ᠬᠥᠬᠡᠬᠤᠲᠠ 《ᠬᠤᠭᠤᠯᠠ ᠤᠮᠳᠠᠭᠠᠨ᠎ᠤ ᠠᠮᠤᠷ ᠲᠦᠪᠱᠢᠨ᠎ᠢ ᠪᠢᠳᠡ ᠬᠠᠮᠲᠤ᠎ᠪᠠᠷ ᠪᠠᠢᠴᠠᠭᠠᠬᠤ》 ᠠᠵᠢᠯᠯᠠᠭ᠎ᠠ ᠥᠷᠨᠢᠭᠦᠯᠪᠠ
2021-06-16 15:44:37
ᠵᠣᠬᠢᠶᠠᠭ᠍ᠴᠢ᠄
ᠬᠠᠢᠷ᠎ᠠ
ᠣᠩᠱᠢᠭ᠍ᠰᠠᠨ ᠣᠳᠠᠭ᠎ᠠ᠄
★★★☆☆

ᠬᠤᠭᠤᠯᠠ ᠤᠮᠳᠠᠭᠠᠨ᠎ᠤ ᠠᠵᠢᠯ ᠲᠦᠷᠦᠯ᠎ᠤᠨ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠢ᠍ᠢᠷ᠎ᠠ᠎ᠳᠤ ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠥᠬᠦ᠌ ᠬᠤᠲᠠ᠎ᠶ᠋ᠢᠨ ᠬᠡᠪᠴᠢᠶᠡᠨ᠎ᠳᠤ 《ᠬᠤᠭᠤᠯᠠ ᠤᠮᠳᠠᠭᠠᠨ᠎ᠤ ᠠᠮᠤᠷ ᠲᠦᠪᠱᠢᠨ᠎ᠢ ᠪᠢᠳᠡ ᠬᠠᠮᠲᠤ᠎ᠪᠠᠷ ᠪᠠᠢᠴᠠᠭᠠᠬᠤ》 ᠠᠵᠢᠯᠯᠠᠭ᠎ᠠ ᠥᠷᠨᠢᠭᠦᠯᠵᠡᠢ᠃ 

ᠤᠢ᠍ᠢᠯᠠᠭᠠᠭ᠍ᠰᠠᠠ᠎ᠢᠶᠠᠷ᠂ ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠲᠣᠰ ᠤᠳᠠᠭᠠᠨ᠎ᠤ ᠠᠵᠢᠯᠯᠠᠭ᠎ᠠ᠎ᠶ᠋ᠢ ᠵᠢᠯ᠎ᠤᠨ ᠡᠴᠦᠰ᠎ᠤᠨ ᠬᠤᠭᠤᠯᠠ ᠤᠮᠳᠠᠭᠠᠨ᠎ᠤ ᠢᠳᠡᠭᠡᠨ᠎ᠤ ᠠᠮᠤᠷ ᠲᠦᠪᠱᠢᠨ᠎ᠢ ᠱᠢᠯᠭᠠᠨ ᠬᠢᠨᠠᠬᠤ ᠠᠵᠢᠯ᠎ᠤᠨ ᠴᠢᠬᠤᠯᠠ ᠲᠥᠷᠥᠯ ᠵᠦᠢᠯ ᠪᠣᠯᠭᠠᠵᠤ᠂ ᠵᠠᠩᠭᠢᠯᠠᠭ᠎ᠠ᠎ᠶ᠋ᠢᠨ ᠭᠤᠭ᠍ᠴᠤᠭ᠎ᠠ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠠᠴᠠ ᠠᠷᠠᠳ ᠣᠯᠠᠨ᠎ᠤ ᠪᠠᠢᠳᠠᠯ᠎ᠢ ᠮᠡᠳᠡᠬᠦ᠌ ᠡᠷᠬᠡ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠩᠭᠠᠬᠤ ᠪᠤᠯᠤᠨ᠎ᠠ᠃ ᠳᠤᠰ ᠤᠳᠠᠭᠠᠨ᠎ᠤ ᠠᠵᠢᠯᠯᠠᠭᠠᠨ᠎ᠳᠤ ᠠᠷᠠᠳ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠬᠠᠤᠯᠢᠴᠢ᠂ ᠰᠤᠷᠪᠤᠯᠵᠢᠯᠠᠭ᠍ᠴᠢ᠂ ᠬᠡᠷᠡᠭ᠌ᠯᠡᠭ᠌ᠴᠢᠳ ᠵᠡᠷᠭᠡ ᠨᠡᠢᠭᠡᠮ᠎ᠤᠨ ᠡᠯ᠎ᠡ ᠡᠲᠡᠭᠡᠳ᠎ᠤᠨ ᠬᠥᠮᠦᠰ᠎ᠢ ᠵᠤᠬᠢᠶᠠᠨ ᠪᠠᠢᠭᠤᠯᠵᠦ᠍᠂ ᠲᠤᠬᠠᠶ᠎ᠶ᠋ᠢᠨ ᠭᠠᠵᠠᠷ᠎ᠲᠤᠨᠢ ᠬᠢᠨᠠᠨ ᠪᠠᠢᠴᠠᠭᠠᠬᠤ ᠠᠵᠢᠯ᠎ᠳᠤ ᠣᠷᠣᠯᠴᠠᠭᠤᠯᠵᠠᠶ᠃ ᠱᠠᠯᠠᠪᠳᠠᠭᠤᠯᠤᠨ ᠪᠠᠢᠴᠠᠭᠠᠬᠤ ᠶᠠᠪᠤᠴᠠ᠎ᠳᠤ ᠠᠷᠠᠳ ᠤᠯᠠᠨ᠎ᠤ ᠠᠩᠬᠠᠷᠴᠤ᠌ ᠪᠠᠢᠭ᠎ᠠ ᠬᠠᠯᠠᠮᠱᠢᠯ ᠪᠠ ᠲᠥᠪᠯᠡᠷᠡᠯ ᠠᠰᠠᠭᠤᠳᠠᠯ᠎ᠳᠤ ᠬᠠᠨᠳᠤᠭᠤᠯᠤᠨ᠂ ᠰᠦᠯᠵᠢᠶᠡᠨ᠎ᠤ ᠬᠤᠭᠤᠯᠠ ᠵᠠᠬᠢᠶᠠᠯᠠᠬᠤ ᠲᠠᠪᠴᠠᠩ ᠳᠡᠭᠡᠷ᠎ᠡ ᠬᠤᠭᠤᠯᠠ ᠵᠠᠬᠢᠶᠠᠯᠠᠬᠤ ᠲᠤᠭ᠎ᠠ ᠬᠡᠮᠵᠢᠶ᠎ᠡ ᠶᠡᠭᠡ᠂ ᠳᠠᠪᠲᠠᠮᠵᠢ ᠥᠨᠳᠥᠷ᠂ ᠣᠯᠠᠨ᠎ᠤ ᠠᠩᠬᠠᠷᠤᠯ᠎ᠢ ᠶᠡᠬᠡᠳᠡ ᠲᠠᠲᠠᠵᠤ ᠪᠠᠢᠭ᠎ᠠ 《ᠰᠦᠯᠵᠢᠶᠡᠨ᠎ᠤ ᠨᠡᠷᠡᠲᠦ ᠬᠤᠭᠤᠯᠠᠨ ᠭᠡᠷ》 ᠪᠣᠯᠤᠨ ᠱᠢᠨ᠎ᠡ ᠵᠠᠭᠤᠴᠢᠯᠠᠭᠤᠷ᠎ᠤᠨ ᠲᠠᠪᠴᠠᠩ ᠳᠡᠭᠡᠷᠡᠬᠢ ᠣᠯᠠᠨ ᠲᠦᠮᠡᠨ᠎ᠤ ᠠᠩᠬᠠᠷᠤᠯ᠎ᠢ ᠶᠡᠬᠡᠳᠡ ᠲᠠᠲᠠᠵᠤ ᠪᠠᠢᠬᠤ ᠬᠤᠭᠤᠯᠠᠨ ᠭᠡᠷ᠂ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠤᠨ ᠬᠤᠭᠤᠯᠠᠨ ᠬᠡᠷ᠂ ᠨᠠᠰᠤᠵᠢᠯ᠎ᠤᠨ ᠪᠠᠢᠭᠤᠯᠤᠮᠵᠢ᠎ᠶ᠋ᠢᠨ ᠬᠤᠭᠤᠯᠠᠨ ᠬᠡᠷ᠂ 10 ᠱᠢᠷᠡᠭᠡ᠎ᠠᠴᠠ ᠳᠡᠭᠡᠭ᠌ᠰᠢ ᠳᠠᠢᠯᠠᠯᠭ᠎ᠠ᠎ᠶ᠋ᠢᠨ ᠪᠠᠭᠤᠳᠠᠯ᠂ ᠬᠤᠭᠤᠯᠠ ᠤᠮᠳᠠ᠎ᠶ᠋ᠢᠨ ᠵᠡᠭᠡᠯᠢ ᠵᠡᠷᠭᠡ ᠬᠥᠭ᠌ᠵᠢᠶᠡᠨ ᠨᠠᠷᠭᠢᠶᠠᠨᠲᠤ ᠬᠤᠳᠠᠯᠳᠤᠭᠠᠨ᠎ᠤ ᠵᠡᠭᠡᠯᠢ ᠲᠣᠭᠤᠷᠢᠭ᠎ᠤᠨ ᠢᠳᠡᠭᠡᠨ ᠤᠮᠳᠠ᠂ ᠵᠢᠭᠤᠯᠴᠢᠯᠠᠯ ᠦᠵᠡᠮᠵᠢ᠎ᠶ᠋ᠢᠨ ᠣᠷᠣᠨ᠎ᠤ ᠬᠤᠭᠤᠯᠠ ᠤᠮᠳᠠ ᠵᠡᠷᠭᠡ᠎ᠶ᠋ᠢ ᠭᠤᠤᠯᠳᠠᠯᠭ᠎ᠠ᠎ᠲᠠᠢ ᠪᠠᠢᠴᠠᠭᠠᠵᠤ᠂ ᠬᠤᠭᠤᠯᠠᠠ ᠭᠡᠷ᠎ᠤᠨ ᠡᠵᠡᠩᠨᠡᠭ᠌ᠴᠢ ᠠᠵᠢᠯᠳᠠᠨ᠎ᠤ ᠡᠷᠡᠭᠦᠯ ᠮᠡᠨᠳᠦ᠎ᠶ᠋ᠢᠨ ᠬᠠᠮᠢᠶᠠᠷᠤᠯᠲᠠ ᠪᠠ ᠬᠤᠪᠢ ᠬᠥᠮᠦᠨ᠎ᠤ ᠡᠷᠡᠭᠦᠯ ᠬᠠᠮᠠᠭᠠᠯᠠᠯ᠎ᠤᠨ ᠪᠠᠢᠳᠠᠯ᠂ ᠬᠤᠭᠤᠯᠠ ᠤᠮᠳᠠ᠎ᠶ᠋ᠢᠨ ᠨᠢᠭᠡᠴᠢ᠎ᠶ᠋ᠢᠨ ᠥᠪᠡᠰᠦᠪᠡᠨ ᠪᠠᠢᠴᠠᠭᠠᠬᠤ ᠳᠦᠷᠢᠮ ᠪᠠ ᠬᠤᠳᠠᠯᠳᠤᠨ ᠠᠪᠤᠭ᠍ᠰᠠᠨ ᠪᠠᠷᠠᠭ᠎ᠠ᠎ᠶ᠋ᠢ ᠪᠠᠢᠴᠠᠭᠠᠨ ᠱᠢᠯᠭᠠᠬᠤ ᠳᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠬᠤᠭᠤᠯᠠ ᠤᠮᠳᠠ᠎ᠶ᠋ᠢᠨ ᠬᠡᠷᠡᠭ᠌ᠰᠡᠯ᠎ᠢ ᠤᠬᠢᠶᠠᠵᠤ ᠠᠷᠢᠭᠤᠳᠭᠠᠭ᠍ᠰᠠᠨ ᠪᠠᠢᠳᠠᠯ᠂ ᠪᠣᠯᠪᠠᠰᠤᠷᠠᠭᠤᠯᠤᠨ ᠦᠢᠯᠡᠳᠦᠭ᠌ᠰᠡᠨ ᠪᠠᠢᠳᠠᠯ᠂ ᠲᠣᠭᠤᠭᠠᠨ ᠭᠡᠷ᠎ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ᠎ᠤ ᠠᠷᠢᠭᠤᠨ ᠴᠡᠪᠡᠷ᠂ ᠨᠡᠢᠲᠡ᠎ᠶ᠋ᠢᠨ ᠰᠠᠪᠬ᠎ᠠ ᠬᠠᠯᠪᠠᠭ᠎ᠠ᠎ᠶ᠋ᠢ ᠬᠡᠷᠡᠭ᠌ᠯᠡᠭ᠌ᠰᠡᠨ ᠪᠠᠢᠳᠠᠯ᠂ 《ᠢᠳᠡᠭᠡᠨ᠎ᠢ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠬᠠᠤᠯᠢ》 ᠵᠡᠷᠭᠡ ᠬᠠᠤᠯᠢ ᠳᠤᠭ᠍ᠳᠠᠭᠠᠯ᠎ᠢ ᠵᠢᠷᠤᠮᠯᠠᠵᠤ ᠪᠠᠢᠭ᠎ᠠ ᠪᠠᠢᠳᠠᠯ ᠵᠡᠷᠭᠡ᠎ᠳᠤ ᠴᠢᠩᠭ᠎ᠠ ᠪᠠᠢᠴᠠᠭᠠᠯᠳᠠ ᠬᠢᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号