
6 ᠰᠠᠷ᠎ᠠ᠎ᠶ᠋ᠢᠨ 14 ᠤ ᠥᠷᠯᠥᠭᠡ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ 《ᠡᠭᠦᠷᠢᠳᠡ ᠨᠠᠮ᠎ᠢᠶᠠᠨ ᠳᠠᠭᠠᠨ᠎ᠠ》 ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ ᠦᠬᠠᠶ ᠬᠤᠲᠠ᠎ᠶ᠋ᠢᠨ ᠠᠷᠠᠳ᠎ᠤᠨ ᠴᠡᠴᠡᠷᠯᠢᠭ᠎ᠲᠤ ᠬᠦᠷᠪᠠ᠃
ᠢᠷᠠᠭᠤ ᠲᠠᠭᠤᠤ᠎ᠪᠠᠷ᠎ᠢᠶᠠᠨ ᠨᠠᠮ᠎ᠤᠨ ᠠᠴᠢ᠎ᠶ᠋ᠢ ᠮᠠᠬ᠍ᠳᠠᠨ ᠲᠠᠭᠤᠯᠠᠵᠤ᠂ ᠠᠮᠳᠠᠳᠤ ᠽᠦᠡᠭ᠌ᠽᠢᠪᠠᠷ ᠦᠨᠡᠨ ᠰᠡᠳᠭᠢᠯ᠎ᠢᠶᠠᠨ ᠢᠯᠡᠳᠭᠡᠨ᠎ᠡ᠃ ᠦᠬᠠᠢ ᠬᠤᠳᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠭᠡᠯᠳᠡᠰ᠂ ᠦᠬᠠᠢ ᠬᠤᠳᠠ᠎ᠶ᠋ᠢᠨ ᠤᠶᠤᠨ᠎ᠤ ᠪᠤᠯᠪᠠᠰᠤᠨ᠎ᠤ ᠠᠯᠪᠡᠨ ᠭᠡᠷ᠎ᠠᠴᠠ ᠭᠤᠤᠯᠯᠠᠨ ᠡᠷᠬᠢᠯᠡᠭ᠌ᠰᠡᠨ 《ᠡᠬᠦᠷᠢᠳᠠ ᠨᠠᠮ᠎ᠢᠶᠠᠨ ᠲᠠᠭᠠᠨ᠎ᠠ · ᠽᠦᠩᠽᠢ᠎ᠶ᠋ᠢᠨ ᠠᠩᠬᠢᠯᠤᠮ᠎ᠠ ᠦᠨᠦᠷ᠎ᠲᠤ ᠲᠠᠪᠤᠨ ᠰᠠᠷ᠎ᠡ᠎ᠶ᠋ᠢᠨ ᠱᠢᠨ᠎ᠡ᠎ᠶ᠋ᠢᠨ ᠲᠠᠪᠤ᠎ᠨᠢ ᠬᠠᠭᠤᠴᠢᠯᠠᠨ᠎ᠠ》 ᠭᠡᠬᠦ᠌ ᠦᠬᠠᠢ ᠬᠤᠳᠠ᠎ᠶ᠋ᠢᠨ 2021 ᠤᠨ᠎ᠤ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠤᠯᠠᠮᠵᠢᠯᠡᠨ ᠪᠠᠳᠠᠷᠠᠭᠤᠯᠬᠤ ᠭᠤᠤᠯ ᠰᠡᠳᠦᠪᠳᠤ ᠤᠬᠠᠭᠤᠯᠭ᠎ᠠ᠎ᠶ᠋ᠢᠨ ᠠᠵᠢᠯᠯᠠᠭ᠎ᠠ ᠠᠳᠡ ᠢᠳᠠ ᠬᠦᠭ᠎ᠲᠠᠢ ᠶᠠᠪᠤᠬ᠍ᠳᠠᠵᠤ ᠪᠠᠢᠯ᠎ᠠ᠃
ᠠᠵᠢᠯᠯᠠᠭ᠎ᠠ᠎ᠨᠢ ᠦᠬᠠᠢ ᠬᠤᠳᠠ᠎ᠶ᠋ᠢᠨ 《ᠥᠪᠥᠷ ᠮᠣᠩᠭᠤᠯ᠎ᠤᠨ ᠰᠠᠢᠨ ᠬᠥᠮᠦᠨ》 ᠤ ᠢᠷᠠᠭᠤ ᠠᠯᠳᠠᠷ᠎ᠢ ᠬᠦᠷᠳᠡᠭ᠌ᠴᠢ ᠯᠦᠸᠧ ᠢ᠂ ᠺᠠᠩ ᠸᠧᠢ᠂ ᠰᠤ᠌ ᠼᠦᠨ ᠯᠢ ᠵᠡᠷᠭᠡ ᠵᠢᠱ᠌ᠢᠶᠠᠴᠢ ᠬᠦᠮᠦᠰ᠎ᠲᠤ ᠦᠨᠡᠮᠯᠡᠯ᠎ᠤᠨ ᠪᠢᠴᠢᠭ ᠭᠠᠷᠳᠠᠭᠤᠯᠤᠬ᠍ᠰᠡᠨ ᠪᠦᠭᠡᠳ ᠶᠣᠰᠣ ᠰᠤᠷᠲᠠᠬᠤᠨ᠎ᠤ ᠵᠢᠱ᠌ᠢᠶᠡᠴᠢ᠂ ᠳᠡᠷᠭᠡᠳᠡᠬᠢ ᠰᠠᠢᠨ ᠬᠥᠮᠦᠨ᠂ ᠪᠣᠯᠪᠠᠰᠤᠨ ᠬᠡᠷ ᠪᠦᠯᠢ᠎ᠶ᠋ᠢᠨ ᠢᠷᠠᠭᠤ ᠠᠯᠳᠠᠷ᠎ᠢ ᠭᠥᠷᠳᠡᠭ᠌ᠰᠡᠳ᠎ᠤᠨ ᠲᠥᠯᠥᠭᠡᠯᠡᠭ᠌ᠴᠢ᠎ᠳᠤ ᠪᠠᠶᠠᠷ᠎ᠤᠨ ᠡᠳᠦᠷ᠎ᠤᠨ ᠪᠡᠯᠡᠭ ᠬᠦᠷᠭᠡᠪᠡ᠃ ᠡᠨᠡ ᠬᠦ᠌ ᠬᠤᠭᠤᠴᠠᠭᠠᠨ᠎ᠳᠤ᠂ 《ᠦᠪᠤᠷ ᠮᠤᠩᠭᠤᠯ᠎ᠤᠨ ᠰᠠᠢᠨ ᠬᠦᠮᠦᠨ》᠂ 《ᠪᠤᠯᠪᠠᠰᠤᠨ ᠭᠡᠷ ᠪᠦᠯᠢ》 ᠶ᠋ᠢᠨ ᠲᠦᠯᠦᠭᠡᠯᠡᠭ᠌ᠴᠢᠳ 《ᠤᠯᠤᠰ᠎ᠢᠶᠠᠨ ᠬᠠᠢᠷᠠᠯᠠᠬᠤ ᠰᠡᠳᠭᠢᠯᠭᠡ》 ᠪᠠᠨ ᠬᠤᠪᠢᠶᠠᠯᠴᠠᠬ᠍ᠰᠡᠨ ᠪᠠᠢᠨ᠎ᠡ᠃
《ᠦᠨᠳᠦᠰᠦᠨ ᠱᠠᠲᠤᠨ᠎ᠳᠤ ᠣᠴᠢᠵᠤ᠂ ᠤᠯᠠᠨ ᠲᠦᠮᠡᠨ᠎ᠤ ᠬᠠᠮᠤᠭ᠎ᠤᠨ ᠬᠡᠷᠡᠭ᠌ᠴᠡᠭᠡ᠎ᠲᠠᠢ ᠭᠠᠵᠠᠷ᠎ᠲᠤ ᠣᠴᠢᠨ᠎ᠡ᠃ 13 ᠵᠢᠯ᠎ᠤᠨ ᠡᠮᠦᠨ᠎ᠡ᠂ ᠣᠶᠤᠲᠠᠨ ᠭᠠᠴᠠᠭᠠᠨ ᠳᠠᠷᠤᠭ᠎ᠠ᠎ᠶ᠋ᠢᠨ ᠪᠣᠯᠪᠠᠰᠤᠷᠠᠯ᠎ᠳᠤ ᠣᠷᠣᠯᠴᠠᠭᠠᠳ ᠣᠯᠵᠤ ᠰᠣᠨᠣᠰᠤᠭ᠍ᠰᠠᠨ ᠡᠨᠡ ᠦᠭᠡ ᠮᠢᠨᠦ᠍ ᠰᠡᠳᠭᠢᠯ᠎ᠳᠤ ᠭᠦᠨ ᠬᠠᠳᠠᠩᠱᠢᠵᠠᠶ》᠃ ᠦᠬᠠᠢ ᠬᠤᠳᠠ᠎ᠶ᠋ᠢᠨ ᠬᠠᠢᠷᠤᠪ᠎ᠤᠨ ᠲᠤᠬᠤᠢ ᠲᠣᠭᠤᠷᠢᠭ᠎ᠤᠨ ᠯᠢᠨ ᠶᠢᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠳᠡᠳ᠋ ᠡᠷᠬᠢᠯᠡᠭ᠌ᠴᠢ᠂ 《ᠥᠪᠥᠷ ᠮᠣᠩᠭᠤᠯ᠎ᠤᠨ ᠰᠠᠢᠨ ᠬᠥᠮᠦᠨ》 ᠤ ᠢᠷᠠᠭᠤ ᠠᠯᠳᠠᠷ᠎ᠢ ᠬᠦᠷᠳᠡᠭ᠌ᠴᠢ ᠯᠦᠸᠧ ᠢ᠄ 《ᠨᠡᠢᠭᠡᠮ ᠲᠣᠭᠤᠷᠢᠭ᠎ᠤᠨ ᠠᠵᠢᠯ᠎ᠤᠨ ᠣᠯᠠᠩᠬᠢ᠎ᠨᠢ ᠡᠭᠡᠯ ᠶᠡᠷᠤᠮᠳᠡᠭ ᠪᠣᠯᠪᠠᠴᠤ᠌ ᠪᠢᠳᠡ ᠤᠯᠠᠨ ᠲᠦᠮᠡᠨ᠎ᠤ ᠪᠠᠭ᠎ᠠ ᠶᠠᠪᠤᠳᠠᠯ᠎ᠢ ᠰᠠᠢᠲᠤᠷ ᠬᠢᠵᠦ᠍᠂ ᠲᠡᠳᠡᠨ᠎ᠤ ᠬᠦᠷᠲᠡᠮᠵᠢ᠎ᠶ᠋ᠢᠨ ᠲᠦᠷᠦᠭ᠌ᠳᠡᠯ ᠪᠣᠯᠤᠨ ᠵᠢᠷᠭᠠᠯᠲᠤ ᠲᠦᠷᠦᠭ᠌ᠳᠡᠯ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠴᠢᠬᠤᠯᠠᠲᠠᠢ ᠶᠤᠮ᠃ ᠭᠡᠷ ᠪᠣᠯ ᠬᠠᠮᠤᠭ᠎ᠤᠨ ᠪᠠᠭ᠎ᠠ ᠤᠯᠤᠰ᠂ ᠤᠯᠤᠰ ᠪᠣᠯ ᠲᠦᠭ ᠲᠦᠮᠡᠨ ᠭᠡᠷ ᠪᠦᠯᠢ᠎ᠠᠴᠠ ᠪᠦᠷᠢᠯᠳᠤᠵᠠᠢ᠃ ᠭᠠᠭ᠍ᠴᠠ ᠬᠦ᠌ ᠪᠠᠭ᠎ᠠ ᠭᠡᠷ ᠪᠣᠯᠭᠠᠨ᠎ᠢ ᠠᠮᠤᠷ ᠲᠠᠢᠪᠤᠩ ᠵᠣᠯ ᠵᠢᠷᠭᠠᠯ᠎ᠲᠠᠢ ᠪᠣᠯᠭᠠᠪᠠᠯ᠂ ᠮᠠᠨ᠎ᠤ ᠤᠯᠤᠰ ᠰᠠᠶᠢ ᠨᠠᠩ ᠴᠡᠴᠡᠭ᠌ᠯᠡᠨ ᠬᠥᠭ᠌ᠵᠢᠵᠦ᠍ ᠴᠢᠳᠠᠨ᠎ᠠ》 ᠬᠡᠵᠦ᠍ ᠢᠳᠡᠭᠡᠯ ᠲᠡᠬᠦᠯᠳᠡᠷ ᠬᠡᠯᠡᠪᠡ᠃
《ᠮᠢᠨᠦ᠍ ᠡᠪᠦᠭᠡ ᠪᠣᠯ ᠨᠢᠭᠡᠨ ᠠᠬᠠᠮᠠᠳ ᠤᠯᠠᠭᠠᠨ ᠴᠡᠷᠢᠭ ᠮᠥᠨ᠂ ᠲᠡᠭᠦᠨ᠎ᠤ ᠨᠢᠭᠡ ᠰᠡᠳᠭᠢᠯ᠎ᠢᠶᠠᠷ ᠠᠷᠠᠳ ᠲᠦᠮᠡᠨ᠎ᠳᠤ ᠦᠢᠯᠡᠴᠢᠯᠡᠬᠦ᠌ ᠲᠡᠮᠡᠴᠡᠯ᠎ᠤᠨ ᠰᠡᠳᠭᠢᠯᠭᠡ᠎ᠨᠢ ᠨᠠᠮᠠᠶ᠋ᠢ ᠭᠦᠨ ᠨᠥᠯᠥᠭᠡᠯᠡᠪᠡ᠃ ᠪᠠᠭ᠎ᠠ᠎ᠠᠴᠠ᠎ᠪᠠᠨ ᠪᠢ ᠨᠢᠭᠡ ᠰᠡᠳᠭᠢᠯ᠎ᠢᠶᠠᠷ ᠡᠪᠦᠭᠡᠲᠠᠢᠪᠠᠨ ᠠᠳᠠᠯᠢᠬᠠᠨ ᠡᠪ ᠬᠠᠮᠲᠤ ᠨᠠᠮ᠎ᠤᠨ ᠭᠡᠱᠢᠭᠦᠨ ᠪᠣᠯᠬᠤ ᠬᠦᠰᠡᠯ᠎ᠲᠠᠢ ᠪᠠᠢᠬ᠍ᠰᠠᠨ ᠶᠤᠮ!》 ᠦᠬᠠᠢ ᠬᠤᠳᠠ᠎ᠶ᠋ᠢᠨ ᠬᠠᠢᠷᠤᠪ᠎ᠤᠨ ᠲᠤᠬᠤᠢ ᠲᠣᠭᠤᠷᠢᠭ᠎ᠤᠨ ᠬᠠᠢᠪᠸᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠯᠠᠨ ᠲᠦᠮᠡᠨ᠎ᠤ ᠪᠦᠯᠬᠦᠮ᠎ᠤᠨ ᠠᠵᠢᠯᠯᠠᠭ᠍ᠴᠢ᠂ 《ᠥᠪᠥᠷ ᠮᠣᠩᠭᠤᠯ᠎ᠤᠨ ᠰᠠᠢᠨ ᠬᠥᠮᠦᠨ》 ᠤ ᠢᠷᠠᠭᠤ ᠠᠯᠳᠠᠷ᠎ᠢ ᠬᠦᠷᠳᠡᠭ᠌ᠴᠢ ᠺᠠᠩ ᠸᠧᠢ᠄ 《ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠳᠠᠭᠠᠭᠤᠯᠬᠤ ᠦᠢᠯᠡᠳᠦᠯ ᠦᠵᠡᠭᠦᠯᠵᠦ᠍᠂ ᠠᠷᠠᠳ᠎ᠤᠨ ᠲᠥᠯᠥᠭᠡ ᠢᠯᠡᠭᠦᠬᠡᠨ ᠪᠣᠳᠠᠲᠤ ᠶᠠᠪᠤᠳᠠᠯ ᠬᠢᠵᠦ᠍ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ᠍᠂ ᠬᠤᠪᠢᠰᠭᠠᠯᠲᠤ ᠭᠡᠷ᠎ᠤᠨ ᠰᠤᠷᠲᠠᠯ᠎ᠢ ᠦᠷᠭᠦᠯᠵᠢᠯᠡᠨ ᠤᠯᠠᠮᠵᠢᠯᠠᠨ᠎ᠠ!》 ᠭᠡᠵᠤ ᠬᠡᠯᠡᠨ᠎ᠡ᠃
ᠲᠤᠬᠠᠢ᠎ᠶ᠋ᠢᠨ ᠲᠠᠯᠠᠪᠠᠢ᠎ᠳᠤ ᠪᠠᠰᠠ ᠪᠠᠶᠠᠯᠢᠭ ᠠᠭᠤᠯᠭ᠎ᠠ ᠪᠦ᠍ᠬᠦᠢ ᠠᠵᠢᠯᠯᠠᠭ᠎ᠠ ᠥᠷᠨᠢᠭᠦᠯᠪᠠ᠃ ᠨᠠᠮ᠎ᠤᠨ ᠲᠡᠦᠬᠡ᠎ᠶ᠋ᠢᠨ ᠦᠯᠢᠬᠡᠷ᠎ᠢ ᠤᠬᠠᠭᠤᠯᠤᠨ ᠲᠠᠢᠯᠪᠤᠷᠢᠯᠠᠭ᠍ᠰᠠᠨ 《ᠦᠨᠡᠨ ᠶᠣᠰᠣᠨ᠎ᠤ ᠡᠷᠬᠢᠮ ᠴᠢᠨᠠᠷ》 ᠨᠢ ᠤᠯᠠᠨ᠎ᠢ ᠳᠠᠭᠠᠭᠤᠯᠤᠨ ᠵᠠᠭᠤᠨ ᠵᠢᠯ᠎ᠤᠨ ᠨᠠᠮ᠎ᠤᠨ ᠲᠡᠦᠬᠡ᠎ᠠᠴᠠ ᠰᠦᠷ ᠳᠠᠯᠠᠢᠴᠠᠲᠠᠢ ᠬᠦᠴᠦᠨ ᠴᠢᠳᠠᠯ ᠪᠠ ᠬᠢᠵᠠᠭᠠᠯᠠᠰᠢ ᠦᠭᠡᠢ ᠤᠶᠤᠨ᠎ᠤ ᠱᠢᠮ᠎ᠡ᠎ᠶ᠋ᠢ ᠬᠦᠷᠳᠡᠭᠡᠵᠤ᠂ ᠦᠬᠠᠢ ᠬᠤᠳᠠ᠎ᠶ᠋ᠢᠨ ᠪᠦᠬᠦ᠌ ᠠᠷᠠᠳ᠎ᠤᠨ ᠤᠩᠱᠢᠯᠭ᠎ᠠ᠎ᠶ᠋ᠢᠨ ᠨᠡᠢᠭᠡᠮᠯᠢᠭ ᠰᠣᠩᠭᠤᠳᠠᠭ ᠵᠣᠬᠢᠶᠠᠯ — 《ᠳᠤᠮᠳᠠᠳᠤ᠎ᠶ᠋ᠢᠨ ᠮᠠᠭ᠍ᠲᠠᠭᠠᠯ》 ᠢ ᠤᠡᠭ᠌ᠰᠢᠵᠤ᠂ ᠢᠳᠡ ᠬᠦᠴᠦᠲᠡᠢ ᠦᠭᠡ ᠥᠭᠦᠯᠡᠪᠦᠷᠢ᠎ᠨᠢ ᠲᠤᠬᠠᠢ᠎ᠶ᠋ᠢᠨ ᠲᠠᠯᠠᠪᠠᠢ᠎ᠶ᠋ᠢᠨ ᠬᠥᠮᠦᠨ ᠨᠢᠭᠡᠪᠦᠷᠢ᠎ᠶ᠋ᠢ ᠨᠥᠯᠥᠭᠡᠯᠡᠵᠤ᠂ ᠬᠤᠪᠢᠰᠭᠠᠯ᠎ᠤᠨ ᠲᠠᠭᠤᠤᠨᠤᠭᠤᠳᠨᠢ ᠨᠠᠮ ᠪᠠ ᠡᠭᠡ ᠤᠯᠤᠰ᠎ᠲᠠᠭᠠᠨ ᠬᠢᠵᠠᠭᠠᠯᠠᠰᠢ ᠦᠭᠡᠢ ᠬᠠᠢᠷ᠎ᠡ᠎ᠲᠠᠢ ᠪᠠᠢᠬᠤ ᠴᠢᠩ ᠦᠨᠡᠨᠴᠢ ᠰᠡᠳᠭᠢᠯ᠎ᠢ᠎ᠨᠢ ᠢᠯᠡᠳᠭᠡᠭ᠌ᠰᠡᠨ ᠪᠠᠢᠨ᠎ᠡ ᠁
ᠦᠬᠠᠶ ᠬᠤᠲᠠ᠎ᠶ᠋ᠢᠨ ᠬᠠᠢᠷ᠎ᠠ ᠬᠠᠯᠠᠮᠵᠢ᠎ᠶ᠋ᠢᠨ ᠨᠡᠢᠭᠡᠮᠯᠢᠭ᠎ᠤᠨ ᠰᠠᠢᠨ ᠳᠤᠷᠠᠴᠤᠳ ᠣᠯᠠᠨ᠎ᠢ ᠳᠠᠭᠠᠭᠤᠯᠤᠨ ᠽᠦᠩᠽᠢ ᠪᠤᠭᠤᠵᠤ᠂ 6000 ᠽᠦᠩᠽᠢ᠎ᠪᠠᠨ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠨᠠᠰᠤᠲᠠᠳ᠎ᠲᠤ ᠬᠦᠷᠭᠡᠵᠤ ᠠᠮᠲᠠᠯᠠᠭᠤᠯᠤᠨ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠡᠳᠤᠷ᠎ᠤᠨ ᠬᠠᠢᠷ᠎ᠡ ᠬᠠᠯᠠᠮᠵᠢ᠎ᠶ᠋ᠢ ᠮᠡᠳᠡᠷᠡᠬᠦᠯᠪᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠂ ᠦᠬᠠᠢ ᠬᠤᠳᠠ᠎ᠶ᠋ᠢᠨ ᠬᠠᠢᠷ᠎ᠠ ᠬᠠᠯᠠᠮᠵᠢ᠎ᠶ᠋ᠢᠨ ᠨᠡᠢᠭᠡᠮᠯᠢᠭ᠎ᠤᠨ ᠳᠠᠷᠤᠭ᠎ᠠ ᠴᠢᠶᠣᠤ ᠭᠤᠤ ᠯᠸᠢ᠄ 《ᠪᠢ ᠪᠣᠯ ᠬᠥᠳᠡᠭᠡ᠎ᠶ᠋ᠢᠨ ᠬᠡᠦᠬᠡᠳ ᠶᠤᠮ᠂ ᠦᠰᠦᠨ ᠪᠤᠢᠵᠢᠬᠤ ᠶᠠᠪᠤᠴᠠ᠎ᠳᠠᠭᠠᠨ ᠮᠠᠰᠢ ᠤᠯᠠᠨ ᠬᠥᠮᠦᠨ᠎ᠤ ᠬᠠᠪᠰᠤᠷᠤᠯᠭ᠎ᠠ᠎ᠶ᠋ᠢ ᠬᠦᠷᠳᠡᠵᠠᠢ᠃ ᠴᠡᠷᠢᠭ᠎ᠲᠤ ᠤᠷᠤᠭ᠍ᠰᠠᠨ 8 ᠵᠢᠯ᠎ᠳᠤ᠂ ᠨᠠᠮ᠎ᠤᠨ ᠬᠥᠮᠦᠵᠢᠯ᠎ᠢᠶᠠᠷ ᠪᠢ ᠨᠠᠩ ᠣᠯᠠᠨ ᠨᠡᠢᠭᠡᠮ᠎ᠤᠨ ᠬᠠᠷᠢᠭᠤᠴᠠᠯᠭ᠎ᠠ ᠡᠭᠦᠷᠭᠡᠯᠡᠬᠦ᠌ ᠶᠣᠰᠣᠲᠠᠶ ᠭᠡᠳᠡᠭ᠎ᠢᠶᠠᠨ ᠨᠠᠩ ᠢᠯᠡᠭᠦᠦ ᠲᠠᠨᠢᠵᠤ ᠣᠯᠤᠭ᠍ᠰᠠᠨ᠎ᠠᠴᠠ ᠬᠠᠢᠷ᠎ᠠ ᠬᠠᠯᠠᠮᠵᠢ᠎ᠶ᠋ᠢᠨ ᠨᠡᠢᠭᠡᠮᠯᠢᠭ᠎ᠢ ᠪᠠᠢᠭᠤᠯᠪᠠ᠃ ᠡᠳᠦᠭᠡ᠂ ᠮᠠᠨ᠎ᠤ ᠨᠡᠢᠭᠡᠮᠯᠢᠭ᠎ᠤᠨ ᠬᠥᠮᠦᠨ᠎ᠤ ᠲᠤᠭ᠎ᠠ ᠨᠢᠭᠡᠨᠲᠡ ᠬᠠᠮᠤᠭ᠎ᠤᠨ ᠠᠩᠬᠠᠨ᠎ᠤ 5 ᠬᠥᠮᠦᠨ ᠪᠠᠢᠭ᠍ᠰᠠᠨ᠎ᠠᠴᠠ᠎ᠪᠠᠨ ᠬᠥᠭ᠌ᠵᠢᠭᠡᠳ 2000 ᠭᠠᠷᠤᠢ ᠪᠣᠯᠵᠠᠢ》 ᠭᠡᠵᠤ ᠬᠡᠯᠡᠪᠠ᠃