ᠦᠪᠦᠷ ᠮᠤᠩᠭᠤᠯ᠎ᠤᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠡᠭᠡᠭᠡᠪᠦᠷᠢᠯᠡᠯᠳᠡ ᠪᠤᠰᠤᠭ᠎ᠠ ᠴᠤᠭ᠍ᠴᠠᠵᠢᠨ ᠬᠠᠷᠢᠯᠴᠠᠨ ᠬᠤᠯᠪᠤᠯᠳᠤᠵᠦ᠍ ᠬᠦᠴᠦᠷᠭᠡᠭ᠌ᠵᠢᠵᠦ᠍ ᠡᠬᠢᠯᠡᠯ᠎ᠡ
2021-06-15 16:57:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

【 ᠨᠠᠢᠷᠠᠭᠤᠯᠤᠭ᠍ᠴᠢ᠎ᠶ᠋ᠢᠨ ᠦᠭᠡ 】

ᠠᠭᠤᠯᠠ ᠳᠠᠭᠠᠷᠠᠪᠠᠯ ᠵᠠᠮ ᠨᠡᠭᠡᠭᠡᠵᠦ᠍᠂ ᠤᠰᠤ ᠳᠠᠭᠠᠷᠠᠪᠠᠯ ᠬᠥᠭᠦᠷᠭᠡ ᠲᠠᠯᠪᠢᠨ᠎ᠠ! ᠥᠪᠥᠷ ᠮᠣᠩᠭᠤᠯ᠎ᠤᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠳᠡᠭᠡᠭᠡᠪᠦᠷᠢ᠎ᠶ᠋ᠢᠨ ᠦᠢᠯᠡᠰ ᠪᠣᠭᠤᠮᠢ᠎ᠶ᠋ᠢᠨ ᠬᠦᠯᠢᠶᠡᠰᠦᠯᠡᠯ᠎ᠠᠴᠠ ᠠᠯᠳᠠᠷᠠᠵᠦ᠍ ᠠᠵᠤ ᠠᠬᠤᠢ ᠨᠡᠢᠭᠡᠮ᠎ᠤᠨ ᠬᠥᠭ᠌ᠵᠢᠯᠲᠡ᠎ᠲᠠᠢ ᠵᠣᠬᠢᠴᠠᠬᠤ ᠬᠦᠷᠲᠡᠯ᠎ᠡ ᠵᠠᠮ ᠬᠠᠷᠢᠯᠴᠠᠭᠠᠨ᠎ᠤ ᠬᠦᠴᠦᠷᠬᠡᠭ ᠣᠷᠣᠨ ᠲᠡᠢᠰᠢ ᠤᠷᠤᠭ᠍ᠰᠢᠯᠠᠬᠤ ᠰᠡᠳᠭᠢᠯ ᠬᠦᠳᠡᠯᠭᠡᠮ᠎ᠡ ᠦᠵᠡᠮᠵᠢᠳᠤ ᠵᠢᠷᠤᠭ᠎ᠢ ᠵᠢᠷᠤᠭ᠍ᠯᠠᠭ᠍ᠰᠠᠨ ᠶᠤᠮ᠃ ᠠᠯᠤᠰ ᠬᠢᠯᠢ ᠠᠨᠠᠪᠠᠳ ᠲᠠᠯᠠᠢ ᠬᠦ᠍ᠷᠳᠡᠯ᠎ᠡ ᠲᠦᠷᠭᠡᠨ᠎ᠤ ᠵᠠᠮ ᠨᠡᠪᠳᠡᠷᠡᠨ᠂ ᠠᠢᠯ ᠲᠤᠰᠭᠤᠨ ᠠᠷᠤ ᠭᠡᠷ᠎ᠲᠤ ᠵᠠᠰᠠᠮᠠᠯ ᠵᠠᠮ ᠵᠤᠷᠠᠢᠭᠠᠳ᠂ ᠠᠭᠠᠷ᠎ᠲᠤ ᠲᠡᠬᠦᠯᠢᠬᠦ᠌ ᠮᠦᠩᠬᠦᠨ ᠨᠢᠰᠭᠡᠯ ᠷᠤᠮᠠᠨᠲ᠋ᠢᠭ ᠠᠮᠢᠳᠤᠷᠠᠯ᠎ᠳᠤ ᠠᠴᠢᠶᠠᠯᠠᠨ ᠠᠪᠠᠴᠢᠵᠤ᠂ ᠤᠤᠬᠢᠯᠠᠨ ᠲᠠᠪᠬᠢᠬᠤ ᠭᠠᠯᠳᠤ ᠲᠡᠷᠭᠡ ᠡᠭᠡ ᠤᠯᠤᠰ᠎ᠤᠨ ᠠᠭᠤᠯᠠ ᠤᠰᠤ᠎ᠶ᠋ᠢ ᠪᠠᠭ᠍ᠠᠳᠤᠭᠤᠯᠤᠨ᠂ ᠰᠦᠯᠵᠢᠯᠳᠦᠨ ᠲᠤᠤᠷᠯᠠᠯᠳᠤᠭ᠍ᠰᠠᠨ ᠵᠠᠮ ᠬᠠᠷᠢᠯᠴᠠᠭ᠎ᠠ ᠠᠭᠤᠳᠠᠮ ᠰᠠᠷᠠᠭᠤᠯ ᠦᠪᠦᠷ ᠮᠤᠩᠭᠤᠯ᠎ᠢ ᠠᠤᠭ᠎ᠠ ᠶᠢᠷᠳᠢᠨᠴᠤ᠎ᠲᠠᠢ ᠬᠤᠯᠪᠤᠵᠦ᠍᠂ ᠡᠶ᠎ᠡ ᠨᠠᠢᠷᠠᠮᠳᠠᠭᠤ ᠠᠢᠵᠠᠮ ᠦᠷᠳᠡᠭᠡ ᠵᠠᠮ᠎ᠢᠶᠠᠷ ᠴᠤᠤᠷᠢᠶᠠᠳᠤᠭᠠᠳ᠂ ᠡᠷᠡᠮᠡᠬᠡᠢᠯᠡᠨ ᠤᠷᠤᠭ᠍ᠰᠢᠯᠠᠬᠤ ᠬᠦᠴᠦᠷᠭᠡᠭ ᠲᠠᠭᠤᠨ ᠡᠭᠡ ᠲᠡᠯᠡᠬᠡᠢ᠎ᠳᠤ ᠬᠠᠩᠬᠢᠨᠠᠨ᠎ᠠ᠃


ᠵᠠᠰᠠᠮᠠᠯ ᠵᠠᠮ᠎ᠤᠨ ᠭᠢᠯᠠᠰ ᠴᠡᠭ

● 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠲᠣᠭ᠍ᠲᠠᠮᠠᠯ ᠬᠦᠷᠦᠩᠭᠡ᠎ᠶ᠋ᠢᠨ ᠪᠡᠯᠡ ᠣᠷᠣᠭᠤᠯᠤᠯᠲᠠ ᠨᠡᠢᠳᠡ 3002 ᠳ᠋ᠦᠩᠱᠢᠭᠤᠷ ᠲᠥᠭᠦᠷᠢᠭ᠎ᠲᠤ ᠬᠦᠷᠴᠦ᠍᠂ ᠵᠠᠰᠠᠮᠠᠯ ᠵᠠᠮ᠎ᠤᠨ ᠪᠦᠬᠦ᠌ ᠤᠷᠳᠤ 3.5 ᠲᠦᠮᠡᠨ ᠺᠢᠯᠣᠮᠧᠲᠷ ᠨᠡᠮᠡᠭ᠌ᠳᠡᠨ᠂ 21 ᠲᠦᠮᠡᠨ ᠺᠢᠯᠣᠮᠧᠲᠷ᠎ᠲᠤ ᠬᠦᠷᠴᠠᠢ᠂ ᠡᠭᠦᠨ᠎ᠳᠤ ᠲᠦᠷᠭᠡᠨ᠎ᠤ ᠵᠠᠰᠠᠮᠠᠯ ᠵᠠᠮ᠎ᠤᠨ ᠤᠷᠳᠤ 1969 ᠺᠢᠯᠣᠮᠧᠲᠷ ᠨᠡᠮᠡᠭ᠌ᠳᠡᠨ᠂ 6985 ᠺᠢᠯᠣᠮᠧᠲᠷ᠎ᠲᠤ ᠬᠦᠷᠴᠠᠢ᠃

● ᠤᠯᠤᠰ᠎ᠤᠨ ᠲᠦᠷᠭᠡᠨ᠎ᠤ ᠵᠠᠰᠠᠮᠠᠯ ᠵᠠᠮ ᠪᠡᠭᠡᠵᠢᠩ᠎ᠠᠴᠠ ᠦᠷᠦᠮᠴᠢ ᠬᠦᠷᠬᠦ᠂ ᠳ᠋ᠠᠨᠳᠦ᠋ᠩ᠎ᠠᠴᠠ ᠱᠢᠯᠢᠩᠬᠤᠲᠠ ᠬᠦᠷᠬᠦ᠂ ᠷᠦᠩ ᠴᠧᠩ᠎ᠠᠴᠠ ᠦᠬᠠᠶ ᠬᠦᠷᠬᠦ᠌ ᠥᠪᠥᠷ ᠮᠣᠩᠭᠤᠯ᠎ᠤᠨ ᠬᠡᠰᠡᠭ᠎ᠢ ᠪᠦᠬᠦ᠌ ᠱᠤᠭᠤᠮ᠎ᠢᠶᠠᠷ ᠨᠡᠪᠲᠡᠷᠡᠭᠦᠯᠵᠦ᠍᠂ ᠪᠤᠭᠤᠲᠤ᠎ᠠᠴᠠ ᠮᠤᠤᠮᠢᠩ ᠬᠦᠷᠬᠦ᠌ ᠲᠦᠷᠭᠡᠨ᠎ᠤ ᠵᠠᠰᠠᠮᠠᠯ ᠵᠠᠮ᠎ᠤᠨ ᠪᠤᠭᠤᠲᠤ᠎ᠠᠴᠠ ᠣᠷᠳᠣᠰ ᠬᠦᠷᠬᠦ᠌ ᠬᠡᠰᠡᠭ᠎ᠢ ᠨᠠᠢ᠍ᠮᠠᠨ ᠲᠡᠷᠭᠡᠨ ᠵᠠᠮ᠎ᠲᠠᠢ ᠪᠤᠯᠭᠠᠨ ᠥᠭᠡᠷᠡᠴᠢᠯᠡᠨ ᠪᠠᠢᠭᠤᠯᠵᠤ ᠲᠡᠷᠭᠡ ᠨᠡᠪᠲᠡᠷᠡᠭᠦᠯᠪᠡ᠃

●44 ᠵᠤᠷᠪᠤᠰ ᠣᠷᠣᠨ᠎ᠠᠴᠠ ᠭᠠᠷᠬᠤ ᠲᠦᠷᠭᠡᠨ᠎ᠤ ᠵᠠᠰᠠᠮᠠᠯ ᠵᠠᠮ ᠪᠠ ᠨᠢᠭᠡᠳᠦᠭᠡᠷ ᠳᠡᠰ᠎ᠤᠨ ᠵᠠᠰᠠᠮᠠᠯ ᠵᠠᠮ᠎ᠢ ᠪᠦᠬᠦ᠌ ᠲᠠᠯ᠎ᠠ᠎ᠪᠠᠷ ᠪᠠᠢᠭᠤᠯᠤᠨ ᠳᠠᠭᠤᠰᠭᠠᠵᠤ᠂ 12 ᠠᠢᠮᠠᠭ ᠬᠤᠲᠠ᠎ᠶ᠋ᠢᠨ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ᠎ᠲᠤ ᠴᠥᠮ ᠲᠦᠷᠭᠡᠨ᠎ᠤ ᠵᠠᠰᠠᠮᠠᠯ ᠵᠠᠮ᠎ᠢ ᠨᠡᠪᠲᠡᠷᠡᠭᠦᠯᠵᠦ᠍᠂ 103 ᠬᠤᠱᠢᠭᠤ ᠱᠢᠶᠠᠨ (ᠬᠤᠲᠠ᠎ᠶ᠋ᠢᠨ ᠲᠣᠭᠤᠷᠢᠭ) ᠎ᠳᠤ ᠴᠥᠮ ᠨᠢᠭᠡᠳᠦᠭᠡᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠵᠠᠰᠠᠮᠠᠯ ᠵᠠᠮ᠎ᠢ ᠨᠡᠪᠲᠡᠷᠡᠭᠦᠯᠵᠦ᠍᠂ ᠵᠠᠰᠠᠮᠠᠯ ᠵᠠᠮ᠎ᠤᠨ ᠰᠠᠭᠤᠷᠢ ᠲᠥᠬᠦᠭᠡᠷᠦᠮᠵᠢ᠎ᠶ᠋ᠢ 《ᠵᠠᠯᠭᠠᠯᠳᠤᠭᠤᠯᠤᠨ ᠲᠦᠪᠯᠡᠷᠡᠭᠦᠯᠵᠤ》 ᠪᠠᠢᠭ᠍ᠰᠠᠨ᠎ᠠᠴᠠ 《ᠦᠨᠳᠦᠰᠦᠨ᠎ᠳᠡᠭᠡᠨ ᠲᠣᠣᠷᠵᠢᠭᠤᠯᠤᠭ᠍ᠰᠠᠨ》 ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠪᠡ᠃

● ᠣᠳᠣᠬᠠᠨ ᠪᠣᠯᠲᠠᠯ᠎ᠠ᠂ ᠪᠦᠭᠦ᠌ ᠣᠷᠣᠨ᠎ᠤ ᠠᠶᠠᠨᠴᠢᠳ᠎ᠤᠨ ᠲᠡᠷᠭᠡ ᠨᠡᠪᠲᠡᠷᠡᠬᠦ᠌ ᠨᠥᠬᠦᠴᠡᠯ᠎ᠢ ᠪᠦᠷᠢᠯᠳᠦᠭᠦᠯᠦᠭ᠌ᠰᠡᠨ 776 ᠱᠢᠶᠠᠩ ᠪᠠᠯᠭᠠᠰᠤ ᠪᠠ 11046 ᠪᠠᠢᠭᠤᠯᠤᠮᠵᠢᠳᠤ ᠭᠠᠴᠠᠭ᠎ᠠ ᠲᠣᠰᠭᠤᠨ᠎ᠳᠤ ᠴᠥᠮ ᠠᠶᠠᠨᠴᠢᠳ᠎ᠤᠨ ᠮᠠᠱᠢᠨ ᠲᠡᠷᠭᠡ ᠨᠡᠪᠲᠡᠷᠡᠭᠦᠯᠵᠦ᠍᠂ ᠲᠡᠷᠭᠡ ᠨᠡᠪᠲᠡᠷᠡᠭ᠌ᠰᠡᠨ ᠨᠤᠷᠮ᠎ᠠ᠎ᠨᠢ 100% ᠪᠣᠯᠵᠠᠢ᠃

● 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠠᠬᠢ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ 1973 ᠳ᠋ᠦᠩᠱᠢᠭᠤᠷ ᠲᠥᠭᠦᠷᠢᠭ᠎ᠲᠤ ᠬᠦᠷᠴᠦ᠍᠂ ᠵᠠᠮ ᠬᠠᠷᠢᠯᠴᠠᠭᠠᠨ᠎ᠤ ᠲᠣᠭ᠍ᠲᠠᠮᠠᠯ ᠬᠦᠷᠦᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠶᠡᠷᠦᠩᠬᠡᠢ ᠬᠡᠮᠵᠢᠶᠡᠨ᠎ᠤ 66% ᠎ᠶ᠋ᠢ ᠡᠵᠡᠯᠡᠪᠡ᠃ 2020 ᠣᠨ᠎ᠤ ᠰᠡᠭᠦᠯᠴᠢ ᠪᠣᠯᠲᠠᠯ᠎ᠠ᠂ ᠪᠣᠶ ᠪᠥᠬᠦᠶ ᠶᠠᠳᠠᠭᠤ ᠬᠦᠴᠢᠷᠳᠡᠯᠲᠡᠶ ᠬᠤᠱᠢᠭᠤ ᠱᠢᠶᠠᠨ᠂ ᠬᠢᠯᠢ᠎ᠶ᠋ᠢᠨ ᠬᠤᠱᠢᠭᠤᠨ᠎ᠳᠤ ᠴᠥᠮ ᠨᠢᠭᠡᠳᠦᠭᠡᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠵᠠᠰᠠᠮᠠᠯ ᠵᠠᠮ᠎ᠢ ᠨᠡᠪᠲᠡᠷᠡᠭᠦᠯᠤᠨ᠂ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠠᠶᠠᠨᠴᠢᠳ᠎ᠤᠨ ᠵᠦᠭᠡᠭᠡᠪᠦᠷᠢ᠎ᠶ᠋ᠢᠨ ᠮᠠᠱᠢᠨ ᠳᠡᠷᠭᠡᠨ᠎ᠤ ᠥᠷᠲᠡᠭᠡ᠎ᠶ᠋ᠢᠨ ᠪᠦᠷᠬᠦᠴᠡ᠎ᠶ᠋ᠢᠨ ᠨᠣᠷᠮ᠎ᠠ 97% ᠎ᠳᠤ ᠬᠦᠷᠴᠦ᠍᠂ ᠪᠥᠬᠦ᠌ ᠣᠷᠣᠨ᠎ᠤ ᠨᠥᠬᠦᠴᠡᠯ ᠪᠥᠷᠢᠳᠦᠭ᠌ᠰᠡᠨ ᠪᠠᠢᠭᠤᠯᠤᠮᠵᠢᠳᠤ ᠭᠠᠴᠠᠭ᠎ᠠ ᠲᠣᠰᠭᠤᠨ ᠪᠤᠯᠭᠠᠨ᠎ᠳᠤ ᠬᠠᠲᠠᠭᠤᠷᠠᠭᠤᠯᠤᠭ᠍ᠰᠠᠨ ᠵᠠᠮ ᠨᠡᠪᠳᠡᠷᠡᠭᠦᠯᠦᠭ᠌ᠰᠡᠨ ᠪᠠ ᠠᠶᠠᠨᠴᠢᠳ᠎ᠤᠨ ᠮᠠᠱᠢᠨ ᠲᠡᠷᠭᠡ᠎ᠶ᠋ᠢ ᠨᠡᠪᠲᠡᠷᠡᠭᠦᠯᠦᠨ᠂ ᠮᠠᠨ᠎ᠤ ᠣᠷᠣᠨ᠎ᠤ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠢ ᠢᠯᠡᠳᠲᠡ ᠰᠠᠢᠵᠢᠷᠠᠭᠤᠯᠪᠠ᠃


4011078_lity_1623399560777_m.jpg


● 103 ᠬᠤᠱᠢᠭᠤ ᠱᠢᠶᠠᠨ (ᠬᠤᠳᠠ᠎ᠶ᠋ᠢᠨ ᠲᠤᠭᠤᠷᠢᠭ) ᠎ᠳᠤ ᠨᠢᠭᠡᠳᠦᠭᠡᠷ ᠲᠠᠰ ᠵᠢᠴᠢ ᠲᠡᠭᠦᠨ᠎ᠠᠴᠠ ᠲᠡᠭᠡᠭ᠌ᠰᠢᠬᠢ ᠵᠠᠰᠠᠮᠠᠯ ᠵᠠᠮ᠎ᠢ ᠨᠠᠪᠳᠡᠷᠡᠭᠦᠯᠵᠦ᠍᠂ ᠠᠶᠠᠨᠴᠢᠳ᠎ᠤᠨ ᠵᠦᠭᠡᠭᠡᠪᠤᠷᠢ᠎ᠶ᠋ᠢᠨ ᠮᠠᠱᠢᠨ ᠲᠡᠷᠭᠡᠨ᠎ᠤ ᠦᠷᠳᠡᠭᠡ᠎ᠶ᠋ᠢᠨ ᠪᠦᠷᠭᠦᠴᠡ 97% ᠎ᠳᠤ ᠬᠦᠷᠪᠠ

● ᠲᠤᠭ᠍ᠳᠠᠮᠠᠯ ᠬᠦᠷᠦᠩᠭᠡ᠎ᠶ᠋ᠢᠨ ᠪᠡᠯᠡ ᠤᠷᠤᠭᠤᠯᠤᠯᠳᠠ 3002 ᠳ᠋ᠦᠡᠭ᠌ᠰᠢᠭᠤᠷ ᠲᠦᠭᠦᠷᠢᠭ᠎ᠲᠤ ᠬᠦᠷᠴᠠᠢ

● ᠵᠠᠰᠠᠮᠠᠯ ᠵᠠᠮ᠎ᠤᠨ ᠪᠦᠬᠦ᠌ ᠤᠷᠳᠤ 21 ᠲᠦᠮᠠᠨ ᠺᠢᠯᠤᠮᠧᠲᠷ᠎ᠲᠤ ᠬᠦᠷᠴᠡᠢ

● ᠲᠦᠷᠭᠡᠨ᠎ᠤ ᠵᠠᠰᠠᠮᠠᠯ ᠵᠠᠮ᠎ᠤᠨ ᠤᠷᠳᠤ 6985 ᠺᠢᠯᠤᠮᠧᠲᠷ᠎ᠲᠤ ᠬᠦᠷᠴᠠᠢ

● 12 ᠠᠢᠮᠠᠭ ᠬᠤᠳᠠ᠎ᠶ᠋ᠢᠨ ᠵᠠᠰᠠᠭ᠎ᠤᠨ ᠤᠷᠳᠤᠨ᠎ᠤ ᠰᠠᠭᠤᠭ᠎ᠠ ᠭᠠᠵᠠᠷ᠎ᠲᠤ ᠪᠦᠷ ᠲᠦᠷᠭᠡᠨ᠎ᠤ ᠵᠠᠰᠠᠮᠠᠯ ᠵᠠᠮ ᠨᠠᠪᠳᠡᠷᠡᠪᠡ

●103 ᠬᠤᠱᠢᠭᠤ ᠱᠢᠶᠠᠨ (ᠬᠤᠳᠠ ᠲᠤᠭᠤᠷᠢᠭ) ᠎ᠳᠤ ᠨᠢᠭᠡᠳᠦᠭᠡᠷ ᠲᠠᠰ ᠵᠢᠴᠢ ᠲᠡᠭᠦᠨ᠎ᠠᠴᠠ ᠲᠡᠭᠡᠭ᠌ᠰᠢᠬᠢ ᠵᠠᠰᠠᠮᠠᠯ ᠵᠠᠮ ᠨᠠᠪᠳᠡᠷᠡᠪᠠ

 

ᠲᠡᠮᠦᠷ ᠵᠠᠮ᠎ᠤᠨ ᠭᠢᠯᠠᠰ ᠴᠡᠭ

●2020 ᠣᠨ᠎ᠳᠤ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ᠎ᠤᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠹᠦ᠋ ᠱᠢᠩ ᠨᠡᠷᠡᠮᠵᠢᠲᠦ ᠲᠦᠷᠦᠯ ᠲᠡᠮᠳᠡᠭ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠪᠡᠭᠡᠵᠢᠩ᠎ᠳᠤ ᠣᠷᠣᠬᠤ ᠲᠦᠷᠭᠡᠨ᠎ᠤ ᠲᠡᠮᠦᠷ ᠵᠠᠮ᠎ᠤᠨ ᠠᠶᠠᠯᠠᠯ᠎ᠢ ᠤᠯᠠᠱᠢᠷᠠᠭᠤᠯᠵᠤ᠂ ᠱᠠᠨ ᠰᠢ᠎ᠳᠤ ᠣᠷᠣᠬᠤ ᠬᠦᠳᠡᠯᠭᠡᠭᠦ᠌ ᠬᠦᠴᠦᠨᠳᠤ ᠭᠠᠯᠳᠤ ᠳᠡᠷᠭᠡ᠎ᠶ᠋ᠢ ᠣᠯᠠᠨ ᠨᠡᠮᠡᠵᠤ᠂ ᠪᠥᠬᠦ᠌ ᠵᠢᠯ᠎ᠤᠨ ᠲᠦᠷᠭᠡᠨ᠎ᠤ ᠲᠡᠮᠦᠷ ᠵᠠᠮ ᠪᠠ ᠬᠦᠳᠡᠯᠭᠡᠭᠦ᠌ ᠬᠦᠴᠦᠨᠳᠤ ᠭᠠᠯᠳᠤ ᠳᠡᠷᠭᠡ᠎ᠪᠠᠷ ᠠᠶᠠᠨᠴᠢᠳ᠎ᠢ 814 ᠲᠦᠮᠡ ᠬᠦᠷᠭᠡᠵᠦ᠍᠂ ᠠᠶᠠᠨᠴᠢᠳ᠎ᠢ ᠵᠦᠭᠡᠭᠡᠪᠦᠷᠢᠯᠡᠭ᠌ᠰᠡᠨ ᠪᠦᠬᠦ᠌ ᠬᠡᠮᠵᠢᠶᠡᠨ᠎ᠤ 35% ᠎ᠶ᠋ᠢ ᠡᠵᠡᠯᠡᠪᠡ᠃

● ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ 《ᠵᠠᠰᠠᠮᠠᠯ ᠵᠠᠮ᠎ᠤᠨ ᠳᠡᠭᠡᠭᠡᠪᠦᠷᠢ᠎ᠶ᠋ᠢ ᠲᠡᠮᠦᠷ ᠵᠠᠮ᠎ᠤᠨ ᠳᠡᠭᠡᠭᠡᠪᠦᠷᠢ ᠪᠤᠯᠭᠠᠨ ᠬᠤᠪᠢᠷᠠᠭᠤᠯᠬᠤ》᠂ 《ᠲᠠᠷᠠᠬᠠᠢ ᠪᠤᠲᠠᠷᠬᠠᠢ᠎ᠪᠠᠷ ᠳᠡᠭᠡᠭᠡᠪᠦᠷᠢᠯᠡᠵᠤ ᠪᠠᠢᠭ᠍ᠰᠠᠨ᠎ᠢ ᠴᠢᠩᠬᠡᠯᠢᠭ᠎ᠤᠨ ᠳᠡᠭᠡᠭᠡᠪᠦᠷᠢ ᠪᠣᠯᠭᠠᠨ ᠬᠤᠪᠢᠷᠠᠭᠤᠯᠬᠤ》 ᠪᠠ ᠪᠣᠭᠤᠮᠲᠠ᠎ᠶ᠋ᠢᠨ ᠲᠡᠭᠡᠭᠡᠪᠦᠷᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠴᠢᠩᠭᠠᠳᠭᠠᠵᠤ᠂ 2020 ᠣᠨ᠎ᠳᠤ ᠡᠷᠢᠶᠡᠨ ᠬᠤᠲᠠ ᠪᠣᠭᠤᠮᠲᠠ᠎ᠶ᠋ᠢᠨ ᠳᠤᠮᠳᠠᠳᠤ ᠧᠦ᠋ᠷᠣᠫᠠ ᠳᠤᠮᠳᠠ ᠠᠽᠢᠶ᠎ᠠ᠎ᠶ᠋ᠢᠨ ᠵᠢᠱᠢᠶᠠᠨ᠎ᠤ ᠭᠠᠯᠲᠤ ᠲᠡᠷᠭᠡ ᠠᠩᠬ᠎ᠠ ᠤᠳᠠᠭ᠎ᠠ 2000 ᠴᠤᠪᠤᠭ᠎ᠠ᠎ᠶ᠋ᠢᠨ ᠶᠡᠭᠡ ᠪᠣᠭᠤᠮᠲᠠ᠎ᠶ᠋ᠢ ᠳᠠᠪᠠᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠲᠡᠭᠡᠭᠡᠪᠦᠷᠢ᠎ᠶ᠋ᠢᠨ ᠬᠡᠮᠵᠢᠶ᠎ᠡ ᠲᠦᠷᠪᠡᠨ ᠵᠢᠯ ᠳᠠᠷᠠᠭᠠᠯᠠᠨ 10% ᠎ᠠᠴᠠ ᠳᠡᠭᠡᠭ᠌ᠰᠢᠬᠢ ᠨᠡᠮᠡᠭ᠌ᠳᠡᠯ᠎ᠢ ᠪᠠᠲᠤᠯᠠᠵᠤ᠂ 1600 ᠲᠦᠮᠡᠨ ᠲᠣᠨ᠎ᠤ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠪᠦᠬᠦ᠌ ᠤᠯᠤᠰ᠎ᠤᠨ 10 ᠲᠡᠮᠤᠷ ᠵᠠᠮ᠎ᠤᠨ ᠪᠣᠭᠤᠮᠲᠠ᠎ᠶ᠋ᠢᠨ ᠬᠤᠶᠠᠳᠤᠭᠠᠷ᠎ᠲᠤ ᠵᠢᠭ᠍ᠰᠠᠵᠠᠢ᠃

● ᠳᠤᠮᠳᠠᠳᠤ ᠤᠯᠤᠰ᠎ᠤᠨ ᠳᠡᠮᠤᠷ ᠵᠠᠮ᠎ᠤᠨ ᠬᠥᠬᠡᠬᠤᠲᠠ᠎ᠶ᠋ᠢᠨ  ᠲᠤᠪᠴᠢᠶ᠎ᠠ᠎ᠶ᠋ᠢᠨ ᠪᠦᠯᠦᠭ᠌ᠯᠡᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠢᠶᠠᠷᠤᠯᠲᠠ᠎ᠶ᠋ᠢᠨ ᠳᠣᠲᠣᠷᠠᠬᠢ ᠲᠦᠷᠭᠡᠨ᠎ᠤ ᠳᠡᠮᠤᠷ ᠵᠠᠮ᠎ᠤᠨ ᠪᠦᠳᠦᠬᠡᠨ ᠪᠠᠢᠭᠤᠯᠤᠯᠲᠠ᠎ᠶ᠋ᠢ ᠠᠬᠢᠭᠤᠯᠵᠤ᠂ ᠶᠠᠨ ᠠᠨ — ᠲᠡᠮᠡᠬᠡᠲᠥ᠍ — ᠬᠤᠪᠧᠢ ᠮᠤᠵᠢ᠎ᠶ᠋ᠢᠨ ᠠᠶᠠᠨᠴᠢᠳ᠎ᠤᠨ ᠵᠦᠭᠡᠭᠡᠪᠦᠷᠢ᠎ᠶ᠋ᠢᠨ ᠲᠤᠰᠭᠠᠢ ᠱᠤᠭᠤᠮ᠎ᠤᠨ ᠰᠤᠳᠤᠯᠵᠤ ᠪᠤᠯᠬᠤ ᠮᠡᠳᠡᠭᠦᠯᠦᠯᠳᠡ᠎ᠶ᠋ᠢᠨ ᠬᠢᠨᠠᠨ ᠪᠠᠢᠴᠠᠭᠠᠯᠲᠠ᠎ᠶ᠋ᠢ ᠪᠡᠶᠡᠯᠡᠭᠦᠯᠵᠦ᠍᠂ ᠪᠤᠭᠤᠲᠤ᠎ᠠᠴᠠ ᠢᠷᠭᠠᠢ ᠬᠦᠷᠭᠦ᠌ ᠲᠦᠷᠭᠡᠨ᠎ᠤ ᠳᠡᠮᠤᠷ ᠵᠠᠮ᠎ᠤᠨ ᠰᠤᠳᠤᠯᠵᠤ ᠪᠤᠯᠬᠤ ᠮᠡᠳᠡᠭᠦᠯᠦᠯᠳᠡ᠎ᠶ᠋ᠢᠨ ᠬᠢᠨᠠᠨ ᠪᠠᠢᠴᠠᠭᠠᠯᠲᠠ᠎ᠶ᠋ᠢᠨ ᠴᠣᠬᠤᠯᠠᠪᠤᠷᠢ᠎ᠶ᠋ᠢ ᠤᠯᠪᠠ᠃


 4011181_lity_1623402406629_m.jpg

 

● ᠪᠦᠬᠦ᠌ ᠵᠢᠯ᠎ᠤᠨ ᠲᠤᠷᠰᠢ ᠲᠦᠷᠭᠡᠨ᠎ᠤ ᠲᠠᠮᠤᠷ ᠵᠠᠮ ᠪᠠ ᠬᠦᠳᠡᠯᠭᠡᠬᠦ᠌ ᠬᠦᠴᠦᠨ᠎ᠤ ᠴᠤᠪᠤᠭ᠎ᠠ ᠭᠠᠯᠳᠤ ᠲᠠᠷᠭᠡ᠎ᠪᠠᠷ 814 ᠲᠦᠮᠠᠨ ᠠᠶᠠᠨᠴᠢᠨ ᠵᠦᠬᠡᠬᠡᠪᠤᠷᠢᠯᠡᠵᠤ᠂ ᠠᠶᠠᠨᠴᠢᠨ ᠵᠦᠭᠡᠭᠡᠪᠤᠷᠢᠯᠡᠭ᠌ᠰᠡᠨ ᠪᠦᠬᠦ᠌ ᠬᠡᠮᠵᠢᠶᠠᠨ᠎ᠤ 35% ᠎ᠶ᠋ᠢ ᠡᠵᠡᠯᠡᠪᠡ

● 2020 ᠤᠨ᠎ᠳᠤ ᠡᠷᠢᠶᠠᠨ ᠬᠤᠳᠠ ᠪᠤᠭᠤᠮᠳᠠ᠎ᠶ᠋ᠢᠨ ᠲᠤᠮᠳᠠᠳᠤ ᠡᠸᠦ᠋ᠷᠦᠫᠠ ᠲᠤᠮᠳᠠᠳᠤ ᠠᠽᠢᠶ᠎ᠠ᠎ᠶ᠋ᠢᠨ ᠵᠢᠱᠢᠶᠠᠨ᠎ᠤ ᠭᠠᠯᠳᠤ ᠲᠡᠷᠭᠡ ᠠᠩᠬ᠎ᠠ ᠤᠳᠠᠭ᠎ᠠ 2000 ᠴᠤᠪᠤᠭ᠎ᠠ᠎ᠶ᠋ᠢᠨ ᠶᠡᠭᠡ ᠪᠤᠭᠤᠮᠳᠠ᠎ᠶ᠋ᠢ ᠲᠠᠪᠠᠪᠠ

● ᠭᠠᠳᠠᠭᠠᠳᠤ᠎ᠠᠴᠠ ᠤᠷᠤᠭᠤᠯᠵᠤ ᠭᠠᠳᠠᠭᠠᠳᠤ᠎ᠳᠤ ᠭᠠᠷᠭᠠᠬᠤ ᠲᠡᠭᠡᠭᠡᠪᠤᠷᠢ᠎ᠶ᠋ᠢᠨ ᠬᠡᠮᠵᠢᠶ᠎ᠠ ᠲᠦᠷᠪᠠᠨ ᠵᠢᠯ ᠲᠠᠷᠠᠭᠠᠯᠠᠨ 10% ᠭᠠᠷᠤᠢ᠎ᠶ᠋ᠢᠨ ᠨᠡᠮᠡᠭ᠌ᠳᠡᠯ᠎ᠢ ᠪᠠᠳᠤᠯᠠᠪᠠ

 

 ᠠᠷᠠᠳ᠎ᠤᠨ ᠠᠭᠠᠷ᠎ᠤᠨ ᠲᠡᠭᠡᠭᠡᠪᠦᠷᠢ ᠎ᠶ᠋ᠢᠨ ᠬᠢᠯᠠᠰ ᠴᠡᠭ

 ● 《ᠭᠤᠤᠯ ᠱᠤᠭᠤᠮ ᠰᠠᠯᠪᠤᠷᠢ ᠱᠤᠭᠤᠮ᠎ᠢ ᠬᠤᠯᠪᠣᠯᠳᠤᠭᠤᠯᠬᠤ》 ᠪᠠᠢᠯᠳᠤᠬᠤ ᠪᠤᠳᠤᠯᠭ᠎ᠠ ᠪᠠ 《ᠪᠦᠬᠦ᠌ ᠱᠤᠭᠤᠮ᠎ᠢᠶᠠᠷ ᠨᠡᠪᠲᠡᠷᠡᠭᠦᠯᠬᠦ᠌》 ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ᠎ᠤᠨ ᠠᠷᠠᠳ᠎ᠤᠨ ᠠᠭᠠᠷ᠎ᠤᠨ ᠠᠶᠠᠯᠠᠯ᠎ᠤᠨ ᠨᠢᠰᠭᠡᠯ᠎ᠤᠨ ᠪᠠᠭᠤᠳᠠᠯ᠎ᠤᠨ ᠪᠦᠯᠦᠭ᠌ᠯᠡᠯ ᠺᠣᠮᠫᠠᠨᠢ᠎ᠶ᠋ᠢ 《ᠭᠤᠤᠯ ᠱᠤᠭᠤᠮ ᠰᠠᠯᠪᠤᠷᠢ ᠱᠤᠭᠤᠮ᠎ᠢ ᠬᠤᠯᠪᠣᠯᠳᠤᠭᠤᠯᠬᠤ》 ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠥᠬᠡᠬᠤᠲᠠ᠎ᠶ᠋ᠢᠨ ᠨᠢᠰᠭᠡᠯ᠎ᠤᠨ ᠪᠠᠭᠤᠳᠠᠯ᠎ᠢ ᠮᠢᠩᠭᠠᠨ ᠲᠦᠮᠨ᠎ᠶ᠋ᠢᠨ ᠳᠡᠰ᠎ᠤᠨ ᠨᠢᠰᠭᠡᠯ᠎ᠤᠨ ᠪᠠᠭᠤᠳᠠᠯ᠎ᠤᠨ ᠡᠩᠨᠡᠭᠡᠨ᠎ᠳᠤ ᠣᠷᠣᠭᠤᠯᠵᠤ᠂ 《ᠮᠤᠵᠢ᠎ᠶ᠋ᠢᠨ ᠲᠥᠪ᠎ᠲᠤ ᠨᠡᠪᠲᠡᠷᠡᠭᠦᠯᠬᠦ᠌》 ᠎ᠶ᠋ᠢ ᠪᠦᠬᠦᠨ᠎ᠢ ᠪᠡᠶᠡᠯᠡᠭᠦᠯᠵᠦ᠍᠂ 《ᠬᠥᠬᠡᠬᠤᠲᠠ᠎ᠪᠠᠷ ᠳᠠᠮᠵᠢᠨ ᠨᠢᠰᠭᠦ》 ᠲᠦᠷᠦᠯ ᠲᠡᠮᠳᠡᠭ᠎ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠪᠠ᠃

● ᠰᠠᠯᠪᠤᠷᠢ ᠱᠤᠭᠤᠮ᠎ᠤᠨ ᠨᠢᠰᠭᠡᠯ᠎ᠤᠨ ᠪᠠᠭᠤᠳᠠᠯ ᠲᠦᠷᠭᠡᠨ ᠬᠥᠭ᠌ᠵᠢᠯᠲᠡ᠎ᠲᠠᠢ ᠪᠤᠯᠵᠤ᠂ ᠪᠤᠭᠤᠲᠤ᠌᠂ ᠬᠥᠯᠥᠨ ᠪᠤᠢᠷ᠎ᠤᠨ ᠨᠢᠰᠭᠡᠯ᠎ᠤᠨ ᠪᠠᠭᠤᠳᠠᠯ᠎ᠤᠨ ᠠᠶᠠᠨᠴᠢᠳ᠎ᠢ ᠣᠷᠣᠭᠤᠯᠵᠤ ᠭᠠᠷᠭᠠᠬᠤ ᠬᠡᠮᠵᠢᠶ᠎ᠡ 200 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠤᠯᠠᠭᠠᠨᠬᠠᠳᠠ᠂ ᠲᠦᠩᠯᠢᠶᠣᠤ᠎ᠶ᠋ᠢᠨ ᠨᠢᠰᠭᠡᠯ᠎ᠤᠨ ᠪᠠᠭᠤᠳᠠᠯ᠎ᠤᠨ ᠠᠶᠠᠨᠴᠢᠳ᠎ᠢ ᠣᠷᠣᠭᠤᠯᠵᠤ ᠭᠠᠷᠭᠠᠬᠤ ᠬᠡᠮᠵᠢᠶ᠎ᠡ 100 ᠲᠦᠮᠡᠨ ᠬᠥᠮᠦᠨ ᠤᠳᠠᠭ᠎ᠠ᠎ᠶ᠋ᠢ ᠳᠠᠪᠠᠵᠠᠢ᠃ 《ᠪᠥᠬᠦ᠌ ᠱᠤᠭᠤᠮ᠎ᠢᠶᠠᠷ ᠨᠡᠪᠲᠡᠷᠡᠭᠦᠯᠬᠦ᠌》 ᠬᠥᠭ᠌ᠵᠢᠯᠲᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠠᠭᠠᠷ᠎ᠤᠨ ᠠᠶᠠᠯᠠᠯ᠎ᠤᠨ ᠲᠡᠭᠡᠭᠡᠪᠦᠷᠢ᠎ᠶ᠋ᠢᠨ 《ᠡᠴᠦᠰ᠎ᠤᠨ ᠨᠢᠭᠡ ᠺᠢᠯᠣᠮᠧᠲᠷ》 ᠎ᠢ ᠨᠡᠪᠲᠡᠷᠡᠭᠦᠯᠵᠦ᠍᠂ ᠤᠷᠠᠳ᠎ᠤᠨ ᠳᠤᠮᠳᠠᠳᠤ ᠬᠤᠱᠢᠭᠤᠨ᠎ᠤ ᠨᠡᠢᠳᠡᠮ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠨᠢ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠵᠢᠯ᠎ᠤᠨ ᠠᠶᠠᠨᠴᠢᠳ᠎ᠤᠨ ᠣᠷᠣᠭᠤᠯᠵᠤ ᠭᠠᠷᠭᠠᠬᠤ ᠬᠡᠮᠵᠢᠶ᠎ᠡ ᠲᠦᠮᠡᠨ ᠬᠥᠮᠦᠨ ᠤᠳᠠᠭ᠎ᠠ᠎ᠶ᠋ᠢ ᠳᠠᠪᠠᠭ᠍ᠰᠠᠨ ᠪᠠᠢᠨ᠎ᠠ᠃


4011175_lity_1623402331009_m.jpg

 

ᠬᠦᠬᠡᠬᠤᠳᠠ᠎ᠶ᠋ᠢᠨ ᠨᠢᠰᠭᠡᠯ᠎ᠤᠨ ᠪᠠᠭᠤᠳᠠᠯ ᠮᠢᠩᠭᠠᠨ ᠲᠦᠮᠠ᠎ᠶ᠋ᠢᠨ ᠲᠠᠰ᠎ᠤᠨ ᠡᠩᠨᠡᠭᠡᠨ᠎ᠳᠤ ᠤᠷᠤᠵᠤ ᠮᠤᠵᠢ᠎ᠶ᠋ᠢᠨ ᠲᠦᠪ᠎ᠲᠠᠢ ᠪᠦᠷ ᠠᠶᠠᠯᠠᠯ ᠨᠡᠪᠳᠡᠷᠡᠪᠡ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号