ᠮᠠᠨ᠎ᠤ ᠤᠷᠤᠨ ᠮᠠᠯ᠎ᠤᠨ ᠡᠷᠡᠭᠦᠯ᠎ᠤᠨ ᠪᠠᠢᠴᠠᠭᠠᠯᠳᠠ ᠬᠢᠬᠦ᠌ ᠳᠤᠭᠠᠴᠢᠯᠠᠬ᠍ᠰᠠᠨ 《ᠡᠷᠡᠭᠦᠯ᠎ᠤᠨ ᠡᠮᠴᠢ》 ᠎ᠲᠠᠢ ᠪᠤᠯᠵᠠᠢ
2021-06-15 08:44:39
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠂ ᠬᠥᠳᠡᠭᠡ ᠠᠵᠤ ᠠᠬᠤᠶ ᠬᠥᠳᠡᠭᠡ ᠲᠣᠰᠭᠤᠨ᠎ᠤ ᠶᠠᠮᠤᠨ᠎ᠤ ᠲᠠᠨᠢᠯᠴᠠᠭᠤᠯᠤᠭ᠍ᠰᠠᠨ 2021 ᠣᠨ᠎ᠤ ᠲᠣᠭᠠᠴᠢᠯᠠᠭ᠍ᠰᠠᠨ ᠬᠥᠳᠡᠭᠡ ᠠᠵᠤ ᠠᠬᠤᠶ ᠬᠥᠳᠡᠭᠡ ᠲᠣᠰᠭᠤᠨ᠎ᠤ ᠱᠢᠨ᠎ᠡ ᠮᠡᠷᠭᠡᠵᠢᠯ ᠱᠢᠨ᠎ᠡ ᠦᠶᠯᠡᠳᠬᠦᠨ᠎ᠤ ᠱᠢᠨ᠎ᠡ ᠵᠠᠭ᠍ᠪᠤᠷ᠎ᠤᠨ ᠱᠢᠯᠢᠳᠡᠭ ᠵᠢᠱ᠌ᠢᠶ᠎ᠡ᠎ᠳᠤ᠂ ᠥᠪᠥᠷ ᠮᠣᠩᠭᠤᠯ᠎ᠤᠨ ᠵᠢᠶ ᠱᠦᠸᠧ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ 《ᠮᠠᠯ᠎ᠤᠨ ᠬᠦᠵᠡᠭᠡᠨ ᠲᠤᠳᠤᠷᠠᠬᠢ ᠴᠠᠬᠢᠯᠭᠠᠨ ᠬᠤᠮᠵᠢᠶ᠎ᠠ᠎ᠳᠤ ᠰᠠᠭᠤᠷᠢᠯᠠᠬ᠍ᠰᠠᠨ ᠮᠠᠯᠵᠢᠯ᠎ᠤᠨ ᠲᠠᠯᠠᠪᠠᠶ᠎ᠶ᠋ᠢᠨ ᠲᠣᠭᠠᠴᠢᠯᠠᠭ᠍ᠰᠠᠨ ᠬᠠᠮᠢᠶᠠᠷᠤᠯᠲᠠ᠎ᠶ᠋ᠢᠨ ᠱᠢᠰᠲ᠋ᠧᠮ》 ᠵᠢᠭ᠍ᠰᠠᠭᠠᠭ᠍ᠳᠠᠪᠠ᠃ ᠮᠠᠯ᠎ᠤᠨ ᠬᠦᠵᠡᠭᠡᠨ ᠲᠤᠳᠤᠷᠠᠬᠢ ᠡᠨᠡ ᠬᠦ᠌ ᠴᠠᠬᠢᠯᠭᠠᠨ ᠬᠤᠮᠵᠢᠶ᠎ᠠ᠎ᠨᠢ ᠮᠠᠯ᠎ᠤᠨ ᠣᠷᠣᠨ ᠪᠠᠢᠷᠢ᠂ ᠪᠡᠶ᠎ᠡ᠎ᠶ᠋ᠢᠨ ᠳᠤᠯᠠᠭᠠᠨ᠂ ᠪᠡᠶ᠎ᠡ᠎ᠶ᠋ᠢᠨ ᠪᠠᠢᠳᠠᠯ ᠵᠢᠴᠢ ᠱᠢᠩᠭᠡᠭᠡᠯᠲᠡ ᠬᠡᠪ᠎ᠤᠨ ᠪᠠᠢᠬᠤ ᠡᠰᠡᠬᠦ᠂ ᠡᠪᠡᠳᠴᠢᠯᠡᠭ᠌ᠰᠡᠨ ᠡᠰᠡᠬᠦ᠂ ᠣᠷᠤᠭ᠎ᠠ ᠤᠷᠤᠭ᠍ᠰᠠᠨ ᠡᠰᠡᠬᠦ᠂ ᠬᠡᠭᠡᠯᠲᠦᠭ᠌ᠰᠡᠨ ᠪᠠᠢᠳᠠᠯ ᠵᠡᠷᠭᠡ ᠨᠠᠷᠢᠨ ᠲᠣᠳᠣᠷᠬᠠᠶ ᠮᠡᠳᠡᠭᠡ ᠵᠠᠩᠭᠢ᠎ᠶ᠋ᠢ ᠴᠠᠭ ᠢᠮᠠᠭ᠍ᠲᠠ ᠮᠡᠳᠡᠵᠤ ᠪᠤᠯᠳᠠᠭ᠎ᠢᠶᠠᠷ᠎ᠢᠶᠠᠨ ᠮᠠᠯ᠎ᠤᠨ 《ᠡᠷᠡᠭᠦᠯ᠎ᠤᠨ ᠡᠮᠴᠢ》 ᠪᠤᠯᠵᠤ ᠪᠠᠢᠨ᠎ᠠ᠃

ᠤᠢ᠍ᠢᠯᠠᠭᠠᠬ᠍ᠰᠠᠨ᠎ᠢᠶᠠᠷ᠂ ᠪᠦᠷᠢᠮᠦᠰᠦᠨ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠭ᠌ᠰᠡᠨ ᠡᠨᠡ ᠬᠦ᠌ 《ᠮᠠᠯ᠎ᠤᠨ ᠬᠦᠵᠡᠭᠡᠨ ᠲᠤᠳᠤᠷᠠᠬᠢ ᠴᠠᠬᠢᠯᠭᠠᠨ ᠬᠤᠮᠵᠢᠶ᠎ᠠ᠎ᠳᠤ ᠰᠠᠭᠤᠷᠢᠯᠠᠬ᠍ᠰᠠᠨ ᠮᠠᠯᠵᠢᠯ᠎ᠤᠨ ᠲᠠᠯᠠᠪᠠᠢ᠎ᠶ᠋ᠢᠨ ᠲᠣᠭᠠᠴᠢᠯᠠᠭ᠍ᠰᠠᠨ ᠬᠠᠮᠢᠶᠠᠷᠤᠯᠲᠠ᠎ᠶ᠋ᠢᠨ ᠱᠢᠰᠲ᠋ᠧᠮ》 ᠎ᠤᠨ ᠲᠦᠷᠦᠯ ᠵᠦᠢᠯ᠎ᠤᠨ ᠦᠢᠯᠡᠳᠬᠦᠨ᠎ᠨᠢ ᠭᠠᠳᠠᠭᠠᠳᠤ᠎ᠶ᠋ᠢᠨ ᠮᠡᠷᠭᠡᠵᠢᠯ᠎ᠤᠨ ᠪᠢᠲᠡᠭᠦᠮᠵᠢᠯᠡᠯ ᠪᠠ ᠭᠠᠭ᠍ᠴᠠᠭᠠᠷ ᠡᠵᠡᠮᠱᠢᠯ᠎ᠢ ᠡᠪᠳᠡᠭ᠌ᠰᠡᠨ᠎ᠢᠶᠠᠷ ᠪᠠᠷᠠᠬᠤ ᠦᠭᠡᠢ᠂ ᠦᠨ᠎ᠡ ᠬᠠᠩᠰᠢ᠎ᠨᠢ ᠭᠠᠳᠠᠭᠠᠳᠤ᠎ᠶ᠋ᠢᠨ ᠠᠳᠠᠯᠢ ᠲᠦᠷᠦᠯ᠎ᠤᠨ ᠦᠢᠯᠡᠳᠬᠦᠨ᠎ᠤ ᠠᠷᠪᠠᠨ᠎ᠤ ᠨᠢᠭᠡ ᠯᠡ ᠪᠠᠢᠳᠠᠭ᠃ ᠴᠠᠬᠢᠯᠭᠠᠨ ᠬᠤᠮᠵᠢᠶ᠎ᠠ᠎ᠶ᠋ᠢᠨ ᠭᠠᠳᠠᠷ ᠬᠠᠯᠢᠰᠤᠨ᠎ᠤ ᠮᠠᠲ᠋ᠧᠷᠢᠶᠠᠯ᠎ᠨᠢ ᠡᠮᠴᠢᠯᠡᠭᠡᠨ᠎ᠤ ᠬᠡᠷᠡᠭ᠌ᠯᠡᠭᠡᠨ᠎ᠤ ᠲᠠᠰ᠎ᠲᠤ ᠬᠦᠷᠴᠦ᠍᠂ ᠮᠠᠯ᠎ᠤᠨ ᠭᠦᠵᠡᠭᠡᠨ᠎ᠳᠤ ᠪᠠᠢᠬᠤ ᠬᠤᠭᠤᠴᠠᠭᠠᠨ᠎ᠳᠤ ᠮᠠᠯ᠎ᠤᠨ ᠡᠷᠡᠭᠦᠯ ᠮᠡᠨᠳᠦ᠎ᠶ᠋ᠢ ᠨᠥᠯᠥᠭᠡᠯᠡᠬᠦ᠌ ᠥᠬᠡᠶ᠃ ᠴᠤᠭ᠍ᠯᠠᠭᠤᠯᠤᠭ᠍ᠰᠠᠨ ᠲᠤᠭ᠎ᠠ ᠪᠠᠷᠢᠮᠲᠠ ᠵᠢᠴᠢ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ᠎ᠨᠢ ᠴᠥᠮ ᠪᠣᠷᠣᠲᠣᠬᠤᠶ ᠳᠡᠭᠡᠳᠦ ᠰᠤᠷᠭᠠᠭᠤᠯᠢ᠎ᠲᠠᠢ ᠬᠠᠮᠲᠤ᠎ᠪᠠᠷ ᠪᠠᠢᠭᠤᠯᠤᠭ᠍ᠰᠠᠨ IDC ᠲᠣᠮᠣ ᠳ᠋ᠠᠢᠲ᠋ᠠ᠎ᠶ᠋ᠢᠨ ᠡᠭᠦᠯᠡᠨ ᠪᠤᠳᠤᠯᠳᠠ᠎ᠶ᠋ᠢᠨ ᠲᠥᠪ᠎ᠲᠤ ᠬᠠᠳᠠᠭᠠᠯᠠᠬ᠍ᠳᠠᠳᠠᠭ᠃ ᠲᠡᠵᠢᠭᠡᠨ ᠦᠷᠡᠵᠢᠭᠦᠯᠦᠭ᠌ᠴᠢ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢᠨ ᠮᠡᠳᠡᠭᠦᠯᠦᠯᠲᠡ᠎ᠶ᠋ᠢ ᠴᠠᠭ ᠲᠤᠬᠠᠶ᠎ᠳᠤᠨᠢ ᠭᠠᠷᠭᠠᠨ ᠠᠪᠴᠤ᠌ ᠪᠠᠢᠴᠠᠭᠠᠨ ᠦᠵᠡᠵᠦ᠍᠂ ᠲᠡᠵᠢᠭᠡᠨ ᠦᠷᠡᠵᠢᠭᠦᠯᠬᠦ᠌ ᠲᠦᠪᠱᠢᠨ᠎ᠢᠶᠠᠨ ᠱᠢᠨᠵᠢᠯᠡᠬᠦ᠌ ᠤᠬᠠᠭᠠᠨᠴᠢ᠂ ᠪᠠᠷᠢᠮᠵᠢᠶᠠᠵᠢᠬ᠍ᠰᠠᠨ ᠳᠠᠢᠰᠢ ᠬᠥᠭ᠌ᠵᠢᠭᠦᠯᠵᠦ᠍ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号