ᠲᠦᠷᠦ᠎ᠶ᠋ᠢᠨ ᠶᠠᠪᠤᠳᠠᠯ᠎ᠤᠨ ᠬᠤᠷᠢᠶ᠎ᠠ 《ᠲᠠᠪᠤᠳᠤᠭᠠᠷ ᠪᠦᠯᠦᠭ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠤᠨ ᠨᠡᠷᠡᠰ᠎ᠢ ᠨᠡᠢᠲᠡᠯᠡᠬᠦ᠌ ᠲᠤᠬᠠᠢ ᠮᠡᠳᠡᠭ᠌ᠳᠡᠯ》 ᠳᠠᠷᠤᠮᠠᠯᠯᠠᠨ ᠲᠠᠷᠬᠠᠭᠠᠪᠠ
2021-06-15 09:08:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦ᠎ᠶ᠋ᠢᠨ ᠶᠠᠪᠤᠳᠠᠯ᠎ᠤᠨ ᠬᠤᠷᠢᠶ᠎ᠠ ᠲᠦᠷᠦᠭᠦᠬᠡᠨ 《ᠲᠠᠪᠤᠳᠤᠭᠠᠷ ᠪᠦᠯᠦᠭ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠤᠨ ᠨᠡᠷᠡᠰ᠎ᠢ ᠨᠡᠢᠲᠡᠯᠡᠬᠦ᠌ ᠲᠤᠬᠠᠢ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠲᠠᠪᠤᠳᠤᠭᠠᠷ ᠪᠦᠯᠦᠭ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠤᠨ ᠨᠡᠷᠡᠰ᠎ᠢ ᠨᠡᠢᠳᠡ 185 ᠪᠠ ᠥᠷᠭᠡᠳᠭᠡᠭ᠌ᠰᠡᠨ ᠲᠦᠷᠦᠯ ᠵᠦᠢᠯ᠎ᠤᠨ ᠨᠡᠷᠡᠰ᠎ᠢ ᠨᠡᠢᠳᠡ 140 ᠨᠡᠢᠲᠡᠯᠡᠪᠡ᠃

ᠲᠣᠰ ᠤᠳᠠᠭ᠎ᠠ ᠨᠡᠢᠲᠡᠯᠡᠭ᠌ᠰᠡᠨ 325 ᠲᠥᠷᠥᠯ ᠵᠦᠢᠯ᠎ᠨᠢ ᠪᠥᠬᠦ᠌ ᠤᠯᠤᠰ᠎ᠤᠨ 31 ᠮᠤᠵᠢ (ᠣᠷᠣᠨ᠂ ᠬᠤᠲᠠ) ᠵᠢᠴᠢ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠂ ᠱᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠢ ᠬᠠᠮᠤᠷᠴᠠᠶ᠃ ᠡᠭᠦᠨ᠎ᠳᠤ᠂ ᠤᠤᠯ᠎ᠤᠨ ᠤᠯᠤᠰ᠎ᠤᠨ ᠲᠠᠰ᠎ᠤᠨ 96 ᠶᠠᠳᠠᠭᠤ ᠬᠦᠴᠢᠷᠳᠡᠯᠲᠡᠶ ᠱᠢᠶᠠᠨ᠎ᠤ 103 ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ ᠵᠢᠴᠢ ᠨᠢᠭᠡ ᠪᠦᠯᠦᠭ ᠠᠷᠠᠳ᠎ᠤᠨ ᠠᠮᠢᠳᠤᠷᠠᠯ᠎ᠳᠤ  ᠦᠢᠯᠡᠴᠢᠯᠡᠬᠦ᠂ ᠠᠷᠠᠳ ᠣᠯᠠᠨ᠎ᠳᠤ ᠠᠱᠢᠭ ᠬᠦᠷᠲᠡᠭᠡᠬᠦ᠌ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠢ ᠨᠡᠷᠡᠰ᠎ᠲᠤ ᠣᠷᠣᠭᠤᠯᠪᠠ; ᠤᠤᠯ᠎ᠳᠠᠭᠠᠨ 1 ᠎ᠠᠴᠠ 2 ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠲᠠᠢ ᠪᠠᠢᠭ᠍ᠰᠠᠨ 7 ᠴᠥᠭᠡᠨ ᠲᠣᠭᠠᠲᠤ ᠦᠨᠳᠦᠰᠦᠲᠡᠨ᠎ᠤ 8 ᠲᠦᠷᠦᠯ ᠵᠦᠢᠯ᠎ᠢ ᠨᠡᠷᠡᠰ᠎ᠲᠤ ᠤᠷᠤᠭᠤᠯᠵᠤ᠂ ᠡᠭᠦᠨ᠎ᠳᠤ ᠤᠷᠤᠰ ᠦᠨᠳᠦᠰᠦᠲᠡᠨ᠂ ᠲᠠᠲ᠋ᠠᠷ ᠦᠨᠳᠦᠰᠦᠲᠡᠨ᠂ ᠮᠧᠨᠪᠠ ᠦᠨᠳᠦᠰᠦᠲᠡᠨ᠂ ᠳ᠋ᠦᠯᠦᠩ ᠦᠨᠳᠦᠰᠦᠲᠡᠨ ᠵᠡᠷᠭᠡ ᠬᠥᠮᠦᠨ ᠠᠮᠠ᠎ᠪᠠᠷ ᠴᠥᠭᠡᠪᠲᠦᠷ ᠦᠨᠳᠦᠰᠦᠲᠡᠨ ᠵᠡᠷᠭᠡ ᠪᠠᠢᠨ᠎ᠠ᠃

ᠣᠳᠣ ᠪᠣᠯᠲᠠᠯ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠵᠦᠢᠯᠡᠰ᠎ᠤᠨ ᠨᠡᠷᠡᠰ᠎ᠢ ᠨᠡᠢᠲᠡ 1557 ᠵᠦᠢᠯ ᠨᠡᠢᠲᠡᠯᠡᠵᠤ᠂ ᠡᠭᠦᠨ᠎ᠳᠤ ᠠᠷᠠᠳ᠎ᠤᠨ ᠠᠮᠠᠨ ᠵᠣᠬᠢᠶᠠᠯ᠎ᠤᠨ ᠲᠥᠷᠥᠯ ᠵᠦᠢᠯ 167᠂ ᠤᠯᠠᠮᠵᠢᠯᠠᠯᠲᠤ ᠳᠠᠭᠤᠤ ᠬᠥᠭ᠌ᠵᠢᠮ᠎ᠤᠨ ᠲᠥᠷᠥᠯ ᠵᠦᠢᠯ 189᠂ ᠤᠯᠠᠮᠵᠢᠯᠠᠯᠲᠤ ᠪᠥᠵᠢᠭ᠎ᠤᠨ ᠲᠥᠷᠥᠯ ᠵᠦᠢᠯ 144᠂ ᠤᠯᠠᠮᠵᠢᠯᠠᠯᠲᠤ ᠰᠢ ᠵᠦᠴᠦᠭᠡ᠎ᠶ᠋ᠢᠨ ᠲᠥᠷᠥᠯ ᠵᠦᠢᠯ 171᠂ ᠳᠠᠭᠤᠷᠢᠯᠢᠭ᠎ᠤᠨ ᠲᠥᠷᠥᠯ ᠵᠦᠢᠯ 145᠂ ᠤᠯᠠᠮᠵᠢᠯᠠᠯᠲᠤ ᠪᠡᠶ᠎ᠡ᠎ᠶ᠋ᠢᠨ ᠲᠠᠮᠢᠷ᠂ ᠨᠠᠭᠠᠳᠤᠮ ᠲᠣᠭ᠍ᠯᠠᠭᠠᠮ ᠪᠠ ᠼᠢᠷᠺ᠎ᠤᠨ ᠲᠥᠷᠥᠯ ᠵᠦᠢᠯ 109᠂ ᠤᠯᠠᠮᠵᠢᠯᠠᠯᠲᠤ ᠤᠷᠠᠨ ᠵᠢᠷᠤᠭ᠎ᠤᠨ ᠲᠥᠷᠥᠯ ᠵᠦᠢᠯ 139᠂ ᠤᠯᠠᠮᠵᠢᠯᠠᠯᠲᠤ ᠤᠷ᠎ᠠ ᠮᠡᠷᠭᠡᠵᠢᠯ᠎ᠤᠨ ᠲᠥᠷᠥᠯ ᠵᠦᠢᠯ 287᠂ ᠤᠯᠠᠮᠵᠢᠯᠠᠯᠲᠤ ᠡᠮ ᠡᠮᠨᠡᠯᠭᠡ᠎ᠶ᠋ᠢᠨ ᠲᠥᠷᠥᠯ ᠵᠦᠢᠯ 23᠂ ᠠᠷᠠᠳ᠎ᠤᠨ ᠵᠠᠩ ᠦᠢᠯᠡ᠎ᠶ᠋ᠢᠨ ᠲᠥᠷᠥᠯ ᠵᠦᠢᠯ 183 ᠪᠠᠭ᠍ᠲᠠᠨ᠎ᠠ᠃

ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠢ ᠵᠦᠢᠯᠡᠰ᠎ᠤᠨ ᠨᠡᠷᠡᠰ ᠪᠣᠯ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》 ᠎ᠳᠤ ᠲᠣᠭ᠍ᠲᠠᠭᠠᠭ᠍ᠰᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠦᠨᠳᠦᠰᠦᠨ ᠲᠦᠷᠢᠮ ᠮᠥᠨ᠂ ᠪᠠᠰᠠ ᠴᠤ᠌ ᠳᠤᠮᠳᠠᠳᠤ ᠤᠯᠤᠰ᠎ᠤᠨ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠨᠡᠢᠲᠡ᠎ᠶ᠋ᠢᠨ ᠭᠡᠷ᠎ᠡ》 ᠲᠤᠬᠢᠷᠠᠯᠴᠠᠭ᠍ᠰᠠᠨ ᠤᠯᠤᠰ᠎ᠤᠨ ᠬᠠᠷᠢᠭᠤᠴᠠᠯᠭ᠎ᠠ ᠪᠠ ᠡᠭᠦᠷᠭᠡ᠎ᠶ᠋ᠢ ᠭᠦᠢᠴᠡᠳᠭᠡᠬᠦ᠌ ᠴᠢᠬᠤᠯᠠ ᠠᠭᠤᠯᠭ᠎ᠠ ᠮᠥᠨ᠃ ᠣᠳᠣᠬᠠᠨ᠎ᠳᠤ᠂ ᠮᠠᠨ᠎ᠤ ᠤᠯᠤᠰ ᠨᠢᠭᠡᠨᠲᠡ ᠳᠤᠮᠳᠠᠳᠤ ᠤᠯᠤᠰ᠎ᠤᠨ ᠣᠨᠴᠠᠯᠢᠭ᠎ᠲᠠᠢ ᠤᠯᠤᠰ᠂ ᠮᠤᠵᠢ᠂ ᠬᠤᠲᠠ᠂ ᠱᠢᠶᠠᠨ ᠳᠥᠷᠪᠡᠨ ᠱᠠᠲᠤᠨ᠎ᠤ ᠨᠡᠷᠡᠰ᠎ᠤᠨ ᠱᠢᠰᠲ᠋ᠧᠮ᠎ᠢ ᠪᠠᠢᠭᠤᠯᠵᠤ᠂ ᠨᠡᠢᠲᠡ 10 ᠲᠦᠮᠡ ᠭᠠᠷᠤᠶ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ᠎ᠢ ᠮᠠᠭᠠᠳᠯᠠᠨ ᠲᠣᠭ᠍ᠲᠠᠭᠠᠵᠤ᠂ ᠨᠢᠭᠡ ᠪᠦᠯᠦᠭ ᠬᠤᠪᠣᠷ ᠨᠠᠨᠳᠢᠨ᠂ ᠤᠰᠠᠳᠭᠤ ᠱᠢᠬᠠᠭ᠍ᠰᠠᠨ ᠪᠠ ᠴᠢᠬᠤᠯᠠ ᠶᠡᠭᠡ ᠦᠨ᠎ᠡ ᠥᠷᠲᠡᠭ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠲᠦᠮᠵᠢᠲᠡᠶ ᠬᠠᠮᠠᠭᠠᠯᠠᠪᠠ᠃

ᠲᠥᠷᠥ᠎ᠶ᠋ᠢᠨ ᠶᠠᠪᠤᠳᠠᠯ᠎ᠤᠨ ᠬᠤᠷᠢᠶ᠎ᠠ ᠡᠨᠡ ᠤᠳᠠᠭ᠎ᠠ ᠱᠢᠨ᠎ᠡ ᠪᠦᠯᠦᠭ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ᠎ᠤᠨ ᠨᠡᠷᠡᠰ᠎ᠢ ᠨᠡᠢᠲᠡᠯᠡᠭ᠌ᠰᠡᠨ ᠶᠠᠪᠤᠳᠠᠯ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠢᠯᠡᠷᠡᠯ ᠮᠥᠨ᠂ ᠡᠨᠡ᠎ᠨᠢ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ᠎ᠤᠨ ᠨᠡᠷᠡᠰ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠤᠯᠠᠮ ᠴᠢᠨᠠᠭ᠍ᠰᠢᠳᠠ ᠠᠬᠢᠭᠤᠯᠬᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠱᠢᠰᠲ᠋ᠧᠮᠲᠦ ᠴᠢᠨᠠᠷᠲᠠᠶ ᠬᠠᠮᠠᠭᠠᠯᠠᠯᠲᠠ᠎ᠶ᠋ᠢᠨ ᠲᠦᠪᠱᠢᠨ᠎ᠢ ᠴᠢᠩᠭᠠᠳᠭᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠤᠬᠠᠮᠰᠠᠷ᠎ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ; ᠡᠨᠡ᠎ᠨᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ ᠪᠠ ᠤᠯᠤᠰ᠎ᠤᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌᠎ᠳᠤ ᠠᠱᠢᠭ᠍ᠲᠠᠢ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠠᠮᠢᠵᠢᠷᠠᠯ᠎ᠤᠨ ᠬᠦᠴᠦᠨ ᠪᠠ ᠨᠥᠯᠥᠭᠡᠯᠡᠬᠦ᠌ ᠬᠦᠴᠦᠨ᠎ᠢ ᠴᠢᠩᠭᠠᠷᠠᠭᠤᠯᠬᠤ᠎ᠳᠤ ᠠᠱᠢᠭ᠍ᠲᠠᠢ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠤᠨᠳᠤᠤᠱᠢᠭᠤᠯᠤᠯᠳᠠ᠂ ᠱᠢᠨ᠎ᠡ᠎ᠶ᠋ᠢ ᠡᠭᠦᠳᠬᠦ᠌ ᠴᠢᠨᠠᠷᠲᠠᠢ ᠬᠥᠭ᠌ᠵᠢᠯᠲᠡ᠎ᠶ᠋ᠢ ᠠᠬᠢᠭᠤᠯᠬᠤ ᠪᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠡᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ᠎ᠪᠠᠷ ᠬᠥᠲᠥᠯᠥᠨ ᠵᠢᠯᠣᠭᠤᠳᠣᠭᠤᠯᠬᠤ᠎ᠶ᠋ᠢ ᠪᠠᠷᠢᠮᠲᠠᠯᠠᠵᠤ᠂ 《ᠬᠠᠮᠠᠭᠠᠯᠠᠬᠤ᠎ᠪᠠᠷ ᠭᠤᠣᠯ ᠪᠣᠯᠭᠠᠬᠤ᠂ ᠰᠡᠷᠭᠦᠭᠡᠨ ᠠᠪᠤᠷᠠᠬᠤ᠎ᠶ᠋ᠢ ᠲᠡᠷᠢᠭᠦᠨ᠎ᠳᠤ ᠲᠠᠯᠪᠢᠬᠤ᠂ ᠵᠦᠢ ᠵᠣᠬᠢᠰᠲᠠᠶ ᠠᠱᠢᠭ᠍ᠯᠠᠬᠤ᠂ ᠤᠯᠠᠮᠵᠢᠯᠠᠨ ᠬᠥᠭ᠌ᠵᠢᠭᠦᠯᠬᠦ᠌》 ᠠᠵᠢᠯ᠎ᠤᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠱᠢᠰᠲ᠋ᠧᠮᠳᠤ ᠴᠢᠨᠠᠷᠲᠠᠶ ᠬᠠᠮᠠᠭᠠᠯᠠᠬᠤ ᠲᠦᠪᠱᠢᠨ᠎ᠢᠶᠠᠨ ᠦᠨᠡᠨ ᠬᠦ᠌ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠬᠦᠴᠦᠷᠬᠡᠭ ᠶᠡᠭᠡ ᠣᠶᠤᠨ᠎ᠤ ᠬᠦᠴᠦᠨ ᠬᠠᠩᠭᠠᠬᠤ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号