ᠤᠮᠠᠷᠠᠳᠦ ᠦᠷᠬᠡᠷᠢᠭ᠎ᠤᠨ 52 ᠭᠷᠠᠳᠦ᠋ᠰ᠎ᠲᠠᠬᠢ 《ᠨᠤᠭᠤᠭᠠᠨ ᠬᠦᠱᠢᠶ᠎ᠡ》
2021-06-15 15:46:32
ᠵᠣᠬᠢᠶᠠᠭ᠍ᠴᠢ᠄
ᠼᠠᠢ ᠳ᠋ᠦᠩ ᠮᠸᠢ ᠪᠤᠤ ᠰᠠᠷᠠᠭᠤᠯ᠎ᠶ᠋ᠢᠨ ᠴᠢᠤᠸᠠᠨ ᠴᠤᠪᠤᠭᠤ ᠸᠠᠩ ᠭᠤᠸᠠᠨ ᠵᠢᠩ ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

2021 ᠤᠨ᠎ᠤ 6 ᠰᠠᠷ᠎ᠠ᠎ᠶ᠋ᠢᠨ 12 ᠎ᠤᠨ ᠦᠷᠯᠦᠬᠡ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ 《ᠡᠭᠦᠷᠢᠳᠡ ᠨᠠᠮ᠎ᠢᠶᠠᠨ ᠳᠠᠭᠠᠶ᠎ᠠ — ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠎ᠤᠨ ᠲᠤᠮᠤ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠵᠡᠬᠦᠨ ᠬᠡᠰᠡᠭ᠎ᠤᠨ ᠰᠤᠷᠪᠤᠯᠵᠢᠯᠠᠬᠤ ᠲᠤᠭᠤᠢ᠍ᠢᠯᠠᠩ᠎ᠤᠨ᠎ᠬᠢᠨ ᠨᠢᠬᠡ ᠡᠳᠦᠷ᠎ᠤᠨ ᠰᠤᠷᠪᠤᠯᠵᠢᠯᠠᠭ᠎ᠠ᠎ᠶ᠋ᠢᠨ ᠠᠶᠠᠨ᠎ᠢᠶᠠᠨ ᠡᠬᠢᠯᠡᠬᠦᠯᠦᠯ᠎ᠡ᠃

ᠪᠢᠳᠡ ᠠᠭᠤᠯᠠᠨ ᠵᠠᠮ ᠎ᠢᠶᠠᠷ 4 ᠴᠠᠭ ᠭᠠᠷᠤᠢ ᠶᠠᠪᠤᠵᠦ᠍᠂ ᠤᠮᠠᠷᠠᠳᠦ ᠦᠷᠬᠡᠷᠢᠭ᠎ᠤᠨ 52 ᠭᠷᠠᠳᠦ᠋ᠰ᠎ᠲᠤ ᠪᠠᠢᠷᠢᠯᠠᠭ᠎ᠠ ᠦᠪᠦᠷ ᠮᠤᠩᠭᠤᠯ᠎ᠤᠨ ᠤᠢ ᠱᠢᠭᠤᠢ᠎ᠶ᠋ᠢᠨ ᠠᠵᠦ᠍ ᠦᠢᠯᠡᠳᠪᠦᠷᠢ᠎ᠶ᠋ᠢᠨ ᠪᠦᠯᠦᠭ᠌ᠯᠡᠯ᠎ᠤᠨ ᠬᠦᠳᠡᠷᠢ ᠠᠵᠦ᠍ ᠦᠢᠯᠡᠳᠪᠦᠷᠢ᠎ᠶ᠋ᠢᠨ ᠺᠤᠮᠫᠠᠨᠢ᠎ᠳᠤ ᠬᠦᠷᠴᠦ᠍ ᠢᠷᠡᠯ᠎ᠡ᠃

ᠵᠠᠭᠤᠨ ᠲᠦᠮᠡᠨ ᠮᠤ᠌  ᠬᠦᠮᠦᠨ᠎ᠤ ᠬᠦᠴᠦ᠎ᠪᠠᠷ ᠤᠢ᠍ᠢᠵᠢᠭᠤᠯᠤᠬ᠍ᠰᠠᠨ 《ᠨᠤᠭᠤᠭᠠᠨ ᠬᠦᠱᠢᠶ᠎ᠡ》  ᠨᠢᠳᠦᠨ ᠎ᠳᠤ ᠨᠡᠭᠡᠷᠡᠨ ᠠᠶᠠᠳᠠᠢ ᠬᠠᠷᠠᠬ᠍ᠳᠠᠨ᠎ᠠ ᠁


QQ截图20210615153726.png



ᠱᠢᠪᠠᠭᠤᠳ᠎ᠤᠨ ᠵᠢᠷᠬᠢᠬᠦ᠌ ᠲᠠᠭᠤᠨ ᠭᠤᠤᠯ᠎ᠤᠨ ᠤᠰᠤᠨ᠎ᠤ ᠭᠤᠷᠴᠢᠬᠢᠨᠠᠬᠤ ᠲᠠᠭᠤᠨ᠎ᠢ ᠴᠢᠩᠨᠠᠵᠦ᠍ ᠤᠢ᠎ᠶ᠋ᠢᠨ ᠲᠤᠮᠳᠠᠭᠤᠷ ᠶᠠᠪᠤᠬᠤ᠎ᠳᠤ ᠲᠦᠢᠯ᠎ᠤᠨ ᠰᠡᠷᠢᠬᠦᠨ ᠲᠠᠭᠠᠯᠠᠮᠵᠢᠳᠠᠢ ᠁

ᠡᠨᠡ ᠪᠤᠯ ᠲᠤᠮᠳᠠᠳᠦ ᠤᠯᠤᠰ᠎ᠤᠨ ᠬᠠᠮᠤᠭ᠎ᠤᠨ ᠲᠤᠮᠤ ᠤᠯᠤᠰ᠎ᠤᠨ ᠦᠮᠴᠢᠯᠡᠯᠳᠦ ᠱᠢᠭᠤᠢ᠍ᠢᠳᠦ ᠤᠷᠤᠨ ᠪᠤᠯᠤᠨ᠎ᠠ᠃



ᠦᠡᠭ᠌ᠭᠡᠷᠡᠭ᠌ᠰᠡᠨ᠎ᠤ ᠬᠠᠳᠠᠭᠤ ᠪᠡᠷᠬᠡ ᠤᠨ ᠵᠢᠯ᠎ᠤᠳ᠎ᠢ ᠡᠷᠬᠢᠴᠡᠬᠦᠯᠬᠦ᠌᠎ᠳᠤ ᠱᠢᠭᠤᠢ᠍ᠢᠳᠦ ᠤᠷᠤᠨ᠎ᠤ ᠬᠦᠮᠦᠰ ᠱᠢᠨᠳᠠᠷᠠᠰᠢ ᠦᠭᠡᠢ ᠵᠤᠷᠢᠭ᠎ᠢᠶᠠᠷ ᠠᠯᠢᠪᠠ ᠬᠦᠴᠢᠷᠳᠡᠯ᠎ᠢ ᠢᠯᠠᠨ ᠲᠠᠪᠠᠭ᠍ᠰᠠᠨ ᠶᠤᠮ᠃

《ᠤᠷᠢᠳ ᠎ᠢᠶᠠᠷ  ᠤᠢ᠍ᠢᠯᠠᠳᠪᠦᠷᠢᠯᠡᠵᠦ᠍ ᠲᠠᠷᠠᠭ᠎ᠠ ᠎ᠨᠢ ᠠᠮᠢᠳᠤᠷᠠᠯ ᠎ᠢᠶᠠᠨ ᠴᠤᠬ᠍ᠴᠠᠯᠠᠵᠦ᠍ ᠦᠢᠯᠡᠳᠪᠦᠷᠢᠯᠡᠬᠦ᠌ ᠎ᠶ᠋ᠢᠨ ᠲᠠᠭᠠᠤ ᠪᠦᠳᠦᠬᠡᠨ ᠪᠠᠢᠭᠤᠯᠤᠨ᠎ᠠ》᠃ ᠤᠯᠤᠰ᠎ᠲᠤ 1447 ᠲᠦᠮᠡᠨ ᠪᠤᠰᠤᠭ᠎ᠠ ᠲᠦᠷᠪᠡᠯᠵᠢᠨ ᠮᠧᠲᠷ ᠲᠠᠸᠠᠷ᠎ᠤᠨ ᠮᠠᠲ᠋ᠧᠷᠢᠶᠠᠯ ᠬᠠᠨᠭ᠌ᠭᠠᠵᠦ᠍ 2.61 ᠳ᠋ᠦᠡᠭ᠌ᠰᠢᠭᠤᠷ ᠲᠦᠭᠦᠷᠢᠭ᠎ᠤᠨ ᠠᠱᠢᠭ ᠭᠠᠢᠯᠢ᠎ᠶ᠋ᠢ ᠪᠡᠶᠡᠯᠡᠬᠦᠯᠪᠡ᠃ ᠡᠬᠡ ᠤᠷᠤᠨ᠎ᠤ ᠪᠦᠳᠦᠬᠡᠨ ᠪᠠᠢᠭᠤᠯᠤᠯᠳᠠ᠎ᠶ᠋ᠢ  ᠬᠦᠴᠦᠳᠡᠢ ᠲᠡᠮᠵᠢᠵᠦ᠍ ᠵᠠᠯᠠᠭᠤ ᠨᠠᠰᠤᠨ᠎ᠤ ᠤᠷᠬᠢᠯᠤᠮ᠎ᠠ ᠬᠠᠯᠠᠭᠤᠨ ᠰᠡᠳᠭᠢᠯᠬᠡ ᠴᠢᠨᠠᠬ᠍ᠰᠢᠯᠠᠨ ᠠᠮᠢ ᠨᠠᠰᠤ᠎ᠪᠠᠷ᠎ᠢᠶᠠᠨ ᠴᠠᠭ ᠦᠶ᠎ᠡ᠎ᠶ᠋ᠢᠨ ᠵᠤᠷᠢᠭ ᠰᠠᠨᠠᠭᠠᠨ᠎ᠤ ᠦᠷᠯᠦᠭ ᠬᠦᠱᠢᠶ᠎ᠡ᠎ᠶ᠋ᠢ ᠴᠤᠬ᠍ᠴᠠᠯᠠᠬ᠍ᠰᠠᠨ ᠪᠢᠯᠡ᠃ ᠬᠦᠳᠡᠷᠢ᠎ᠶ᠋ᠢᠨ ᠱᠢᠭᠤᠢ᠍ᠢᠳᠦ ᠤᠷᠤᠨ᠎ᠤ  ᠬᠡᠳᠦᠨ ᠦᠶ᠎ᠡ᠎ᠶ᠋ᠢᠨ ᠬᠥᠮᠦᠰ᠎ᠤᠨ ᠱᠢᠷᠭᠠᠭᠤ ᠴᠢᠷᠮᠠᠢᠯᠭ᠎ᠠ᠎ᠪᠠᠷ ᠥᠨᠥᠳᠦᠷ ᠎ᠤᠨ ᠭᠡᠷᠡᠯ ᠰᠠᠴᠤᠷᠠᠩᠭᠤᠢ ᠦᠢᠯᠡᠰ ᠪᠦ᠍ᠳᠦᠭᠡᠭ᠌ᠳᠡᠪᠡ᠃


QQ截图20210615153756.png


ᠬᠦᠳᠡᠷᠢ᠎ᠶ᠋ᠢᠨ ᠬᠡᠳᠦᠨ ᠦᠶ᠎ᠡ᠎ᠶ᠋ᠢᠨ ᠤᠢ ᠱᠢᠭᠤᠢ᠎ᠶ᠋ᠢᠨ ᠠᠵᠢᠯᠲᠠᠳ 《ᠬᠠᠷᠠᠮ ᠦᠭᠡᠢ ᠵᠣᠷᠢᠭᠤᠯᠬᠤ ᠱᠢᠷᠭᠠᠭᠤ ᠬᠠᠲᠠᠭᠤᠵᠢᠯᠲᠠᠢ ᠲᠡᠮᠡᠴᠡᠬᠦ᠌》 ᠶᠡᠭᠡ ᠬᠢᠩᠭᠠᠨ ᠳᠠᠪᠠᠭ᠎ᠠ᠎ᠶ᠋ᠢᠨ ᠬᠥᠮᠦᠰ᠎ᠤᠨ ᠵᠣᠷᠢᠭ ᠰᠠᠨᠠᠭ᠎ᠠ᠎ᠪᠠᠷ ᠵᠠᠭᠤᠨ ᠲᠦᠮᠡᠨ ᠮᠦ᠍ ᠲᠠᠷᠢᠮᠠᠯ ᠤᠢ᠎ᠶ᠋ᠢᠨ ᠨᠡᠢᠲᠡᠯᠢᠭ ᠦᠢᠯᠡ ᠠᠵᠢᠯᠯᠠᠭ᠎ᠠ᠎ᠶ᠋ᠢ ᠪᠢᠴᠢᠭ᠌ᠯᠡᠵᠦ᠍ ᠬᠦᠳᠡᠷᠢ ᠠᠵᠤ ᠦᠢᠯᠡᠳᠪᠦᠷᠢ᠎ᠶ᠋ᠢᠨ ᠺᠣᠮᠫᠠᠨᠢ᠎ᠶ᠋ᠢᠨ  ᠠᠮᠢ ᠠᠬᠤᠢ ᠰᠠᠢᠨ᠂ ᠦᠢᠯᠡᠳᠪᠦᠷᠢᠯᠡᠯ ᠬᠥᠭ᠌ᠵᠢᠭ᠌ᠰᠡᠨ᠂ ᠠᠮᠢᠳᠤᠷᠠᠯ ᠰᠠᠢᠵᠢᠷᠠᠭ᠍ᠰᠠᠨ ᠰᠠᠢᠨ ᠰᠠᠢᠬᠠᠨ ᠦᠵᠡᠮᠵᠢ᠎ᠶ᠋ᠢᠨ ᠵᠢᠷᠤᠭ᠎ᠢ ᠳᠡᠯᠭᠡᠨ ᠦᠵᠡᠭᠦᠯᠵᠦ᠍ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠭᠡᠬᠦ᠌ ᠣᠢᠯᠠᠭᠠᠭ᠍ᠳᠠᠬᠤᠨ᠎ᠢ ᠭᠦᠢᠴᠡᠳ ᠲᠠᠢᠯᠪᠤᠷᠢᠯᠠᠯ᠎ᠡ᠃


QQ截图20210615153808.png


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号