ᠬᠦᠬᠡᠬᠤᠳᠠ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠤᠨ ᠲᠠᠬᠡᠭ᠌ᠰᠢᠯᠡᠯᠳᠡ᠎ᠪᠠᠷ ᠪᠦᠬᠦ᠌ ᠤᠯᠤᠰ᠎ᠤᠨ ᠬᠤᠱᠢᠭᠤᠴᠢ ᠡᠩᠨᠡᠬᠡᠨ᠎ᠳᠤ ᠤᠷᠤᠪᠠ
2021-06-15 08:57:11
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

2021 ᠣᠨ᠎ᠤ ᠬᠤᠶᠠᠳᠤᠭᠠᠷ ᠤᠯᠠᠷᠢᠯ᠎ᠤᠨ ᠪᠥᠬᠦ᠌ ᠣᠷᠣᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠤᠨ ᠲᠤᠰᠭᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠰᠤᠷᠪᠤᠯᠵᠢᠯᠠᠭ᠍ᠴᠢᠳ᠎ᠲᠤ ᠪᠠᠶᠠᠷ᠎ᠤᠨ ᠴᠢᠮᠡᠭᠡ ᠲᠤᠭᠤᠯᠭᠠᠯ᠎ᠠ᠄ ᠲᠦᠷᠦᠬᠦᠬᠡᠨ ᠨᠡᠢᠲᠡᠯᠡᠭ᠌ᠰᠡᠨ ᠪᠥᠬᠦ᠌ ᠤᠯᠤᠰ᠎ᠤᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠱᠢᠯᠭᠠᠨ ᠦᠨᠡᠯᠡᠯᠲᠡ᠎ᠳᠤ ᠬᠥᠬᠡᠬᠤᠲᠠ᠎ᠶ᠋ᠢᠨ ᠨᠡᠷᠡᠰ᠎ᠤᠨ ᠵᠢᠭ᠍ᠰᠠᠭᠠᠯᠲᠠ ᠲᠡᠬᠡᠷ᠎ᠠ ᠵᠢᠯ᠎ᠤᠨ᠎ᠬᠢ᠎ᠠᠴᠠ᠎ᠪᠠᠨ ᠵᠠᠭᠤᠨ᠎ᠤ ᠬᠠᠷᠢᠴᠠᠯ᠎ᠢᠶᠠᠷ 18.8 ᠪᠠᠢᠷᠢ ᠳᠡᠭᠡᠭ᠌ᠰᠢᠯᠡᠵᠦ᠍᠂ ᠪᠥᠬᠦ᠌ ᠤᠯᠤᠰ᠎ᠤᠨ 2020 ᠣᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠤᠨ ᠳᠡᠭᠡᠭ᠌ᠰᠢᠯᠡᠯᠲᠡ᠎ᠪᠠᠷ ᠬᠠᠮᠤᠭ᠎ᠤᠨ ᠲᠦᠷᠭᠡᠨ ᠬᠡᠳᠦᠨ ᠬᠤᠲᠠ᠎ᠶ᠋ᠢᠨ ᠨᠢᠭᠡ᠎ᠨᠢ ᠪᠤᠯᠵᠠᠢ᠃

ᠬᠥᠬᠡᠬᠤᠲᠠ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠳᠡᠭᠡᠨ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠴᠢᠬᠤᠯᠠᠴᠢᠯᠠᠨ᠂ ᠠᠵᠢᠯ᠎ᠤᠨ ᠰᠤᠷᠲᠠᠯ᠎ᠢᠶᠠᠨ ᠦᠨᠡᠨ ᠬᠦ᠌ ᠬᠤᠪᠢᠷᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠣᠷᠣᠯᠴᠠᠬ᠍ᠰᠠᠨ ᠪᠠᠢᠨ᠎ᠠ᠃ ᠪᠦᠬᠦ᠌ ᠬᠤᠳᠠ᠎ᠶ᠋ᠢᠨ 《ᠬᠡᠪ ᠰᠤᠷᠲᠠᠯ᠎ᠢ ᠰᠠᠢᠵᠢᠷᠠᠭᠤᠯᠬᠤ᠂ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌》 ᠠᠵᠢᠯ᠎ᠤᠨ ᠲᠠᠢᠴᠢᠯᠠᠯᠳᠠ᠎ᠶ᠋ᠢᠨ ᠬᠤᠷᠠᠯ ᠵᠡᠷᠭᠡ ᠱᠢᠷᠢᠰ ᠬᠤᠷᠠᠯ ᠬᠤᠷᠠᠯᠳᠤᠭᠤᠯᠵᠤ᠂ ᠪᠦᠬᠦ᠌ ᠲᠠᠯ᠎ᠠ᠎ᠪᠠᠷ ᠠᠬᠢᠭᠤᠯᠬᠤ ᠪᠠᠢᠷᠢᠯᠠᠭᠤᠯᠤᠯᠲᠠ ᠬᠢᠭ᠌ᠰᠡᠨ ᠪᠦᠭᠡᠳ ᠤᠳᠤᠷᠢᠳᠭᠤ ᠺᠠᠳ᠋ᠷᠴᠤᠳ ᠠᠵᠤ ᠠᠬᠤᠢ᠍ᠢᠯᠠᠯ᠎ᠲᠠᠢ ᠬᠤᠯᠪᠣᠭ᠎ᠠ ᠠᠪᠴᠤ᠌ ᠲᠠᠭᠠᠭᠠᠴᠢᠯᠠᠬᠤ ᠲᠦᠷᠢᠮ᠎ᠢ ᠪᠠᠢᠭᠤᠯᠵᠤ᠂ ᠪᠦᠬᠦ᠌ ᠬᠤᠳᠠ᠎ᠳᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠶᠡᠭᠡ᠎ᠪᠠᠷ ᠠᠳᠭᠤᠬᠤ ᠢᠯᠡ ᠲᠣᠳᠣ ᠤᠳᠤᠷᠢᠳᠤᠮᠵᠢ᠎ᠶ᠋ᠢ ᠪᠦᠷᠢᠯᠳᠦᠭᠦᠯᠦᠭ᠌ᠰᠡᠨ ᠪᠦᠬᠡᠳ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠤᠨ ᠰᠠᠢᠨ ᠮᠠᠭᠤ᠎ᠶ᠋ᠢ ᠦᠨᠡᠯᠡᠬᠦ᠌ ᠲᠣᠭ᠍ᠲᠠᠴᠠ᠎ᠶ᠋ᠢ ᠪᠠᠢᠭᠤᠯᠪᠠ᠃ ᠪᠠᠰᠠ ᠵᠠᠰᠠᠭ᠎ᠤᠨ ᠣᠷᠳᠣᠨ᠎ᠤ ᠭᠡᠷ᠎ᠡ᠎ᠶ᠋ᠢ ᠥᠯᠥ᠍ ᠬᠡᠷᠡᠭ᠌ᠵᠢᠭᠦᠯᠬᠦ᠂ ᠲᠥᠷᠥ᠎ᠶ᠋ᠢᠨ ᠪᠣᠳᠣᠯᠭ᠎ᠠ᠎ᠶ᠋ᠢ ᠥᠯᠥ᠍ ᠨᠠᠢᠳᠠᠪᠤᠷᠢᠵᠢᠭᠤᠯᠬᠤ ᠳᠤᠬᠠᠢ ᠠᠵᠤ ᠠᠬᠤᠢ᠍ᠢᠯᠠᠯ᠎ᠤᠨ ᠲᠤᠰᠭᠠᠯ ᠶᠡᠭᠡ᠎ᠲᠠᠢ ᠠᠰᠠᠭᠤᠳᠠᠯ᠎ᠳᠤ ᠴᠢᠭ᠌ᠯᠡᠭᠦᠯᠦᠨ᠂ ᠤᠷᠢᠳ᠎ᠢᠶᠠᠷ ᠣᠰᠣᠯ ᠬᠦᠯᠢᠶᠡᠨ ᠳᠠᠷᠠᠭ᠎ᠠ᠎ᠨᠢ ᠪᠡᠶᠡᠯᠡᠭᠦᠯᠵᠦ᠍᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠢ ᠬᠦᠴᠦᠯᠡᠨ ᠪᠠᠢᠭᠤᠯᠤᠭ᠍ᠰᠠᠨ ᠪᠠᠢᠨ᠎ᠠ᠃

ᠲᠤᠰ ᠬᠤᠳᠠ᠎ᠶ᠋ᠢᠨ᠎ᠬᠢᠨ 《ᠬᠤᠳᠠᠯᠳᠤᠭ᠎ᠠ ᠡᠷᠭᠢᠯᠡᠬᠦ᠌ ᠣᠷᠴᠢᠨ ᠨᠦᠬᠦᠴᠡᠯ᠎ᠢ ᠴᠢᠨᠠᠭ᠍ᠰᠢᠳᠠ ᠱᠢᠯᠢᠳᠡᠭ᠌ᠵᠢᠭᠦᠯᠵᠦ᠍ ᠠᠷᠠᠳ᠎ᠲᠤ ᠲᠥᠬᠦᠮ ᠦᠵᠡᠭᠦᠯᠤᠨ ᠠᠵᠤ ᠠᠬᠤᠢ᠍ᠢᠯᠠᠯ᠎ᠳᠤ ᠠᠱᠢᠭ ᠬᠦᠷᠲᠡᠭᠡᠬᠦ᠌ ᠶᠢᠰᠦᠨ ᠵᠦᠢᠯ᠎ᠤᠨ ᠠᠷᠭ᠎ᠠ ᠬᠡᠮᠵᠢᠶ᠎ᠡ》᠂ 《ᠬᠤᠳᠠᠯᠳᠤᠭ᠎ᠠ ᠡᠷᠭᠢᠯᠡᠬᠦ᠌ ᠣᠷᠴᠢᠨ ᠨᠦᠬᠦᠴᠡᠯ᠎ᠢ ᠴᠢᠨᠠᠭ᠍ᠰᠢᠳᠠ ᠱᠢᠯᠢᠳᠡᠭ᠌ᠵᠢᠭᠦᠯᠬᠦ᠌ ᠲᠤᠬᠠᠶ ᠲᠣᠭ᠍ᠲᠠᠭᠠᠯ》 ᠵᠡᠷᠭᠡ ᠠᠯᠢ ᠤᠯᠠᠨ ᠲᠥᠷᠥ᠎ᠶ᠋ᠢᠨ ᠪᠣᠳᠣᠯᠭ᠎ᠠ ᠪᠢᠴᠢᠭ ᠮᠠᠲ᠋ᠧᠷᠢᠶᠠᠯ ᠪᠠᠭᠤᠯᠭᠠᠵᠤ᠂ ᠡᠷᠬᠡ᠎ᠶ᠋ᠢ ᠪᠠᠭᠠᠰᠭᠠᠬᠤ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 《ᠭᠤᠷᠪᠠ᠎ᠶ᠋ᠢ ᠪᠠᠭᠠᠰᠭᠠᠵᠤ ᠨᠢᠭᠡ᠎ᠶ᠋ᠢ ᠨᠡᠮᠡᠭ᠌ᠳᠡᠭᠦᠯᠬᠦ᠌》 ᠎ᠶ᠋ᠢ ᠪᠥᠬᠦ᠌ ᠬᠦᠴᠦᠨ᠎ᠢᠶᠠᠷ ᠠᠬᠢᠭᠤᠯᠵᠤ᠂ ᠬᠤᠲᠠ᠎ᠶ᠋ᠢᠨ ᠱᠠᠲᠤᠨ᠎ᠤ 2016 ᠵᠦᠢᠯ᠎ᠤᠨ ᠡᠷᠬᠡ᠎ᠶ᠋ᠢᠨ ᠵᠦᠢᠯ᠎ᠢ ᠬᠦᠴᠦᠨ ᠥᠬᠡᠶ ᠪᠣᠯᠭᠠᠭ᠍ᠰᠠᠨ ᠪᠤᠶᠤ ᠡᠷᠬᠡ᠎ᠶ᠋ᠢ ᠳᠣᠷᠣᠭ᠍ᠰᠢ ᠪᠠᠭᠤᠯᠭᠠᠪᠡ; ᠠᠵᠤ ᠠᠬᠤᠢ᠍ᠢᠯᠠᠯ᠎ᠤᠨ 《ᠨᠢᠭᠡ ᠯᠡ ᠥᠷᠲᠡᠭᠡᠨ᠎ᠳᠤ ᠦᠢᠯᠡᠴᠢᠯᠡᠬᠦ᠂ ᠨᠢᠭᠡ ᠯᠡ ᠤᠳᠠᠭ᠎ᠠ᠎ᠳᠤ ᠭᠦᠢᠴᠡᠳᠭᠡᠬᠦ᠂ ᠥᠪᠡᠷ᠎ᠤᠨ ᠥᠷᠲᠡᠭ᠎ᠢ ᠵᠠᠰᠠᠭ᠎ᠤᠨ ᠣᠷᠳᠣᠨ᠎ᠠᠴᠠ ᠲᠣᠭᠠᠴᠠᠭ᠎ᠠ ᠬᠢᠬᠦ᠌》 ᠳᠦᠷᠢᠮ᠎ᠢ ᠬᠡᠷᠡᠭ᠌ᠵᠢᠭᠦᠯᠵᠦ᠍᠂ ᠳᠠᠩᠰᠠᠯᠠᠭᠤᠯᠬᠤ ᠡᠳ᠋ ᠬᠥᠷᠤᠩᠭᠡ᠎ᠶ᠋ᠢ 《ᠨᠢᠭᠡ ᠴᠣᠩᠬᠤᠪᠴᠢ᠎ᠪᠠᠷ ᠨᠡᠢᠳᠡᠮ ᠱᠢᠢᠳᠪᠦᠷᠢᠯᠡᠬᠦ᠌》 ᠪᠠ ᠦᠯᠦ᠍ ᠬᠥᠳᠡᠯᠬᠦ᠌ ᠬᠥᠷᠤᠩᠭᠡ᠎ᠶ᠋ᠢ ᠳᠠᠩᠰᠠᠯᠠᠭᠤᠯᠬᠤ᠂ ᠥᠮᠴᠢᠯᠡᠬᠦ᠌ ᠡᠷᠬᠡ᠎ᠶ᠋ᠢ ᠠᠷᠠᠯᠵᠢᠶᠠᠯᠠᠬᠤ ᠪᠠ ᠭᠠᠢᠯᠢ ᠲᠤᠱᠢᠶᠠᠬᠤ᠎ᠶ᠋ᠢ ᠨᠡᠢᠯᠡᠭᠦᠯᠦᠨ ᠭᠦᠢᠴᠡᠳᠭᠡᠬᠦ᠌᠎ᠶ᠋ᠢ ᠠᠬᠢᠭᠤᠯᠵᠤ᠂ ᠤᠰᠤ ᠴᠠᠬᠢᠯᠭᠠᠨ ᠱᠢᠳᠠᠮᠠᠬᠠᠢ ᠬᠡᠢ ᠳᠤᠯᠠᠭᠠᠯᠠᠭ᠎ᠠ᠎ᠶ᠋ᠢᠨ ᠦᠢᠯᠡᠴᠢᠯᠡᠭᠡ᠎ᠶ᠋ᠢ ᠳᠥᠭᠦᠮ ᠳᠥᠲᠡ ᠪᠣᠯᠭᠠᠬᠤ ᠥᠭᠡᠷᠡᠴᠢᠯᠡᠯᠲᠡ᠎ᠶ᠋ᠢ ᠴᠢᠩᠭᠠᠳᠭᠠᠨ᠂ ᠠᠵᠤ ᠠᠬᠤᠢ᠍ᠢᠯᠠᠯ᠎ᠤᠨ ᠪᠡᠯᠡ ᠬᠤᠷᠠᠮᠳᠤᠭᠤᠯᠬᠤ ᠣᠷᠴᠢᠨ ᠨᠥᠬᠦᠴᠡᠯ᠎ᠢ ᠰᠠᠢᠵᠢᠷᠠᠭᠤᠯᠵᠤ᠂ ᠠᠵᠢᠯ ᠶᠠᠪᠤᠳᠠᠯ ᠭᠦᠢᠴᠡᠳᠭᠡᠬᠦ᠌ ᠦᠷ᠎ᠡ ᠪᠦᠲᠦᠮᠵᠢ᠎ᠶ᠋ᠢ ᠶᠡᠭᠡ᠎ᠪᠠᠷ ᠳᠡᠭᠡᠭ᠌ᠰᠢᠯᠡᠭᠦᠯᠪᠡ᠃

ᠡᠭᠦᠨ᠎ᠠᠴᠠ ᠭᠠᠳᠠᠨ᠎ᠠ᠂ 《ᠵᠠᠰᠠᠭ᠎ᠤᠨ ᠣᠷᠳᠣᠨ᠎ᠤ ᠰᠡᠳᠭᠢᠬᠦᠢ》 ᠎ᠶ᠋ᠢ 《ᠠᠵᠤ ᠠᠬᠤᠢ᠍ᠢᠯᠠᠯ᠎ᠤᠨ ᠬᠠᠷᠠᠭᠠᠰᠤ》 ᠪᠣᠯᠭᠠᠨ ᠬᠤᠪᠢᠷᠠᠭᠤᠯᠵᠤ᠂ ᠠᠵᠤ ᠠᠬᠤᠢ᠍ᠢᠯᠠᠯ᠎ᠤᠨ᠎ᠬᠢᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤᠯᠲᠠ ᠥᠭ᠌ᠴᠠᠢ᠃ ᠵᠠᠰᠠᠭ᠎ᠤᠨ ᠤᠷᠳᠤᠨ ᠬᠢᠬᠡᠳ ᠠᠵᠤ ᠠᠬᠤᠢ᠍ᠢᠯᠠᠯ᠎ᠤᠨ ᠨᠡᠪᠲᠡᠷᠡᠯᠴᠡᠬᠦ᠌ ᠠᠷᠭ᠎ᠠ ᠵᠠᠮ᠎ᠢ ᠲᠠᠰᠤᠷᠠᠯᠲᠠ ᠦᠭᠡᠶ ᠥᠷᠭᠡᠳᠭᠡᠨ᠂ ᠪᠦᠬᠦ᠌ ᠬᠤᠲᠠ᠎ᠶ᠋ᠢᠨ ᠤᠤᠯ᠎ᠤᠨ ᠪᠠᠢᠭ᠍ᠰᠠᠨ 58 ᠵᠤᠷᠪᠤᠰ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠯᠠᠮᠱᠢᠯ ᠤᠲᠠᠰᠤ᠂ ᠠᠷᠠᠳ᠎ᠲᠤ ᠳᠥᠭᠦᠮ ᠦᠵᠡᠭᠦᠯᠬᠦ᠌ ᠦᠢᠯᠡᠴᠢᠯᠡᠭᠡᠨ᠎ᠤ ᠬᠠᠯᠠᠮᠱᠢᠯ ᠤᠲᠠᠰᠤ᠎ᠶ᠋ᠢ 《12345》 ᠲᠤᠰᠭᠠᠢ ᠤᠳᠠᠰᠤ ᠪᠤᠯᠭᠠᠨ ᠨᠡᠢᠯᠡᠬᠦᠯᠵᠤ᠂ ᠪᠦᠬᠦ᠌ ᠬᠤᠳᠠ᠎ᠳᠤ ᠵᠠᠭᠠᠯᠳᠤᠯᠭ᠎ᠠ᠎ᠶ᠋ᠢ ᠲᠥᠪᠯᠡᠷᠡᠭᠦᠯᠦᠨ ᠴᠤᠭ᠍ᠯᠠᠭᠤᠯᠬᠤ᠂ ᠨᠢᠭᠡᠳᠦᠯᠲᠡᠶ ᠲᠠᠪᠴᠠᠩ᠎ᠢᠶᠠᠷ ᠠᠵᠢᠯᠯᠠᠭᠤᠯᠬᠤ ᠠᠵᠢᠯ᠎ᠤᠨ ᠱᠢᠰᠲ᠋ᠧᠮ᠎ᠢ ᠪᠠᠢᠭᠤᠯᠤᠭ᠍ᠰᠠᠨ ᠪᠦᠬᠡᠳ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯ᠎ᠤᠨ ᠠᠬᠢᠴᠠ᠂ ᠠᠵᠢᠯ ᠲᠦᠷᠦᠯ᠎ᠤᠨ ᠱᠢᠢᠳᠪᠦᠷᠢᠯᠡᠭ᠌ᠰᠡᠨ ᠵᠠᠭᠠᠯᠳᠤᠯᠭ᠎ᠠ᠎ᠶ᠋ᠢᠨ ᠲᠤᠭ᠎ᠠ᠂ ᠱᠢᠢᠳᠪᠦᠷᠢᠯᠡᠵᠦ᠍ ᠳᠠᠭᠤᠰᠭᠠᠭ᠍ᠰᠠᠨ ᠨᠤᠷᠮ᠎ᠠ᠂ ᠬᠠᠨᠤᠮᠵᠢᠲᠠᠶ ᠪᠠᠢᠬᠤ ᠨᠤᠷᠮ᠎ᠠ᠎ᠶ᠋ᠢ ᠡᠳᠦᠷ ᠪᠦᠷᠢ ᠪᠦᠷᠢᠳᠭᠡᠵᠦ᠍᠂ ᠭᠠᠷᠠᠭ ᠪᠦᠷᠢ ᠨᠡᠷᠡᠰ᠎ᠤᠨ ᠵᠢᠭ᠍ᠰᠠᠭᠠᠯᠲᠠ ᠬᠢᠵᠤ ᠰᠠᠷ᠎ᠠ ᠪᠦᠷᠢ ᠦᠨᠡᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号