᠡᠳᠬᠦᠨ᠎ᠤ ᠨᠡᠮᠡᠯᠲᠡ ᠥᠷᠲᠡᠭ᠎ᠨᠢ ᠳᠡᠭᠡᠭ᠌ᠰᠢᠯᠡᠭ᠌ᠰᠡᠨ ᠪᠠᠢᠨ᠎ᠠ᠃


4009834_lity_1623311001399_m.jpg


ᠠᠯᠠᠱᠠ ᠠᠢᠮᠠᠭ ᠲᠡᠮᠡᠭᠡᠨ ᠰᠤᠶᠤᠯ᠎ᠤᠨ ᠪᠣᠳᠠᠰ᠎ᠤᠨ ᠪᠤᠰᠤ ᠰᠣᠶᠣᠯ᠎ᠢ ᠡᠯᠡᠰᠦᠨ ᠴᠥᠯ᠎ᠤᠨ ᠰᠣᠶᠣᠯ᠂ ᠵᠢᠭᠤᠯᠴᠢᠯᠠᠯ᠎ᠤᠨ ᠰᠣᠶᠣᠯ᠎ᠲᠠᠢ ᠭᠦᠨᠵᠡᠭᠡᠶ ᠠᠭᠤᠰᠤᠯᠴᠠᠭᠤᠯᠵᠤ᠂ ᠥᠪᠡᠷᠮᠢᠴᠡ ᠣᠨᠴᠠᠯᠢᠭ᠎ᠲᠠᠢ᠂ ᠠᠭᠤᠰᠤᠯᠴᠠᠨ ᠬᠥᠭ᠌ᠵᠢᠭ᠌ᠰᠡᠨ ᠦᠨᠳᠦᠰᠦᠲᠡᠨ᠎ᠤ ᠰᠣᠶᠣᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠵᠦ᠍᠂ ᠲᠡᠮᠡᠭᠡᠨ ᠰᠣᠶᠣᠯ᠎ᠤᠨ ᠨᠠᠷᠠᠲᠤ ᠲᠥᠷᠥᠯ ᠲᠡᠮᠳᠡᠭ᠎ᠢ ᠠᠯᠳᠠᠷᠱᠢᠭᠤᠯᠵᠦ᠍ ᠪᠤᠢ᠃ ᠣᠳᠣᠬᠠᠨ᠎ᠳᠤ᠂ ᠪᠥᠬᠦ᠌ ᠠᠢᠮᠠᠭ᠎ᠤᠨ ᠲᠡᠮᠡᠭᠡᠨ᠎ᠤ ᠠᠵᠤ ᠦᠢᠯᠡᠰ᠎ᠤᠨ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ 33 ᠪᠣᠯᠵᠣ᠂ ᠨᠢᠭᠡᠨᠲᠡ ᠨᠠᠷᠠᠲᠤ ᠲᠡᠮᠳᠡᠭ᠎ᠠᠴᠠ ᠦᠷ᠎ᠡ ᠠᠱᠢᠭ ᠣᠯᠤᠭ᠍ᠰᠠᠨ ᠠᠵᠤ ᠠᠬᠤᠢᠯᠠᠯ 13 ᠪᠠᠢᠵᠤ᠂ ᠪᠥᠬᠦ᠌ ᠠᠢᠮᠠᠭ᠎ᠤᠨ ᠲᠡᠮᠡᠭᠡᠨ᠎ᠤ ᠠᠵᠤ ᠦᠢᠯᠡᠰ᠎ᠤᠨ ᠵᠢᠯ᠎ᠤᠨ ᠦᠢᠯᠡᠳᠬᠦᠨ᠎ᠤ ᠥᠷᠲᠡᠭ᠎ᠨᠢ 3 ᠳ᠋ᠦᠩᠱᠢᠭᠤᠷ ᠲᠥᠭᠦᠷᠢᠭ᠎ᠢ ᠳᠠᠪᠠᠭ᠍ᠰᠠᠨ ᠪᠠᠢᠨ᠎ᠠ᠃


4009836_lity_1623311013742_m.jpg


ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号