ᠬᠥᠬᠡᠬᠤᠲᠠ ᠬᠤᠭᠤᠯᠠ ᠤᠮᠳᠠᠭᠠᠨ᠎ᠤ ᠠᠵᠢᠯ ᠲᠥᠷᠥᠯ᠎ᠤᠨ ᠢᠳᠡᠭᠡᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠴᠢᠨᠠᠬ᠍ᠰᠢᠳᠠ ᠨᠠᠢᠳᠠᠪᠤᠷᠢᠵᠢᠭᠤᠯᠵᠤ ᠪᠤᠢ
2021-06-15 08:57:21
ᠵᠣᠬᠢᠶᠠᠭ᠍ᠴᠢ᠄
ᠬᠠᠢᠷ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠭᠤᠯᠠ ᠤᠮᠳᠠᠭᠠᠨ᠎ᠤ ᠠᠵᠢᠯ ᠲᠥᠷᠥᠯ᠎ᠤᠨ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠬᠤᠷᠠᠯ ᠬᠤᠷᠠᠯᠳᠤᠭᠤᠯᠵᠤ᠂ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠭᠤᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ 2021 ᠤᠨ ᠪᠣᠯ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠢ ᠪᠣᠯᠤᠨ᠎ᠠ᠂ ᠮᠥᠨ ᠴᠦ᠍ ᠬᠦᠬᠡᠬᠤᠳᠠ᠎ᠶ᠋ᠢᠨ ᠪᠦᠬᠦ᠌ ᠤᠯᠤᠰ᠎ᠤᠨ ᠪᠣᠯᠪᠠᠰᠤᠨ ᠬᠤᠲᠠ ᠪᠠ ᠤᠯᠤᠰ᠎ᠤᠨ ᠢᠳᠡᠭᠡᠨ᠎ᠤ ᠠᠮᠤᠷ ᠲᠦᠪᠱᠢᠨ᠎ᠤ ᠬᠤᠲᠠ᠎ᠶ᠋ᠢ ᠡᠭᠦᠳᠦᠨ ᠪᠠᠢᠭᠤᠯᠬᠤ ᠵᠠᠩᠭᠢᠯᠠᠭ᠎ᠠ᠎ᠶ᠋ᠢᠨ ᠱᠠᠲᠤ ᠦᠶ᠎ᠡ ᠪᠣᠯᠬᠤᠷ ᠡᠯ᠎ᠡ ᠪᠠᠢᠭᠤᠯᠭ᠎ᠠ ᠨᠢᠭᠡᠴᠢ ᠬᠠᠷᠢᠭᠤᠴᠠᠯᠭᠠᠲᠤ ᠰᠡᠳᠭᠢᠯᠭᠡ᠎ᠪᠠᠨ ᠴᠢᠩᠭᠠᠳᠭᠠᠵᠤ᠂ ᠬᠤᠭᠤᠯᠠ ᠤᠮᠳᠠᠭᠠᠨ᠎ᠤ ᠠᠮᠤᠷ ᠲᠦᠪᠱᠢᠨ᠎ᠤ ᠠᠵᠢᠯ᠎ᠢ ᠰᠠᠢᠲᠤᠷ ᠬᠢᠬᠦ᠌᠎ᠶ᠋ᠢᠨ ᠲᠤᠯᠭᠠᠮ ᠴᠢᠨᠠᠷ ᠪᠠ ᠴᠢᠬᠤᠯᠠ ᠴᠢᠨᠠᠷ᠎ᠢ ᠭᠦᠢᠴᠡᠳ ᠲᠠᠨᠢᠬᠤ ᠬᠡᠷᠡᠭ᠌ᠲᠡᠢ; ᠬᠠᠷᠢᠶ᠎ᠠ ᠳᠤᠭᠤᠷᠢᠭ᠎ᠤᠨ ᠬᠢᠨᠠᠯᠲᠠ ᠬᠠᠮᠢᠶᠠᠷᠤᠯᠲᠠ᠎ᠶ᠋ᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠠᠵᠢᠯ᠎ᠤᠨ ᠡᠭᠦᠷᠭᠡ ᠨᠢᠭᠡ ᠪᠦᠷᠢ᠎ᠳᠤ ᠴᠢᠭ᠌ᠯᠡᠭᠦᠯᠦᠨ ᠲᠥᠯᠥᠪᠯᠡᠭᠡ ᠲᠣᠭ᠍ᠲᠠᠭᠠᠵᠤ᠂ ᠠᠷᠭ᠎ᠠ ᠬᠡᠮᠵᠢᠶ᠎ᠡ ᠠᠪᠴᠤ᠌᠂ ᠬᠠᠷᠢᠭᠤᠴᠠᠯᠭ᠎ᠠ᠎ᠶ᠋ᠢ ᠬᠥᠮᠦᠨ᠎ᠳᠤᠨᠢ ᠬᠦᠷᠲᠡᠯ᠎ᠡ ᠨᠠᠢᠳᠠᠪᠤᠷᠢᠵᠢᠭᠤᠯᠤᠨ᠂ ᠠᠵᠢᠯ᠎ᠤᠨ ᠪᠠᠢᠷᠢ᠎ᠳᠤᠨᠢ ᠬᠦᠷᠲᠡᠯ᠎ᠡ ᠨᠠᠢᠳᠠᠪᠤᠷᠢᠵᠢᠭᠤᠯᠵᠤ ᠪᠣᠳᠠᠲᠤ ᠦᠷ᠎ᠡ ᠪᠦᠲᠦᠮᠵᠢ ᠣᠯᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ; 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠱᠢᠨ᠎ᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠱᠢᠨ᠎ᠤ ᠬᠡᠷᠡᠭ᠌ᠵᠢᠭᠦᠯᠬᠦ᠌ ᠳᠦᠷᠢᠮ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠢ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠯᠡᠨ ᠬᠤᠭᠤᠯᠠ ᠤᠮᠳᠠᠭᠠᠨ᠎ᠤ ᠨᠢᠭᠡᠴᠢ᠎ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶᠳᠪᠦᠷᠢᠯᠡᠬᠦ᠌ ᠬᠡᠷᠡᠭ᠌ᠲᠡᠶ; ᠡᠭᠦᠨ᠎ᠤ ᠬᠠᠮᠲᠤ ᠬᠥᠮᠦᠵᠢᠯ ᠤᠬᠠᠭᠤᠯᠭ᠎ᠠ᠎ᠶ᠋ᠢ ᠰᠠᠢᠲᠤᠷ ᠬᠢᠵᠦ᠍᠂ ᠢᠳᠡᠭᠡᠨ᠎ᠤ ᠠᠮᠤᠷ ᠲᠦᠪᠱᠢᠨ᠎ᠤ ᠦᠵᠡᠯ ᠤᠬᠠᠮᠰᠠᠷ᠎ᠢ᠎ᠨᠢ ᠳᠡᠭᠡᠭ᠌ᠰᠢᠯᠡᠭᠦᠯᠬᠦ᠌ ᠬᠡᠷᠡᠭ᠌ᠲᠡᠶ; ᠡᠯ᠎ᠡ ᠬᠤᠭᠤᠯᠠ ᠤᠮᠳᠠᠭᠠᠨ᠎ᠤ ᠦᠢᠯᠡᠴᠢᠯᠡᠭᠡᠨ᠎ᠤ ᠨᠢᠭᠡᠴᠢ᠎ᠨᠦᠭᠦᠳ ᠡᠵᠡᠩᠨᠡᠬᠦ᠌ ᠶᠠᠪᠤᠴᠠ᠎ᠳᠠᠭᠠᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠴᠢᠩᠭ᠎ᠠ ᠵᠢᠷᠤᠮᠯᠠᠵᠤ᠂ ᠲᠤᠰ ᠪᠡᠶ᠎ᠡ᠎ᠶ᠋ᠢᠨ ᠡᠵᠡᠩᠨᠡᠯᠲᠡ᠎ᠶ᠋ᠢᠨ ᠦᠢᠯᠡ ᠠᠵᠢᠯᠯᠠᠭ᠎ᠠ᠎ᠪᠠᠨ ᠵᠢᠷᠤᠮᠵᠢᠭᠤᠯᠤᠨ᠂ ᠢᠳᠡᠭᠡᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠢᠳᠡᠭᠡᠨ᠎ᠢ ᠪᠦᠷᠢᠯᠭᠡᠨ ᠰᠦᠢᠳᠭᠡᠬᠦ᠌ ᠦᠭᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ; ᠲᠤᠰ ᠪᠡᠶ᠎ᠡ᠎ᠶ᠋ᠢᠨ ᠡᠵᠡᠩᠨᠡᠯᠲᠡ᠎ᠶ᠋ᠢᠨ ᠪᠠᠢᠳᠠᠯ ᠪᠣᠯᠤᠨ ᠬᠢᠨᠠᠯᠲᠠ ᠬᠠᠮᠢᠶᠠᠷᠤᠯᠲᠠ᠎ᠶ᠋ᠢᠨ ᠪᠠᠢᠳᠠᠯ᠎ᠲᠠᠢ᠎ᠪᠠᠨ ᠤᠶᠠᠯᠳᠤᠭᠤᠯᠤᠨ᠂ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠡᠯ᠎ᠡ ᠵᠦᠢᠯ᠎ᠤᠨ ᠳᠦᠷᠢᠮ᠎ᠢ ᠴᠠᠭ ᠲᠤᠬᠠᠶ᠎ᠳᠤᠨᠢ ᠱᠢᠨᠡᠳᠭᠡᠨ ᠲᠡᠭᠦᠯᠳᠡᠷᠵᠢᠭᠦᠯᠵᠦ᠍᠂ ᠪᠦᠷᠢᠯᠭᠡᠬᠦ᠌᠎ᠶ᠋ᠢ ᠡᠰᠡᠷᠭᠦᠴᠡᠬᠦ᠌ ᠠᠷᠭ᠎ᠠ ᠬᠡᠮᠵᠢᠶ᠎ᠡ᠎ᠶ᠋ᠢ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠡᠳ᠋ᠱᠢᠭᠦᠯᠬᠦ᠌ ᠵᠡᠷᠭᠡ ᠬᠠᠮᠢᠶᠠᠷᠤᠯᠲᠠ᠎ᠶ᠋ᠢᠨ ᠳᠦᠷᠢᠮ᠎ᠳᠡᠭᠡᠨ ᠨᠠᠢᠳᠠᠪᠤᠷᠢᠵᠢᠭᠤᠯᠵᠤ᠂ ᠢᠳᠡᠭᠡᠨ ᠪᠦᠷᠢᠯᠭᠡᠬᠦ᠌᠎ᠶ᠋ᠢ ᠰᠡᠷᠭᠡᠢᠯᠡᠬᠦ᠌ ᠬᠡᠷᠡᠭ᠌ᠲᠡᠶ; ᠥᠪᠡᠷ᠎ᠢ᠎ᠪᠠᠨ ᠪᠠᠢᠴᠠᠭᠠᠬᠤ᠂ ᠠᠰᠠᠭᠤᠳᠠᠯ᠎ᠢ ᠡᠷᠢᠵᠦ᠍ ᠭᠠᠷᠭᠠᠵᠤ ᠴᠡᠭ᠌ᠴᠡᠯᠡᠨ ᠰᠠᠢᠵᠢᠷᠠᠭᠤᠯᠬᠤ᠂ ᠬᠡᠮ ᠰᠤᠭᠤᠭ᠎ᠢ ᠠᠷᠢᠯᠭᠠᠬᠤ᠂ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠵᠤ᠂ ᠨᠡᠢᠲᠡ᠎ᠶ᠋ᠢᠨ ᠰᠠᠪᠬ᠎ᠠ ᠨᠡᠢᠲᠡ᠎ᠶ᠋ᠢᠨ ᠬᠠᠯᠪᠠᠭ᠎ᠠ ᠵᠠᠷᠤᠬᠤ᠎ᠶ᠋ᠢ ᠪᠦᠲᠦᠮᠵᠢᠲᠡᠶ ᠬᠡᠷᠡᠭ᠌ᠵᠢᠭᠦᠯᠵᠦ᠍᠂ ᠡᠷᠡᠭᠦᠯ ᠪᠣᠯᠪᠠᠰᠤᠨ ᠬᠤᠭᠤᠯᠠ ᠢᠳᠡᠬᠦ᠌ ᠣᠷᠴᠢᠨ ᠲᠣᠭᠤᠷᠢᠨ᠎ᠢ ᠪᠣᠶ ᠪᠣᠯᠭᠠᠬᠤ ᠬᠡᠷᠡᠭ᠌ᠳᠠᠢ; ᠰᠦᠯᠢᠶᠣᠣ ᠬᠢᠵᠠᠭᠠᠷᠯᠠᠬᠤ ᠵᠠᠷᠯᠢᠭ᠎ᠢ ᠵᠢᠷᠤᠮᠯᠠᠨ᠂ ᠬᠤᠭ ᠨᠣᠪᠰᠢ ᠭᠠᠷᠭᠠᠬᠤ᠎ᠶ᠋ᠢ ᠪᠠᠭᠠᠰᠭᠠᠵᠤ᠂ ᠠᠮᠢᠳᠤᠷᠠᠯ᠎ᠤᠨ ᠬᠤᠭ ᠨᠣᠪᠰᠢ᠎ᠶ᠋ᠢ ᠲᠥᠷᠥᠯ ᠬᠤᠪᠢᠶᠠᠬᠤ᠎ᠶ᠋ᠢ ᠬᠡᠷᠡᠭ᠌ᠵᠢᠭᠦᠯᠬᠦ᠌ ᠬᠡᠷᠡᠭ᠌ᠳᠠᠢ ᠬᠡᠵᠤ ᠱᠠᠭᠠᠷᠳᠠᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号