6 ᠰᠠᠷ᠎ᠠ᠎ᠶ᠋ᠢᠨ 14 ᠤ ᠡᠳᠦᠷ᠂ 《ᠡᠭᠦᠷᠢᠳᠡ ᠨᠠᠮ᠎ᠢᠶᠠᠨ ᠳᠠᠭᠠᠶ᠎ᠠ — ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ᠎ᠤᠨ ᠰᠤᠷᠪᠤᠯᠵᠢᠯᠠᠭ᠍ᠴᠢᠳ ᠤᠯᠠᠭᠠᠨᠬᠠᠳᠠ ᠬᠤᠲᠠ᠎ᠠᠴᠠ ᠠᠶᠠᠷᠯᠠᠨ᠂ ᠱᠢᠯᠢ᠎ᠶ᠋ᠢᠨ ᠭᠤᠤᠯ ᠠᠢᠮᠠᠭ᠎ᠤᠨ ᠤᠯᠠᠭᠠᠶ᠎ᠶ᠋ᠢᠨ ᠲᠠᠯ᠎ᠠ ᠨᠤᠲᠤᠭ᠎ᠲᠤ ᠬᠥᠷᠪᠡ᠃ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠤᠯᠠᠮᠵᠢᠯᠠᠯᠲᠤ ᠪᠠᠶᠠᠷ᠎ᠤᠨ ᠡᠳᠦᠷ᠎ᠲᠠᠢ ᠲᠤᠬᠢᠶᠠᠯᠳᠤᠭ᠍ᠰᠠᠨ ᠪᠤᠯᠬᠤᠷ᠂ ᠱᠢᠯᠢ᠎ᠶ᠋ᠢᠨ ᠭᠤᠤᠯ ᠠᠢᠮᠠᠭ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠪᠢᠩᠲ᠋ᠤᠸᠠᠨ᠎ᠤ ᠵᠢᠵᠢᠭ ᠪᠠᠯᠭᠠᠰᠤᠨ᠎ᠳᠤ ᠵᠢᠭᠤᠯᠴᠢᠯᠠᠭ᠍ᠰᠠᠳ ᠤᠯᠠᠱᠢᠷᠠᠵᠤ ᠬᠦᠷ ᠨᠠᠷᠬᠢᠶᠠᠨ᠎ᠢᠶᠠᠷ ᠪᠢᠯᠬᠠᠨ᠎ᠠ᠃

ᠪᠦᠬᠦ᠌ ᠤᠯᠤᠰ᠎ᠤᠨ ᠡᠯ᠎ᠡ ᠭᠠᠵᠠᠷ᠎ᠠᠴᠠ ᠢᠷᠡᠭ᠌ᠰᠡᠨ ᠵᠢᠭᠤᠯᠴᠢᠯᠠᠭ᠍ᠰᠠᠳ ᠭᠡᠷ᠎ᠤᠨ ᠬᠥᠮᠦᠰ᠎ᠢᠶᠠᠨ ᠳᠠᠭᠠᠭᠤᠯᠤᠨ᠂ ᠬᠤᠪᠢᠰᠭᠠᠯᠳᠦ ᠰᠣᠶᠣᠯ᠎ᠢ ᠣᠢᠯᠠᠭᠠᠵᠤ᠂ ᠥᠨᠥᠳᠦᠷ᠎ᠤᠨ ᠰᠠᠢᠨ ᠰᠠᠢᠬᠠᠨ ᠠᠮᠢᠳᠤᠷᠠᠯ᠎ᠤᠨ ᠬᠢᠯᠪᠠᠷ ᠪᠤᠰᠤ᠎ᠪᠠᠷ ᠢᠷᠡᠭ᠌ᠰᠡᠨ᠎ᠢ ᠣᠢᠯᠠᠭᠠᠨ᠎ᠠ᠃
ᠪᠢᠩᠲ᠋ᠤᠸᠠᠨ᠎ᠤ ᠵᠢᠵᠢᠭ ᠪᠠᠯᠭᠠᠰᠤ ᠪᠣᠯ ᠬᠠᠯᠠᠭᠠᠢᠲᠤ ᠲᠠᠷᠢᠶᠠᠯᠠᠩ ᠮᠠᠯᠵᠢᠯ᠎ᠤᠨ ᠲᠠᠯᠠᠪᠠᠢ᠎ᠶ᠋ᠢᠨ ᠬᠡᠯᠲᠡᠰ᠎ᠤᠨ ᠪᠠᠢᠭ᠎ᠠ ᠭᠠᠵᠠᠷ᠂ ᠤᠤᠯ᠎ᠨᠢ ᠥᠪᠥᠷ ᠮᠣᠩᠭᠤᠯ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠵᠢᠷᠭᠤᠳᠤᠭᠠᠷ ᠳ᠋ᠢᠸᠢᠽᠢ᠎ᠶ᠋ᠢᠨ ᠲᠠᠪᠢᠨ ᠨᠢᠭᠡᠳᠦᠭᠡᠷ ᠬᠤᠷᠢᠶᠠᠨ᠎ᠤ ᠵᠠᠬᠢᠷᠭ᠎ᠠ᠎ᠶ᠋ᠢᠨ ᠰᠠᠭᠤᠭ᠎ᠠ ᠭᠠᠵᠠᠷ ᠪᠠᠢᠪᠠ᠃
ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ᠎ᠬᠢᠨ ᠠᠳᠡᠬᠢ᠎ᠶ᠋ᠢ ᠴᠡᠷᠢᠭ᠎ᠤᠨ ᠬᠤᠷᠢᠶᠠᠨ᠎ᠤ ᠰᠣᠶᠣᠯ᠎ᠤᠨ ᠣᠨᠴᠠᠯᠢᠭ᠍ᠲᠤ ᠠᠵᠤ ᠦᠢᠯᠡᠰ᠎ᠤᠨ ᠬᠦᠷᠢᠶᠡᠯᠡᠩ ᠪᠣᠯᠭᠠᠨ ᠪᠠᠢᠭᠤᠯᠵᠤ᠂ ᠪᠢᠩᠲ᠋ᠤᠸᠠᠨ᠎ᠤ ᠦᠶ᠎ᠡ᠎ᠶ᠋ᠢᠨ ᠪᠠᠷᠢᠯᠭ᠎ᠠ᠎ᠶ᠋ᠢ ᠤᠤᠯ ᠲᠥᠷᠬᠦ᠌ᠪᠠᠷᠨᠢ ᠦᠯᠡᠳᠡᠭᠡᠭ᠌ᠰᠡᠨᠤ ᠰᠠᠭᠤᠷᠢᠨ ᠳᠡᠭᠡᠷ᠎ᠡ᠂ ᠬᠡᠷᠡᠭ᠌ᠯᠡᠭᠡᠨ᠎ᠤ ᠴᠢᠳᠠᠮᠵᠢ᠎ᠶ᠋ᠢ᠎ᠨᠢ ᠤᠯᠠᠮ ᠨᠢᠭᠡ ᠠᠯᠬᠤᠮ ᠥᠷᠭᠡᠳᠭᠡᠪᠠ᠃ ᠪᠢᠩᠲ᠋ᠤᠸᠠᠨ᠎ᠤ ᠰᠣᠶᠣᠯ᠎ᠤᠨ ᠦᠵᠡᠭᠦᠯᠭᠡ᠎ᠶ᠋ᠢᠨ ᠬᠤᠩᠭᠢᠯ᠂ ᠪᠢᠩᠲ᠋ᠤᠸᠠᠨ᠎ᠤ ᠶᠣᠰᠣᠯᠠᠯ᠎ᠤᠨ ᠲᠠᠩᠬᠢᠮ ᠵᠡᠷᠭᠡ ᠰᠣᠶᠣᠯ᠎ᠤᠨ ᠠᠵᠢᠯᠯᠠᠭᠠᠨ᠎ᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠱᠢᠦᠳᠠᠨ ᠬᠤᠯᠪᠣᠭᠠᠨ᠎ᠤ ᠭᠠᠵᠠᠷ᠂ ᠺᠤᠮᠠᠨᠳ᠋ᠯᠠᠬ᠍ᠴᠢᠶ᠋ᠢᠨ ᠭᠠᠵᠠᠷ ᠵᠡᠷᠭᠡ᠎ᠶ᠋ᠢ ᠰᠡᠯᠪᠢᠨ ᠵᠠᠰᠠᠪᠠ᠃ ᠪᠢᠩᠲ᠋ᠤᠸᠠᠨ᠎ᠤ ᠵᠢᠵᠢᠭ ᠪᠠᠯᠭᠠᠰᠤ᠎ᠨᠢ ᠴᠡᠷᠢᠭ᠎ᠤᠨ ᠬᠤᠷᠢᠶᠠᠨ᠎ᠤ ᠰᠣᠶᠣᠯ ᠪᠣᠯᠤᠨ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠠᠭᠤᠰᠤᠯᠴᠠᠭᠤᠯᠵᠤ᠂ ᠥᠪᠡᠷᠮᠢᠴᠡ ᠱᠢᠨ᠎ᠡ ᠰᠡᠪᠡᠭᠦᠨ ᠬᠡᠪ ᠨᠠᠮᠪᠠ᠎ᠨᠢ ᠮᠠᠰᠢ ᠣᠯᠠᠨ ᠵᠢᠭᠤᠯᠴᠢᠯᠠᠭ᠍ᠴᠢᠳ᠎ᠤᠨ ᠲᠣᠭᠤᠷᠢᠨ ᠦᠵᠡᠵᠦ᠍ ᠠᠮᠠᠷᠠᠨ ᠵᠢᠭᠤᠯᠴᠢᠯᠠᠬᠤ᠎ᠪᠠᠷ ᠢᠷᠡᠬᠦ᠌ ᠤᠷᠮ᠎ᠠ᠎ᠶ᠋ᠢ ᠲᠠᠲᠠᠵᠤ ᠪᠤᠢ᠃

《ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ ᠪᠣᠯᠤᠨ᠎ᠠ᠂ ᠡᠨᠡ ᠬᠦ᠌ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠵᠢᠵᠢᠭ ᠪᠠᠯᠭᠠᠰᠤᠨ᠎ᠳᠤ ᠮᠠᠰᠢ ᠤᠯᠠᠨ ᠵᠢᠭᠤᠯᠴᠢᠯᠠᠭ᠍ᠴᠢ ᠰᠠᠭᠠᠳᠠᠪᠠ᠂ ᠬᠥᠮᠦᠰ ᠠᠳᠡ᠎ᠠᠴᠠ ᠲᠤᠬᠠᠢ᠎ᠶ᠋ᠢᠨ ᠵᠢᠯ᠎ᠤᠨ ᠪᠢᠩᠲ᠋ᠤᠸᠠᠨ᠎ᠤ ᠬᠠᠭᠤᠴᠢᠨ ᠪᠣᠳᠠᠰ᠎ᠢ ᠣᠯᠵᠤ ᠬᠠᠷᠠᠨ᠂ ᠲᠡᠷᠡ ᠬᠦ᠌ ᠪᠡᠷᠬᠡ ᠬᠠᠲᠠᠭᠤᠵᠢᠯᠲᠠᠢ ᠪᠥᠭᠡᠳ ᠭᠡᠷᠡᠯ ᠰᠠᠴᠤᠷᠠᠩᠭᠤᠢ ᠤᠨ ᠵᠢᠯ᠎ᠢ ᠱᠢᠭᠤᠳ ᠮᠡᠳᠡᠷᠡᠵᠦ᠍ ᠪᠣᠯᠤᠨ᠎ᠠ》 ᠭᠡᠵᠦ᠍ ᠬᠠᠯᠠᠭᠠᠢᠲᠤ ᠲᠠᠷᠢᠶᠠᠯᠠᠩ ᠮᠠᠯᠵᠢᠯ᠎ᠤᠨ ᠲᠠᠯᠠᠪᠠᠶ᠎ᠶ᠋ᠢᠨ ᠨᠠᠮ᠎ᠤᠨ ᠬᠤᠷᠢᠶᠠᠨ᠎ᠤ ᠱᠦᠵᠢ ᠸᠧᠶ ᠸᠧᠨ ᠴᠤᠸᠠᠨ ᠬᠡᠯᠡᠨ᠎ᠠ᠃