ᠬᠦᠬᠡᠬᠤᠳᠠ᠎ᠶ᠋ᠢᠨ ᠡᠮᠡᠭ᠌ᠳᠡᠢᠴᠤᠳ᠎ᠤᠨ ᠬᠤᠯᠪᠤᠭ᠎ᠠ 《ᠪᠠᠭ᠍ᠪᠠᠭ᠍ᠠᠢ ᠴᠡᠴᠡᠭ》 ᠡᠮᠡᠭ᠌ᠳᠡᠢᠴᠤᠳ ᠬᠡᠤᠬᠡᠳ᠎ᠤᠨ ᠡᠷᠭᠡ ᠠᠱᠢᠭ᠎ᠢ ᠬᠠᠮᠠᠭᠠᠯᠠᠬᠤ ᠦᠢᠯᠡᠴᠢᠯᠡᠭᠡᠨ᠎ᠤ ᠲᠦᠷᠦᠯ ᠵᠦᠢᠯ᠎ᠢ ᠡᠬᠢᠯᠡᠬᠦᠯᠪᠡ
2021-06-16 15:44:20
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠬᠦᠬᠡᠬᠤᠳᠠ᠎ᠶ᠋ᠢᠨ ᠡᠮᠡᠭ᠌ᠳᠡᠢᠴᠤᠳ᠎ᠤᠨ ᠬᠤᠯᠪᠤᠭ᠎ᠠ᠎ᠠᠴᠠ ᠡᠷᠬᠢᠯᠡᠭ᠌ᠰᠡᠨ 2021 ᠤᠨ᠎ᠤ 《ᠪᠠᠭ᠍ᠪᠠᠭ᠍ᠠᠢ ᠴᠡᠴᠡᠭ》 ᠡᠮᠡᠭ᠌ᠳᠡᠢᠴᠤᠳ ᠬᠡᠤᠬᠡᠳ᠎ᠤᠨ ᠡᠷᠭᠡ ᠠᠱᠢᠭ᠎ᠢ ᠬᠠᠮᠠᠭᠠᠯᠠᠬᠤ ᠦᠢᠯᠡᠴᠢᠯᠡᠭᠡᠨ᠎ᠤ ᠲᠦᠷᠦᠯ ᠵᠦᠢᠯ᠎ᠢ ᠡᠬᠢᠯᠡᠬᠦᠯᠬᠦ᠌ ᠶᠤᠰᠤᠯᠠᠯ ᠢᠦ᠋ᠢᠴᠢᠤᠸᠠᠨ ᠲᠤᠭᠤᠷᠢᠭ᠎ᠤᠨ ᠸᠠᠨ᠎ᠶ᠋ᠢᠨ ᠨᠡᠢᠭᠡᠮ ᠲᠤᠭᠤᠷᠢᠭ᠎ᠲᠤ ᠶᠠᠪᠤᠬ᠍ᠳᠠᠪᠠ᠃

ᠡᠨᠡ ᠵᠢᠯ᠎ᠳᠤ᠂ ᠬᠦᠬᠡᠬᠤᠳᠠ᠎ᠶ᠋ᠢᠨ ᠡᠮᠡᠭ᠌ᠳᠡᠢᠴᠤᠳ᠎ᠤᠨ ᠬᠤᠯᠪᠤᠭ᠎ᠠ᠎ᠠᠴᠠ ᠦᠶ᠎ᠠ ᠠᠯᠤᠰᠯᠠᠨ ᠠᠷᠠᠴᠢᠯᠠᠨ ᠦᠰᠭᠡᠵᠦ᠍ ᠪᠠᠢᠭ᠎ᠠ ᠭᠡᠷ᠎ᠲᠡᠭᠡᠨ ᠬᠤᠴᠤᠷᠤᠬ᠍ᠰᠠᠨ ᠬᠡᠤᠬᠡᠳ᠎ᠤᠨ ᠬᠦᠮᠦᠵᠢᠯ᠎ᠤᠨ ᠲᠦᠷᠦᠯ ᠵᠦᠢᠯ᠂ ᠬᠦᠬᠡᠬᠤᠳᠠ᠎ᠶ᠋ᠢᠨ ᠲᠦᠷᠪᠡᠨ ᠲᠤᠭᠤᠷᠢᠭ᠎ᠤᠨ ᠬᠦᠴᠢᠷᠳᠡᠯ᠎ᠳᠤ ᠲᠤᠯᠭᠠᠷᠠᠬ᠍ᠰᠠᠨ ᠬᠡᠤᠬᠡᠳ᠎ᠢ ᠬᠠᠢᠷᠠᠯᠠᠨ ᠬᠠᠯᠠᠮᠵᠢᠯᠠᠬᠤ ᠨᠡᠢᠭᠡᠮ᠎ᠤᠨ ᠠᠵᠢᠯᠳᠠᠨ᠎ᠤ ᠦᠢᠯᠡᠴᠢᠯᠡᠭᠡᠨ᠎ᠤ ᠲᠦᠷᠦᠯ ᠵᠦᠢᠯ᠂ ᠡᠴᠢᠭᠡ ᠡᠭᠡ᠎ᠳᠤ ᠶᠠᠷᠢᠵᠤ ᠦᠭ᠌ᠭᠦ ᠰᠡᠳᠭᠢᠴᠨ᠎ᠶ᠋ᠢᠨ ᠤᠬᠠᠭᠠᠨ᠎ᠤ ᠲᠦᠷᠦᠯ ᠵᠦᠢᠯ᠂ ᠤᠷᠤᠭ ᠭᠡᠷ ᠪᠦᠯᠢ᠎ᠶ᠋ᠢᠨ ᠵᠠᠭᠤᠷᠠᠭᠠᠨ᠎ᠢ ᠡᠶᠡᠳᠡᠬᠦᠯᠬᠦ᠌ ᠲᠦᠷᠦᠯ ᠵᠦᠢᠯ᠂ ᠬᠡᠤᠬᠡᠳ᠎ᠲᠤ ᠬᠠᠤᠯᠢ ᠲᠦᠭᠡᠮᠡᠯᠵᠢᠬᠦᠯᠬᠦ᠂ ᠠᠮᠤᠷ ᠲᠦᠪᠱᠢᠨ᠎ᠤ ᠬᠦᠮᠦᠵᠢᠯ ᠬᠦᠷᠳᠡᠭᠡᠭᠦ᠌ ᠵᠢᠴᠢ ᠰᠡᠳᠭᠢᠴᠡ᠎ᠶ᠋ᠢᠨ ᠲᠡᠮᠵᠢᠯᠭᠡ᠎ᠶ᠋ᠢᠨ ᠦᠢᠯᠡᠴᠢᠯᠡᠭᠡᠨ᠎ᠤ ᠲᠦᠷᠦᠯ ᠵᠦᠢᠯ ᠵᠡᠷᠭᠡ ᠪᠠᠭᠠᠴᠤᠳ ᠬᠡᠤᠬᠡᠳ᠎ᠤᠨ ᠦᠪᠡᠷ᠎ᠢ᠎ᠪᠠᠨ ᠬᠠᠮᠠᠭᠠᠯᠠᠬᠤ᠂ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠩᠭᠠᠬᠤ ᠵᠡᠷᠭᠡ ᠠᠭᠤᠯᠭ᠎ᠠ᠎ᠶ᠋ᠢ ᠬᠠᠮᠤᠷᠤᠬ᠍ᠰᠠᠨ 5 ᠲᠦᠷᠦᠯ ᠵᠦᠢᠯ᠎ᠢ ᠬᠡᠷᠡᠭ᠌ᠵᠢᠬᠦᠯᠬᠦ᠌ ᠪᠤᠯᠤᠨ᠎ᠠ᠃

ᠨᠡᠢᠭᠡᠮ᠎ᠤᠨ ᠬᠦᠴᠦᠨ᠎ᠠᠴᠠ ᠡᠮᠡᠭ᠌ᠳᠡᠢᠴᠤᠳ ᠬᠡᠤᠬᠡᠳ᠎ᠤᠨ ᠡᠷᠭᠡ ᠠᠱᠢᠭ᠎ᠢ ᠬᠠᠮᠠᠭᠠᠯᠠᠬᠤ ᠦᠢᠯᠡᠴᠢᠯᠡᠭᠡᠨ᠎ᠤ ᠲᠦᠷᠦᠯ ᠵᠦᠢᠯ᠎ᠢ ᠠᠪᠬᠤ ᠪᠤᠯ ᠦᠪᠡᠷᠳᠡᠭᠡᠨ ᠵᠠᠰᠠᠬᠤ ᠤᠷᠤᠨ᠎ᠤ ᠡᠮᠡᠭ᠌ᠳᠡᠢᠴᠤᠳ᠎ᠤᠨ ᠬᠤᠯᠪᠤᠭ᠎ᠠ᠂ ᠬᠦᠬᠡᠬᠤᠳᠠ᠎ᠶ᠋ᠢᠨ ᠡᠮᠡᠭ᠌ᠳᠡᠢᠴᠤᠳ᠎ᠤᠨ ᠬᠤᠯᠪᠤᠭ᠎ᠠ᠎ᠠᠴᠠ ᠨᠠᠮ᠎ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠤᠯᠠᠨ ᠲᠦᠮᠡᠨ᠎ᠤ ᠪᠦᠯᠬᠦᠮ᠎ᠤᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠮᠡᠭ᠌ᠳᠡᠢᠴᠤᠳ᠎ᠤᠨ ᠬᠤᠯᠪᠤᠭ᠎ᠠ᠎ᠶ᠋ᠢᠨ ᠡᠷᠭᠡ ᠠᠱᠢᠭ᠎ᠢ ᠬᠠᠮᠠᠭᠠᠯᠠᠬᠤ ᠠᠵᠢᠯ᠎ᠤᠨ ᠱᠢᠨ᠎ᠠ᠎ᠶ᠋ᠢ ᠡᠭᠦᠳᠦᠭ᠌ᠰᠡᠨ ᠪᠦᠳᠦᠮᠵᠢᠳᠡᠢ ᠰᠦᠪᠡᠭ᠌ᠴᠢᠯᠡᠯᠳᠠ ᠪᠠ ᠲᠤᠷᠱᠢᠯᠳᠠ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号