ᠮᠠᠨ᠎ᠤ ᠤᠷᠤᠨ ᠠᠶᠤᠯᠲᠠᠶ ᠬᠢᠮᠢ᠎ᠶ᠋ᠢᠨ ᠪᠣᠳᠠᠰ᠎ᠤᠨ ᠠᠵᠤ ᠠᠬᠤᠢᠯᠠᠯ᠎ᠳᠤ ᠲᠤᠰᠭᠠᠶ ᠲᠦᠷᠦᠯ᠎ᠤᠨ ᠱᠠᠯᠠᠪᠳᠠᠭᠤᠯᠤᠨ ᠪᠠᠢᠴᠠᠭᠠᠯᠲᠠ ᠬᠢᠪᠡ
2021-06-14 10:01:40
ᠵᠣᠬᠢᠶᠠᠭ᠍ᠴᠢ᠄
ᠬᠠᠢᠷ᠎ᠠ
ᠣᠩᠱᠢᠭ᠍ᠰᠠᠨ ᠣᠳᠠᠭ᠎ᠠ᠄
★★★☆☆

ᠠᠶᠤᠯᠲᠠᠶ ᠬᠢᠮᠢ᠎ᠶ᠋ᠢᠨ ᠪᠣᠳᠠᠰ ᠪᠠ ᠭᠠᠯ ᠰᠡᠷᠭᠡᠢᠯᠡᠬᠦ᠌ ᠠᠮᠤᠷ ᠲᠦᠪᠱᠢᠨ᠎ᠢ ᠲᠤᠰᠭᠠᠶ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ᠎ᠶ᠋ᠢᠨ ᠪᠣᠭᠤᠮᠲᠠ ᠱᠢᠪᠲᠤᠯᠤᠯᠳᠠ᠎ᠶ᠋ᠢ ᠠᠬᠢᠭᠤᠯᠵᠤ᠂ ᠠᠶᠤᠯᠲᠠᠶ ᠬᠢᠮᠢ᠎ᠶ᠋ᠢᠨ ᠪᠣᠳᠠᠰ᠎ᠤᠨ ᠬᠦᠨᠳᠦ ᠶᠡᠭᠡ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠤᠨᠤᠪᠴᠢᠳᠠᠢ ᠰᠡᠷᠭᠡᠢᠯᠡᠨ ᠡᠵᠡᠮᠳᠡᠬᠦ᠌᠎ᠶ᠋ᠢᠨ ᠲᠥᠯᠥᠭᠡ᠂ ᠮᠠᠨ᠎ᠤ ᠤᠷᠤᠨ ᠠᠶᠤᠯᠳᠠᠢ ᠬᠢᠮᠢ᠎ᠶ᠋ᠢᠨ ᠪᠤᠳᠠᠰ᠎ᠤᠨ ᠠᠵᠤ ᠠᠬᠤᠢᠯᠠᠯ᠎ᠳᠤ 2021 ᠣᠨ᠎ᠤ ᠠᠩᠬᠠᠳᠤᠭᠠᠷ ᠤᠳᠠᠭ᠎ᠠ᠎ᠶ᠋ᠢᠨ ᠲᠤᠰᠭᠠᠢ ᠲᠦᠷᠦᠯ᠎ᠤᠨ ᠱᠠᠯᠠᠪᠳᠠᠭᠤᠯᠤᠨ ᠪᠠᠢᠴᠠᠭᠠᠯᠲᠠ ᠥᠷᠨᠢᠭᠦᠯᠪᠡ᠃

ᠲᠤᠰ ᠤᠳᠠᠭ᠎ᠠ᠎ᠶ᠋ᠢᠨ ᠱᠠᠯᠠᠪᠳᠠᠭᠤᠯᠤᠨ ᠪᠠᠢᠴᠠᠭᠠᠯᠳᠠ᠎ᠳᠤ ᠠᠶᠤᠯᠲᠠᠶ ᠬᠢᠮᠢ᠎ᠶ᠋ᠢᠨ ᠪᠣᠳᠠᠰ᠎ᠤᠨ ᠠᠵᠤ ᠠᠬᠤᠢᠯᠠᠯ ᠨᠠᠷᠢᠨ ᠬᠢᠨᠠᠮᠠᠭᠠᠢ᠎ᠪᠠᠷ ᠥᠪᠡᠷ᠎ᠤᠨ ᠪᠠᠢᠴᠠᠭᠠᠯᠲᠠ ᠥᠷᠨᠢᠭᠦᠯᠵᠦ᠍᠂ ᠠᠰᠠᠭᠤᠳᠠᠯ ᠪᠠ ᠬᠡᠮ ᠰᠣᠭᠤᠭ᠎ᠢᠶᠠᠨ ᠴᠠᠭ ᠳᠤᠬᠠᠢ᠎ᠳᠤᠨᠢ ᠪᠠᠢᠴᠠᠭᠠᠵᠤ ᠴᠠᠭ ᠳᠤᠬᠠᠢ᠎ᠳᠤᠨᠢ ᠴᠡᠭ᠌ᠴᠡᠯᠡᠨ ᠰᠠᠢᠵᠢᠷᠠᠭᠤᠯᠬᠤ᠎ᠶ᠋ᠢᠨ ᠬᠠᠮᠲᠤ ᠠᠰᠠᠭᠤᠳᠠᠯ ᠪᠠ ᠬᠡᠮ ᠰᠣᠭᠤᠭ᠎ᠢᠶᠠᠨ ᠴᠡᠭ᠌ᠴᠡᠯᠡᠨ ᠰᠠᠢᠵᠢᠷᠠᠭᠤᠯᠬᠤ ᠨᠠᠷᠢᠨ ᠲᠠᠩᠰᠠ ᠪᠠᠢᠭᠤᠯᠬᠤ᠎ᠶ᠋ᠢ ᠱᠠᠭᠠᠷᠳᠠᠪᠠ᠃ ᠡᠯ᠎ᠡ ᠠᠢᠮᠠᠭ ᠬᠤᠲᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠬᠠᠮᠲᠤᠷᠠᠨ ᠪᠠᠢᠴᠠᠭᠠᠬᠤ ᠳᠤᠭᠤᠢᠯᠠᠩ ᠪᠠᠢᠭᠤᠯᠵᠤ᠂ ᠲᠤᠬᠠᠶ᠎ᠶ᠋ᠢᠨ ᠭᠠᠵᠠᠷ᠎ᠲᠤ ᠬᠦᠨᠵᠡᠬᠡᠢᠷᠡᠨ ᠨᠢᠭᠡᠳᠦᠭᠡᠷ ᠳᠡᠰ᠂ ᠬᠤᠶᠠᠳᠤᠭᠠᠷ ᠳᠡᠰ᠎ᠤᠨ ᠬᠦᠨᠳᠦ ᠶᠡᠭᠡ ᠠᠶᠤᠯ᠎ᠤᠨ ᠡᠬᠢ ᠰᠤᠷᠪᠤᠯᠵᠢ᠎ᠶ᠋ᠢ ᠦᠨᠴᠦᠭ ᠪᠤᠯᠤᠩ ᠦᠯᠡᠳᠡᠬᠡᠯ ᠦᠬᠡᠢ ᠪᠦᠬᠦᠨ᠎ᠢ ᠪᠠᠢᠴᠠᠭᠠᠵᠤ᠂ ᠪᠤᠰᠤᠳ ᠬᠦᠨᠳᠦ ᠶᠡᠭᠡ ᠠᠶᠤᠯ᠎ᠤᠨ ᠡᠬᠢ ᠰᠤᠷᠪᠤᠯᠵᠢ᠎ᠲᠠᠢ ᠠᠵᠤ ᠠᠬᠤᠢᠯᠠᠯ᠎ᠢ ᠬᠠᠷᠢᠶ᠎ᠠ ᠭᠠᠵᠠᠷ᠎ᠤᠨ ᠠᠢᠮᠠᠭ ᠬᠤᠲᠠ᠎ᠠᠴᠠ ᠲᠣᠬᠢᠷᠠᠭᠤᠯᠤᠨ ᠪᠠᠢᠴᠠᠭᠠᠪᠠ᠃ ᠲᠣᠰ ᠤᠳᠠᠭ᠎ᠠ᠎ᠶ᠋ᠢᠨ ᠱᠠᠯᠠᠪᠳᠠᠭᠤᠯᠤᠨ ᠪᠠᠢᠴᠠᠭᠠᠯᠳᠠ᠎ᠳᠤ ᠭᠤᠤᠯᠳᠠᠭᠤ ᠠᠵᠤ ᠠᠬᠤᠢᠯᠠᠯ᠎ᠤᠨ ᠠᠶᠦᠯᠬᠦᠢ ᠦᠶᠯᠡᠳᠪᠦᠷᠢᠯᠡᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠭᠠᠯ ᠰᠡᠷᠭᠡᠢᠯᠡᠯᠲᠡ᠎ᠶ᠋ᠢᠨ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠭᠤᠷᠪᠠᠨ ᠵᠢᠯ᠎ᠤᠨ ᠠᠵᠢᠯᠯᠠᠭᠠᠨ᠎ᠤ ᠴᠡᠭ᠌ᠴᠡᠯᠡᠨ ᠵᠠᠰᠠᠬᠤ ᠡᠭᠦᠷᠭᠡ᠎ᠶ᠋ᠢᠨ ᠠᠬᠢᠴᠠ᠎ᠶ᠋ᠢᠨ ᠪᠠᠢᠳᠠᠯ ᠪᠤᠯᠤᠨ 2020 ᠣᠨ᠎ᠤ ᠬᠤᠶᠠᠷ ᠤᠳᠠᠭ᠎ᠠ᠎ᠶ᠋ᠢᠨ ᠱᠠᠯᠠᠪᠳᠠᠭᠤᠯᠤᠨ ᠪᠠᠢᠴᠠᠭᠠᠯᠳᠠ ᠳᠤᠮᠳᠠ ᠢᠯᠡᠷᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ ᠵᠡᠷᠭᠡ᠎ᠶ᠋ᠢ ᠬᠠᠮᠤᠷᠪᠠ᠃

ᠣᠳᠣᠬᠠᠨ ᠪᠣᠯᠲᠠᠯ᠎ᠠ ᠪᠥᠬᠦ᠌ ᠣᠷᠣᠨ᠎ᠤ 8 ᠠᠢᠮᠠᠭ ᠬᠤᠲᠠ ᠬᠠᠷᠢᠯᠴᠠᠨ ᠪᠠᠢᠴᠠᠭᠠᠯᠲᠠ ᠥᠷᠨᠢᠭᠦᠯᠵᠦ᠍᠂ ᠨᠡᠢᠲᠡ 268 ᠵᠦᠢᠯ᠎ᠤᠨ ᠠᠰᠠᠭᠤᠳᠠᠯ ᠪᠠ ᠭᠡᠮ ᠰᠤᠭᠤᠭ᠎ᠢ ᠪᠠᠢᠴᠠᠭᠠᠨ ᠢᠯᠡᠷᠡᠬᠦᠯᠪᠡ᠂ ᠡᠭᠦᠨ᠎ᠳᠤ 4 ᠵᠦᠶᠯ᠎ᠤᠨ ᠬᠦᠨᠳᠦ ᠶᠡᠭᠡ ᠭᠡᠮ ᠰᠤᠭᠤᠭ᠂ 183 ᠵᠦᠶᠯ᠎ᠤᠨ ᠭᠠᠯ᠎ᠤᠨ ᠭᠠᠮᠱᠢᠭ᠎ᠤᠨ ᠭᠡᠮ ᠰᠤᠭᠤᠭ᠎ᠢ ᠬᠠᠷᠢᠶ᠎ᠠ ᠭᠠᠵᠠᠷ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶ᠎ᠠ ᠪᠣᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠎ᠳᠤ ᠱᠢᠯᠵᠢᠭᠦᠯᠦᠨ ᠲᠤᠱᠢᠶᠠᠵᠤ ᠴᠡᠭ᠌ᠴᠡᠯᠡᠨ ᠰᠠᠢᠵᠢᠷᠠᠭᠤᠯᠪᠠ᠃ ᠡᠬᠦᠨ᠎ᠤ ᠬᠠᠮᠳᠤ ᠬᠠᠷᠢᠶ᠎ᠠ ᠣᠷᠣᠨ᠎ᠳᠤ ᠨᠡᠢᠲᠡ 64 ᠠᠵᠤ ᠠᠬᠤᠢᠯᠠᠯ᠎ᠢ ᠪᠠᠢᠴᠠᠭᠠᠵᠤ᠂ 430 ᠵᠤᠷᠪᠤᠰ ᠠᠶᠤᠯᠬᠦᠢ᠎ᠶ᠋ᠢᠨ ᠠᠰᠠᠭᠤᠳᠠᠯ ᠪᠠ ᠭᠡᠮ ᠰᠤᠭᠤᠭ᠎ᠢ ᠢᠯᠡᠷᠡᠬᠦᠯᠤᠨ 193 ᠵᠤᠷᠪᠤᠰ ᠭᠠᠯ᠎ᠤᠨ ᠭᠠᠮᠱᠢᠭ᠎ᠤᠨ ᠭᠡᠮ ᠰᠤᠭᠤᠭ ᠪᠠᠢᠴᠠᠭᠠᠨ ᠢᠯᠡᠷᠡᠬᠦᠯᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号