ᠲᠦᠷᠦᠭᠦᠬᠡᠨ᠂ ᠮᠠᠨ᠎ᠤ ᠣᠷᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠬᠥᠲᠥᠯᠪᠦᠷᠢ〉 ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠲᠥᠰᠦᠯ》 ᠢ ᠨᠡᠢᠲᠡᠯᠡᠵᠦ᠍᠂ ᠠᠷᠪᠠᠨ ᠶᠡᠭᠡ ᠡᠭᠦᠷᠭᠡ᠎ᠶ᠋ᠢᠨ ᠱᠢᠰᠲ᠋ᠧᠮ᠎ᠢ ᠲᠣᠭ᠍ᠲᠠᠭᠠᠨ᠂ ᠬᠤᠢᠱᠢᠳᠠ᠎ᠶ᠋ᠢᠨ 30 ᠵᠢᠯ᠎ᠤᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠬᠥᠭ᠌ᠵᠢᠯᠲᠡ᠎ᠶ᠋ᠢᠨ ᠠᠵᠢᠯ᠎ᠢ ᠪᠠᠢᠷᠢᠯᠠᠭᠤᠯᠪᠠ᠃
2025 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠦᠨ᠎ᠡ᠃ ᠲᠤᠬᠠᠶ᠎ᠶ᠋ᠢᠨ ᠦᠶ᠎ᠡ᠎ᠳᠤ᠂ ᠪᠥᠬᠦ᠌ ᠣᠷᠣᠨ᠎ᠤ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠨᠡᠪᠲᠡᠷᠡᠬᠦ᠌ ᠵᠠᠮ᠎ᠢ ᠦᠨᠳᠦᠰᠦᠨ᠎ᠳᠡᠭᠡᠨ ᠪᠦᠷᠢᠯᠳᠦᠭᠦᠯᠵᠤ᠂ ᠣᠷᠣᠨ᠎ᠤ ᠲᠥᠪ ᠬᠤᠳᠠ᠎ᠠᠴᠠ ᠠᠢᠮᠠᠭ ᠬᠤᠲᠠ ᠬᠥᠷᠬᠦ᠂ ᠬᠥᠷᠰᠢ ᠵᠡᠷᠭᠡᠯᠡᠳᠡᠭᠡ ᠠᠢᠮᠠᠭ ᠬᠤᠲᠠ᠎ᠶ᠋ᠢᠨ ᠬᠤᠭᠤᠷᠣᠨᠳᠣ ᠲᠦᠷᠭᠡᠨ᠎ᠤ ᠵᠠᠰᠠᠮᠠᠯ ᠵᠠᠮ᠎ᠢ ᠬᠠᠷᠢᠯᠴᠠᠨ ᠨᠡᠪᠲᠡᠷᠡᠭᠦᠯᠬᠦ᠂ ᠭᠤᠤᠯᠳᠠᠯᠭ᠎ᠠ᠎ᠲᠠᠢ ᠪᠣᠭᠤᠮᠲᠠ᠎ᠶ᠋ᠢᠨ ᠲᠦᠷᠭᠡᠨ᠎ᠤ ᠵᠠᠰᠠᠮᠠᠯ ᠵᠠᠮ᠎ᠢ ᠬᠤᠯᠪᠣᠯᠳᠤᠭᠤᠯᠤᠨ ᠨᠡᠪᠲᠡᠷᠡᠭᠦᠯᠬᠦ᠂ ᠭᠤᠤᠯ ᠪᠣᠯᠬᠤ ᠲᠦᠷᠭᠡᠨ᠎ᠤ ᠲᠡᠮᠦᠷ ᠵᠠᠮ᠎ᠤᠨ ᠨᠡᠪᠲᠡᠷᠡᠬᠦ᠌ ᠵᠠᠮ᠎ᠢ ᠦᠨᠳᠦᠰᠦᠨ᠎ᠳᠡᠭᠡᠨ ᠨᠡᠪᠳᠡᠷᠡᠭᠦᠯᠵᠤ᠂ ᠠᠭᠠᠷ᠎ᠤᠨ ᠠᠶᠠᠯᠠᠯ᠎ᠤᠨ ᠲᠣᠤᠷ᠎ᠢ ᠪᠦᠷᠢᠯᠳᠦᠭᠦᠯᠵᠤ᠂ ᠪᠠᠢᠭᠤᠯᠤᠮᠵᠢ᠎ᠳᠤ ᠭᠠᠴᠠᠭ᠎ᠠ ᠲᠣᠰᠭᠤᠨ᠎ᠳᠤ 《ᠭᠠᠴᠠᠭ᠎ᠠ ᠲᠣᠰᠭᠤᠨ ᠪᠣᠯᠭᠠᠨ᠎ᠳᠤ ᠲᠦᠷᠭᠡᠨ ᠬᠦᠷᠭᠡᠯᠲᠡ ᠨᠡᠪᠲᠡᠷᠡᠭᠦᠯᠬᠦ᠌》 ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ; 2035 ᠣᠨ ᠪᠣᠯᠬᠤ᠎ᠳᠤ᠂ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠵᠠᠮ ᠬᠠᠷᠢᠯᠴᠠᠭᠠᠨ᠎ᠤ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ; ᠲᠤᠰ ᠵᠠᠭᠤᠨ᠎ᠤ ᠳᠤᠮᠳᠠᠴᠢ ᠪᠣᠯᠬᠤ᠎ᠳᠤ᠂ ᠠᠮᠤᠷ ᠲᠦᠪᠱᠢᠨ᠂ ᠳᠥᠭᠦᠮ ᠳᠥᠲᠡ᠂ ᠥᠨᠳᠥᠷ ᠪᠦᠳᠦᠮᠵᠢᠳᠠᠢ᠂ ᠪᠣᠬᠢᠷᠲᠤᠯ ᠦᠭᠡᠢ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠱᠢᠰᠲ᠋ᠧᠮ᠎ᠢ ᠪᠦᠬᠦ᠌ ᠲᠠᠯ᠎ᠠ᠎ᠪᠠᠷ ᠪᠠᠢᠭᠤᠯᠤᠨ᠎ᠠ᠃
《ᠬᠡᠷᠡᠭ᠌ᠵᠢᠭᠦᠯᠬᠦ᠌ ᠲᠥᠰᠦᠯ》 ᠨᠢ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠰᠤᠭ᠎ᠠ ᠴᠣᠭ᠍ᠴᠠᠲᠤ ᠬᠠᠷᠢᠯᠴᠠᠨ ᠬᠤᠯᠪᠣᠯᠳᠤᠭ᠍ᠰᠠᠨ ᠪᠠᠲᠤᠯᠠᠭ᠎ᠠ᠎ᠲᠠᠢ ᠬᠦᠴᠦᠨ ᠪᠦᠬᠦᠢ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠂ ᠱᠢᠭᠤᠳ ᠨᠡᠪᠳᠡᠷᠡᠭᠦ᠌ ᠥᠨᠳᠥᠷ ᠪᠦᠲᠦᠮᠵᠢᠲᠡᠶ ᠪᠤᠯᠭᠠᠨ ᠬᠤᠪᠢᠷᠠᠭᠤᠯᠬᠤ ᠵᠠᠮ ᠬᠠᠷᠢᠯᠴᠠᠭᠠᠨ᠎ᠤ ᠵᠠᠩᠭᠢᠯᠠᠭ᠎ᠠ᠎ᠶ᠋ᠢᠨ ᠱᠢᠰᠲ᠋ᠧᠮ᠂ ᠴᠢᠨᠠᠷ ᠰᠠᠢᠲᠠᠶ ᠣᠯᠠᠨ ᠡᠱᠢᠲᠦ ᠳᠥᠭᠦᠮ ᠳᠥᠲᠡ ᠲᠠᠭᠠᠯᠠᠮᠵᠢᠲᠠᠶ ᠠᠶᠠᠨᠴᠢᠳ᠎ᠤᠨ ᠵᠦᠭᠡᠭᠡᠪᠦᠷᠢ᠎ᠶ᠋ᠢᠨ ᠦᠢᠯᠡᠴᠢᠯᠡᠭᠡᠨ᠎ᠤ ᠱᠢᠰᠲ᠋ᠧᠮ᠂ ᠤᠨᠴᠠᠯᠢᠭ᠍ᠳᠤ ᠲᠤᠰᠭᠠᠶ ᠮᠡᠷᠭᠡᠵᠢᠯ᠂ ᠬᠢᠮᠳᠠ ᠪᠥᠭᠡᠳ ᠥᠨᠳᠥᠷ ᠪᠦᠲᠦᠮᠵᠢᠲᠡᠶ ᠣᠳᠣ ᠦᠶ᠎ᠡ᠎ᠶ᠋ᠢᠨ ᠪᠠᠷᠠᠭᠠᠨ᠎ᠤ ᠭᠦᠢᠯᠭᠡᠭᠡ᠎ᠶ᠋ᠢᠨ ᠱᠢᠰᠲ᠋ᠧᠮ᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬ᠍ᠰᠠᠨ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠣᠷᠴᠢᠨ ᠲᠣᠭᠤᠷᠢᠨ᠎ᠢ ᠬᠠᠮᠠᠭᠠᠯᠠᠬᠤ ᠪᠣᠬᠢᠷᠲᠤᠯ ᠦᠭᠡᠶ ᠵᠠᠮ ᠬᠠᠷᠢᠯᠴᠠᠭᠠᠨ᠎ᠤ ᠱᠢᠰᠲ᠋ᠧᠮ᠂ ᠲᠡᠷᠢᠭᠦᠨ᠎ᠤ ᠤᠶᠤᠨᠲᠤ ᠵᠠᠮ ᠬᠠᠷᠢᠯᠴᠠᠭᠠᠨ᠎ᠤ ᠱᠢᠰᠲ᠋ᠧᠮ᠂ ᠨᠠᠢᠳᠠᠪᠤᠷᠢᠲᠠᠶ ᠪᠦᠭᠡᠳ ᠠᠮᠤᠷ ᠲᠦᠪᠱᠢᠨ ᠳᠥᠭᠦᠮ ᠳᠥᠲᠡ ᠠᠮᠤᠷ ᠠᠮᠤᠭᠤᠯᠠᠩ ᠵᠠᠮ ᠬᠠᠷᠢᠯᠴᠠᠭᠠᠨ᠎ᠤ ᠱᠢᠰᠲ᠋ᠧᠮ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠷᠢᠯᠴᠠᠨ ᠠᠱᠢᠭ ᠣᠯᠭᠤᠵᠤ ᠬᠠᠮᠲᠤ᠎ᠪᠠᠷ ᠠᠱᠢᠭ ᠬᠦᠷᠳᠡᠬᠦ᠌ ᠨᠡᠭᠡᠭᠡᠯᠲᠡᠲᠦ ᠬᠠᠮᠲᠤᠷᠠᠯᠴᠠᠭᠠᠨ᠎ᠤ ᠱᠢᠰᠲ᠋ᠧᠮ᠂ ᠬᠠᠮᠵᠢᠯᠴᠠᠭ᠍ᠰᠠᠨ ᠥᠨᠳᠥᠷ ᠪᠦᠲᠦᠮᠵᠢᠲᠡᠶ᠂ ᠱᠢᠨᠵᠢᠯᠡᠬᠦ᠌ ᠤᠬᠠᠭᠠᠨᠴᠢ ᠵᠢᠷᠤᠮᠵᠢᠭ᠍ᠰᠠᠨ ᠵᠠᠮ ᠬᠠᠷᠢᠯᠴᠠᠭᠠᠨ᠎ᠤ ᠵᠠᠰᠠᠯᠲᠠ᠎ᠶ᠋ᠢᠨ ᠱᠢᠰᠲ᠋ᠧᠮ ᠵᠢᠴᠢ ᠱᠢᠯᠢᠳᠡᠭ ᠰᠠᠢᠨ ᠲᠤᠰᠭᠠᠶ ᠮᠡᠷᠭᠡᠵᠢᠯ᠎ᠲᠠᠢ᠂ ᠱᠢᠨ᠎ᠡ᠎ᠶ᠋ᠢ ᠡᠭᠦᠳᠦᠨ ᠬᠤᠪᠢ ᠨᠡᠮᠡᠷᠢ ᠦᠵᠡᠭᠦᠯᠦᠭ᠌ᠰᠡᠨ ᠵᠠᠮ ᠬᠠᠷᠢᠯᠴᠠᠭᠠᠨ᠎ᠤ ᠴᠢᠳᠠᠪᠤᠷᠢᠲᠠᠨ᠎ᠤ ᠡᠩᠨᠡᠭᠡ᠎ᠶ᠋ᠢ ᠪᠤᠢ ᠪᠤᠯᠭᠠᠬᠤ ᠠᠷᠪᠠᠨ ᠶᠡᠭᠡ ᠡᠭᠦᠷᠭᠡ᠎ᠶ᠋ᠢᠨ ᠱᠢᠰᠲ᠋ᠧᠮ᠎ᠢ ᠪᠠᠢᠭᠤᠯᠬᠤ ᠳᠤᠬᠠᠢ ᠳᠤᠷᠠᠳᠤᠭ᠍ᠰᠠᠨ ᠪᠠᠢᠨ᠎ᠠ᠃
ᠡᠭᠦᠨ᠎ᠤ ᠬᠠᠮᠲᠤ᠌᠂ ᠥᠪᠥᠷ ᠮᠣᠩᠭᠤᠯ 《ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ》 ᠶ᠋ᠢᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠨᠡᠪᠲᠡᠷᠡᠬᠦ᠌ ᠵᠠᠮ᠎ᠢ ᠲᠦᠷᠭᠡᠳᠭᠡᠨ ᠪᠠᠢᠭᠤᠯᠵᠤ᠂ ᠵᠡᠭᠦᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠠᠮ ᠬᠠᠷᠢᠯᠴᠠᠭ᠎ᠠ᠎ᠶ᠋ᠢ ᠵᠣᠬᠢᠴᠠᠩᠭᠤᠶ᠎ᠪᠠᠷ ᠬᠥᠭ᠌ᠵᠢᠭᠦᠯᠬᠦ᠌ ᠱᠢᠨ᠎ᠡ ᠪᠠᠢᠷᠢᠱᠢᠯ᠎ᠢ ᠪᠣᠶ ᠪᠣᠯᠭᠠᠨ᠎ᠠ᠃ 2035 ᠣᠨ ᠪᠣᠯᠬᠤ᠎ᠳᠤ᠂ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠨᠡᠪᠳᠡᠷᠡᠬᠦ᠌ ᠵᠠᠮ ᠱᠤᠭᠤᠮ᠎ᠤᠨ ᠲᠣᠣᠷ᠎ᠤᠨ ᠶᠡᠷᠦᠩᠬᠡᠶ ᠬᠡᠮᠵᠢᠶ᠎ᠡ᠎ᠶ᠋ᠢ 5.2 ᠲᠦᠮᠡᠨ ᠺᠢᠯᠦᠮᠧᠲᠷ᠎ᠲᠤ ᠬᠦᠷᠭᠡᠵᠦ᠍᠂ ᠲᠦᠷᠭᠡᠨ᠎ᠤ ᠵᠠᠰᠠᠮᠠᠯ ᠵᠠᠮ᠎ᠤᠨ ᠶᠡᠷᠦᠩᠬᠡᠶ ᠤᠷᠳᠤ᠎ᠶ᠋ᠢ 1.2 ᠲᠦᠮᠡᠨ ᠺᠢᠯᠦᠮᠧᠲᠷ᠎ᠲᠤ ᠬᠦᠷᠭᠡᠵᠦ᠍᠂ ᠤᠯᠤᠰ ᠬᠢᠭᠡᠳ ᠮᠤᠵᠢ᠎ᠶ᠋ᠢᠨ ᠭᠤᠣᠯ ᠱᠤᠭᠤᠮ᠎ᠤᠨ ᠵᠠᠰᠠᠮᠠᠯ ᠵᠠᠮ᠎ᠤᠨ ᠶᠡᠷᠦᠩᠬᠡᠶ ᠤᠷᠳᠤ᠎ᠶ᠋ᠢ 3.5 ᠲᠦᠮᠡᠨ ᠺᠢᠯᠦᠮᠧᠲᠷ᠎ᠲᠤ ᠬᠦᠷᠭᠡᠨ᠂ ᠬᠦᠳᠡᠭᠡ ᠳᠤᠰᠭᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠶᠡᠷᠦᠩᠬᠡᠶ ᠤᠷᠳᠤ᠎ᠶ᠋ᠢ 20 ᠲᠦᠮᠡᠨ ᠺᠢᠯᠦᠮᠧᠲᠷ᠎ᠲᠤ ᠬᠦᠷᠭᠡᠨ᠎ᠡ᠃
ᠮᠠᠨ᠎ᠤ ᠣᠷᠣᠨ ᠭᠤᠤᠯ ᠨᠢᠷᠤᠭᠤᠪᠴᠢ ᠵᠠᠮ ᠲᠣᠤᠷ᠎ᠤᠨ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠭᠤᠤᠯ ᠨᠡᠪᠲᠡᠷᠡᠬᠦ᠌ ᠵᠠᠮ᠎ᠢ ᠲᠦᠷᠭᠡᠨ ᠨᠡᠪᠲᠡᠷᠡᠭᠦᠯᠵᠦ᠍᠂ ᠵᠢᠭᠤᠯᠴᠢᠯᠠᠯ᠎ᠤᠨ ᠨᠡᠪᠲᠡᠷᠡᠬᠦ᠌ ᠵᠠᠮ᠂ ᠣᠷᠣᠨ᠎ᠠᠴᠠ ᠭᠠᠷᠬᠤ ᠵᠠᠮ᠂ ᠡᠨᠧᠷᠭᠢ᠎ᠶ᠋ᠢᠨ ᠲᠡᠭᠡᠭᠡᠪᠦᠷᠢ᠎ᠶ᠋ᠢᠨ ᠨᠡᠪᠲᠡᠷᠡᠬᠦ᠌ ᠵᠠᠮ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠵᠡᠷᠭᠡ ᠬᠤᠲᠠ᠎ᠶ᠋ᠢᠨ ᠰᠦᠷᠦᠭ᠌ᠵᠢᠯ᠎ᠤᠨ ᠲᠦᠷᠭᠡᠨ ᠨᠡᠪᠲᠡᠷᠡᠬᠦ᠌ ᠵᠠᠮ ᠪᠠ ᠤᠯᠠᠭᠠᠨᠬᠠᠳᠠ᠂ ᠲᠦᠩᠯᠢᠶᠣᠤ᠎ᠶ᠋ᠢᠨ ᠣᠷᠣᠨ ᠪᠦᠰᠡ᠎ᠶ᠋ᠢᠨ ᠭᠤᠤᠯ ᠬᠤᠲᠠ᠎ᠶ᠋ᠢᠨ ᠲᠦᠷᠭᠡᠨ ᠨᠡᠪᠲᠡᠷᠡᠬᠦ᠌ ᠵᠠᠮ᠎ᠢ ᠲᠡᠭᠦᠯᠳᠡᠷᠵᠢᠭᠦᠯᠦᠨ᠎ᠡ᠃
ᠮᠠᠨ᠎ᠤ ᠣᠷᠣᠨ ᠲᠦᠷᠭᠡᠨ᠎ᠤ ᠲᠡᠮᠦᠷ ᠵᠠᠮ᠎ᠤᠨ ᠪᠠᠢᠷᠢᠱᠢᠭᠤᠯᠤᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠯᠤᠰ᠎ᠤᠨ ᠭᠤᠤᠯ ᠨᠡᠪᠲᠡᠷᠡᠬᠦ᠌ ᠵᠠᠮ᠎ᠢᠶᠠᠷ ᠨᠢᠷᠤᠭᠤᠪᠴᠢ ᠪᠣᠯᠭᠠᠭ᠍ᠰᠠᠨ᠂ ᠣᠷᠣᠨ ᠪᠦᠰᠡ᠎ᠶ᠋ᠢᠨ ᠬᠤᠯᠪᠣᠯᠲᠠ᠎ᠶ᠋ᠢᠨ ᠱᠤᠭᠤᠮ᠎ᠢ ᠬᠠᠷᠢᠯᠴᠠᠨ ᠵᠣᠯᠭᠠᠭᠤᠯᠤᠭ᠍ᠰᠠᠨ᠂ ᠬᠤᠲᠠ᠎ᠶ᠋ᠢᠨ ᠬᠤᠭᠤᠷᠣᠨᠳᠣᠬᠢ ᠲᠡᠮᠦᠷ ᠵᠠᠮ᠎ᠢᠶᠠᠷ ᠨᠥᠬᠦᠪᠥᠷᠢ ᠪᠣᠯᠭᠠᠭ᠍ᠰᠠᠨ ᠲᠦᠷᠭᠡᠨ᠎ᠤ ᠲᠡᠮᠦᠷ ᠵᠠᠮ᠎ᠤᠨ ᠲᠣᠤᠷ᠎ᠢ ᠪᠦᠷᠢᠯᠳᠦᠭᠦᠯᠦᠨ᠎ᠡ; ᠭᠤᠣᠯ ᠱᠤᠭᠤᠮ᠎ᠤᠨ ᠲᠡᠮᠦᠷ ᠵᠠᠮ᠎ᠤᠨ ᠬᠤᠯᠪᠣᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠪᠣᠭᠤᠮᠲᠠ᠎ᠶ᠋ᠢᠨ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠨ ᠤᠯᠤᠰ᠎ᠤᠨ ᠲᠡᠭᠡᠭᠡᠪᠦᠷᠢ᠎ᠶ᠋ᠢᠨ ᠶᠡᠭᠡ ᠵᠠᠮ᠎ᠢ ᠪᠠᠢᠭᠤᠯᠤᠨ᠎ᠠ; ᠲᠥᠪᠯᠡᠷᠡᠭᠦᠯᠬᠦ᠌ ᠲᠠᠷᠬᠠᠭᠠᠬᠤ ᠲᠡᠭᠡᠭᠡᠪᠦᠷᠢᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠨᠢᠭᠡᠨᠲᠡ ᠪᠠᠢᠭ᠎ᠠ ᠨᠡᠭᠦᠷᠡᠰᠦ ᠲᠡᠭᠡᠭᠡᠪᠦᠷᠢᠯᠡᠬᠦ᠌ ᠨᠡᠪᠳᠡᠷᠡᠬᠦ᠌ ᠵᠠᠮ᠎ᠤᠨ ᠶᠡᠷᠦᠩᠬᠡᠢᠯᠡᠭ᠌ᠰᠡᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃
ᠬᠥᠬᠡᠬᠤᠲᠠ᠂ ᠪᠤᠭᠤᠲᠤ᠌᠂ ᠤᠷᠳᠤᠰ᠂ ᠬᠥᠯᠥᠨ ᠪᠤᠢᠷ᠂ ᠮᠠᠨᠵᠤᠤᠷ ᠵᠡᠷᠭᠡ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ 5 ᠪᠣᠭᠤᠮᠲᠠ᠎ᠳᠤ ᠲᠦᠱᠢᠭ᠌ᠯᠡᠨ᠂ ᠥᠪᠥᠷ ᠮᠣᠩᠭᠤᠯ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠱᠤᠭᠤᠮ᠎ᠢ ᠢᠳᠡᠪᠬᠢᠲᠡᠢ ᠨᠡᠭᠡᠭᠡᠵᠦ᠍᠂ 2035 ᠣᠨ ᠪᠣᠯᠬᠤ᠎ᠳᠤ ᠳᠡᠯᠡᠬᠡᠢ᠎ᠶ᠋ᠢᠨ ᠬᠥᠭ᠌ᠵᠢᠭ᠌ᠰᠡᠨ ᠠᠵᠤ ᠠᠬᠤᠢ᠎ᠶ᠋ᠢᠨ ᠴᠣᠭ᠍ᠴᠠ᠂ ᠤᠯᠠᠨ ᠤᠯᠤᠰ᠎ᠤᠨ ᠵᠢᠭᠤᠯᠴᠢᠯᠠᠯ᠎ᠤᠨ ᠬᠠᠯᠠᠮᠱᠢᠯ ᠬᠤᠳᠠ᠎ᠶ᠋ᠢ ᠨᠥᠯᠥᠭᠡᠯᠡᠭ᠌ᠰᠡᠨ ᠠᠭᠠᠷ᠎ᠤᠨ ᠠᠶᠠᠯᠠᠯ᠎ᠤᠨ ᠲᠣᠣᠷ᠎ᠢ ᠪᠦᠷᠢᠯᠳᠦᠭᠦᠯᠦᠨ᠎ᠡ; ᠬᠥᠬᠡᠬᠤᠲᠠ᠎ᠶ᠋ᠢᠨ ᠣᠷᠣᠨ ᠪᠦᠰᠡ᠎ᠶ᠋ᠢᠨ ᠴᠢᠨᠠᠷᠲᠠᠶ ᠠᠭᠠᠷ᠎ᠤᠨ ᠠᠶᠠᠯᠠᠯ᠎ᠤᠨ ᠬᠦᠢᠰᠦ ᠪᠠᠷᠢᠯᠭ᠎ᠠ᠎ᠶ᠋ᠢ ᠪᠣᠶ ᠪᠣᠯᠭᠠᠵᠤ᠂ ᠲᠡᠭᠡᠭᠡᠪᠦᠷᠢ᠎ᠶ᠋ᠢᠨ ᠨᠢᠰᠭᠡᠯ᠎ᠤᠨ ᠪᠠᠭᠤᠳᠠᠯ᠎ᠤᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠂ ᠦᠢᠯᠡᠴᠢᠯᠡᠭᠡᠨ᠎ᠤ ᠴᠢᠳᠠᠪᠬᠢ᠎ᠶ᠋ᠢ ᠳᠡᠭᠡᠭ᠌ᠰᠢᠯᠡᠭᠦᠯᠦᠨ᠎ᠡ᠃
ᠦᠢᠯᠡᠴᠢᠯᠡᠭᠡᠨ᠎ᠤ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ ᠪᠣᠯᠤᠨ ᠠᠵᠤ ᠦᠢᠯᠡᠰ᠎ᠤᠨ ᠪᠠᠢᠷᠢᠱᠢᠯ ᠪᠣᠯ ᠬᠤᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠤ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠬᠦᠴᠦᠯᠡᠴᠡ᠎ᠶ᠋ᠢᠨ ᠭᠤᠣᠯᠳᠠᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠪᠥᠬᠦ᠌ ᠤᠯᠤᠰ᠎ᠤᠨ ᠴᠢᠨᠠᠷᠲᠠᠶ ᠵᠠᠮ ᠬᠠᠷᠢᠯᠴᠠᠭᠠᠨ᠎ᠤ ᠬᠦᠢᠰᠦ ᠬᠤᠲᠠ ᠪᠤᠯᠤᠨ ᠣᠷᠣᠨ ᠪᠦᠰᠡ᠎ᠶ᠋ᠢᠨ ᠴᠢᠨᠠᠷᠲᠠᠶ ᠵᠠᠮ ᠬᠠᠷᠢᠯᠴᠠᠭᠠᠨ᠎ᠤ ᠬᠦᠢᠰᠦ ᠬᠤᠲᠠ᠎ᠶ᠋ᠢ ᠪᠥᠲᠥᠭᠡᠨ ᠪᠠᠢᠭᠤᠯᠬᠤ᠎ᠶ᠋ᠢᠨ ᠬᠠᠮᠳᠤ ᠡᠬᠡ ᠬᠠᠭᠤᠷᠠᠶ ᠲᠡᠯᠡᠶ ᠠᠭᠠᠷ᠎ᠤᠨ ᠠᠶᠠᠯᠠᠯ᠎ᠤᠨ ᠲᠣᠤᠷ᠎ᠤᠨ ᠬᠤᠯᠪᠣᠭᠠᠯᠠᠨ ᠲᠡᠭᠡᠭᠡᠪᠦᠷᠢᠯᠡᠬᠦ᠌ ᠭᠤᠤᠯ ᠨᠡᠪᠲᠡᠷᠡᠬᠦ᠌ ᠵᠠᠮ᠎ᠢ ᠬᠦᠴᠦᠯᠡᠨ ᠨᠡᠪᠲᠡᠷᠡᠭᠦᠯᠦᠨ᠎ᠡ᠃
ᠠᠶᠠᠨᠴᠢᠳ᠎ᠤᠨ ᠲᠡᠭᠡᠭᠡᠪᠦᠷᠢ᠎ᠶ᠋ᠢᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠥᠪᠥᠷ ᠮᠣᠩᠭᠤᠯ ᠲᠦᠷᠭᠡᠨ᠎ᠤ ᠲᠡᠮᠦᠷ ᠵᠠᠮ᠂ ᠲᠦᠷᠭᠡᠨ᠎ᠤ ᠵᠠᠰᠠᠮᠠᠯ ᠵᠠᠮ᠂ ᠠᠭᠠᠷ᠎ᠤᠨ ᠠᠶᠠᠯᠠᠯ᠎ᠢᠶᠠᠷ ᠭᠤᠣᠯ ᠪᠣᠯᠭᠠᠭ᠍ᠰᠠᠨ ᠣᠷᠣᠨ᠎ᠤ ᠬᠤᠭᠤᠷᠣᠨᠳᠣᠬᠢ ᠠᠶᠠᠨᠴᠢᠳ᠎ᠤᠨ ᠲᠦᠷᠭᠡᠨ᠎ᠤ ᠲᠡᠭᠡᠭᠡᠪᠦᠷᠢ᠎ᠶ᠋ᠢᠨ ᠱᠢᠰᠲ᠋ᠧᠮ᠎ᠢ ᠲᠦᠷᠭᠡᠨ ᠪᠠᠢᠭᠤᠯᠬᠤ᠎ᠶ᠋ᠢᠨ ᠬᠠᠮᠳᠤ ᠲᠡᠮᠦᠷ ᠵᠠᠮ᠎ᠤᠨ ᠲᠡᠭᠡᠭᠡᠪᠦᠷᠢ ᠬᠢᠭᠡᠳ ᠵᠢᠭᠤᠯᠴᠢᠯᠠᠯ᠎ᠤᠨ ᠦᠢᠯᠡᠰ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃
ᠥᠪᠥᠷ ᠮᠣᠩᠭᠤᠯ ᠪᠠᠰᠠ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠨᠡᠭᠡᠭᠡᠯᠲᠡᠲᠦ ᠬᠡᠯᠪᠡᠷᠢ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠢ ᠪᠠᠢᠭᠤᠯᠤᠨ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠤᠨ ᠪᠥᠲᠥᠭᠡᠨ ᠪᠠᠢᠭᠤᠯᠤᠯᠲᠠ᠎ᠳᠤ ᠪᠥᠬᠦ᠌ ᠲᠠᠯ᠎ᠠ᠎ᠪᠠᠷ ᠣᠷᠣᠯᠴᠠᠵᠤ᠂ ᠪᠥᠬᠦ᠌ ᠪᠥᠮᠪᠥᠷᠴᠡᠭ᠎ᠲᠤ ᠬᠠᠨᠳᠤᠭᠤᠯᠤᠭ᠍ᠰᠠᠨ᠂ ᠡᠷᠬᠢᠨ ᠲᠣᠭᠤᠷᠢᠨ᠎ᠲᠠᠢ ᠬᠤᠯᠪᠣᠭᠠᠯᠠᠨ ᠬᠥᠳᠡᠯᠦᠯᠴᠡᠭ᠌ᠰᠡᠨ᠂ ᠳᠣᠲᠣᠭᠠᠳᠤ ᠬᠠᠭᠤᠷᠠᠶ᠎ᠶ᠋ᠢ ᠨᠥᠯᠥᠭᠡᠯᠡᠭ᠌ᠰᠡᠨ ᠵᠠᠮ ᠬᠠᠷᠢᠯᠴᠠᠭᠠᠨ᠎ᠤ ᠲᠣᠤᠷ᠎ᠢ ᠪᠠᠢᠭᠤᠯᠤᠨ᠎ᠠ; ᠣᠯᠠᠨ ᠤᠯᠤᠰ᠎ᠤᠨ ᠲᠡᠭᠡᠭᠡᠪᠦᠷᠢ᠎ᠶ᠋ᠢᠨ ᠬᠤᠶᠠᠷ ᠲᠠᠯ᠎ᠠ᠎ᠶ᠋ᠢᠨ ᠪᠠ ᠣᠯᠠᠨ ᠲᠠᠯ᠎ᠠ᠎ᠶ᠋ᠢᠨ ᠵᠥᠪᠳᠡᠯᠴᠡᠬᠦ᠌ ᠲᠣᠭ᠍ᠲᠠᠴᠠ᠎ᠳᠤ ᠲᠦᠱᠢᠭ᠌ᠯᠡᠨ᠂ ᠮᠠᠨᠵᠤᠤᠷ᠂ ᠡᠷᠢᠶᠡᠨ ᠬᠤᠲᠠ ᠵᠡᠷᠭᠡ ᠭᠤᠤᠯᠳᠠᠯᠭ᠎ᠠ᠎ᠲᠠᠢ ᠪᠣᠭᠤᠮᠲᠠ᠎ᠶ᠋ᠢᠨ ᠲᠡᠭᠡᠭᠡᠪᠦᠷᠢ᠎ᠶ᠋ᠢᠨ ᠮᠥᠩᠭᠦᠨ ᠭᠦᠢᠯᠭᠡᠭᠡᠨ᠂ ᠲᠡᠭᠡᠭᠡᠪᠦᠷᠢ᠎ᠶ᠋ᠢᠨ ᠳᠠᠭᠠᠳᠭᠠᠯ᠂ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠳᠡᠭᠡᠳᠦ ᠲᠠᠰ᠎ᠤᠨ ᠲᠡᠭᠡᠭᠡᠪᠦᠷᠢ᠎ᠶ᠋ᠢᠨ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠨ᠎ᠠ᠃