《ᠡᠨᠡ ᠡᠳᠤᠷ ᠪᠢ ᠠᠳᠡ ᠠᠮᠲᠠᠲᠠᠶ ᠽᠦᠩᠽᠢ ᠢᠲᠡᠵᠦ᠍᠂ ᠮᠠᠰᠢ ᠣᠯᠠᠨ ᠮᠡᠳᠡᠯᠭᠡ ᠣᠯᠵᠤ ᠰᠤᠷᠤᠯᠴᠠᠯ᠎ᠠ᠂ ᠪᠢ ᠠᠳᠡ ᠢᠷᠡᠬᠦ᠌ ᠮᠠᠰᠢ ᠳᠤᠷᠠᠳᠠᠢ》᠃ 6 ᠰᠠᠷ᠎ᠠ᠎ᠶ᠋ᠢᠨ 14 ᠤ ᠦᠳᠡ᠎ᠶ᠋ᠢᠨ ᠡᠮᠦᠨ᠎ᠡ᠂ ᠦᠬᠠᠢ᠎ᠶ᠋ᠢᠨ ᠵᠠᠯᠠᠭᠤᠴᠤᠳ ᠪᠠᠭᠠᠴᠤᠳ᠎ᠤᠨ ᠪᠦᠲᠦᠭᠡᠯᠴᠢ ᠰᠡᠳᠭᠢᠬᠦᠢ᠎ᠶ᠋ᠢᠨ ᠬᠦᠷᠢᠶᠡᠯᠡᠩ᠎ᠳᠤ᠂ ᠪᠢᠳᠠᠨ᠎ᠤ ᠪᠠᠶᠠᠷ᠎ᠤᠨ ᠡᠳᠦᠷ · ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ — 《ᠽᠦᠩᠽᠢ᠎ᠶ᠋ᠢᠨ ᠠᠩᠬᠢᠯᠤᠮ᠎ᠠ ᠦᠨᠦᠷ᠎ᠲᠤ ᠲᠠᠪᠤᠨ ᠰᠠᠷ᠎ᠡ᠎ᠶ᠋ᠢᠨ ᠱᠢᠨ᠎ᠡ᠎ᠶ᠋ᠢᠨ ᠲᠠᠪᠤ᠎ᠨᠢ ᠬᠠᠭᠤᠴᠢᠯᠠᠨ᠎ᠠ》 ᠭᠡᠬᠦ᠌ ᠠᠵᠢᠯᠯᠠᠭ᠎ᠠ ᠶᠠᠭ ᠬᠥᠭ᠌ᠵᠢᠶᠡᠨᠲᠡᠢ ᠶᠠᠪᠤᠭ᠍ᠳᠠᠵᠤ ᠪᠠᠢᠯ᠎ᠠ᠂ ᠡᠨᠡ ᠵᠢᠯ 6 ᠨᠠᠰᠤᠲᠠᠢ ᠯᠢ ᠢ ᠨᠦᠸᠧ ᠽᠦᠩᠽᠢ ᠢᠳᠡᠬᠦ᠌᠎ᠶ᠋ᠢᠨ ᠳᠠᠭᠠᠤ ᠪᠠᠶᠠᠷᠯᠠᠩᠭᠤᠢ᠎ᠪᠠᠷ ᠬᠡᠯᠡᠨ᠎ᠡ᠃
《ᠡᠨᠡ ᠡᠳᠦᠷ᠎ᠤᠨ ᠮᠠᠠ᠎ᠤ ᠠᠵᠢᠯᠯᠠᠭ᠎ᠠ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠵᠠᠩ ᠳᠠᠳᠭᠠᠯ᠎ᠠᠴᠠ ᠭᠠᠷᠳᠠᠵᠦ᠍᠂ ᠵᠠᠯᠠᠭᠤᠴᠤᠳ ᠪᠠᠭᠠᠴᠤᠳ᠎ᠲᠤ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠢᠷᠡᠯ ᠡᠭᠦᠰᠦᠯ᠎ᠤᠨ ᠥᠯᠢᠭᠡᠷ ᠲᠡᠦᠭᠡ᠎ᠶ᠋ᠢ ᠮᠡᠲᠡᠭᠦᠯᠬᠦ᠌ ᠬᠡᠰᠡᠨ ᠶᠤᠮ᠂ ᠽᠦᠩᠽᠢ ᠢᠳᠡᠬᠦ᠌ ᠤᠷᠤᠯᠳᠤᠭᠠᠨ᠂ ᠴᠠᠶ᠎ᠶ᠋ᠢᠨ ᠱᠢᠷᠡᠭᠡᠡᠳᠤ ᠬᠤᠸᠠᠷ᠎ᠲᠠᠢ ᠯᠤᠩᠬᠤ ᠪᠠᠢᠷᠢᠯᠠᠭᠤᠯᠬᠤ᠂ ᠠᠬᠢ ᠡᠪᠡᠰᠦᠨ᠎ᠤ ᠤᠭᠤᠲᠠ ᠤᠶᠤᠬᠤ ᠵᠡᠷᠭᠡ ᠠᠭᠤᠯᠭ᠎ᠠ ᠲᠣᠬᠢᠷᠠᠭᠤᠯᠵᠤ᠂ ᠵᠠᠯᠠᠭᠤᠴᠤᠳ ᠪᠠᠭᠠᠴᠤᠳ᠎ᠢ ᠬᠥᠲᠥᠯᠥᠨ ᠵᠢᠯᠣᠭᠤᠳᠴᠤ᠌ ᠪᠠᠢᠭᠠᠳ ᠳᠤᠮᠳᠠᠳᠤ ᠤᠯᠤᠰ᠎ᠤᠨ ᠤᠯᠠᠮᠵᠢᠯᠠᠯᠲᠤ ᠤᠷ᠎ᠠ ᠮᠡᠷᠭᠡᠵᠢᠯ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠡᠬᠡ ᠣᠷᠣᠨᠴᠢ ᠬᠠᠢᠷ᠎ᠠ ᠰᠡᠳᠭᠢᠯᠭᠡ᠎ᠪᠠᠨ ᠢᠯᠡᠷᠡᠭᠦᠯᠵᠦ᠍ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠵᠠᠢ》 ᠭᠡᠵᠦ᠍ ᠦᠬᠠᠢ᠎ᠶ᠋ᠢᠨ ᠵᠠᠯᠠᠭᠤᠴᠤᠳ ᠪᠠᠭᠠᠴᠤᠳ᠎ᠤᠨ ᠪᠦᠲᠦᠭᠡᠯᠴᠢ ᠰᠡᠳᠭᠢᠬᠦᠢ᠎ᠶ᠋ᠢᠨ ᠬᠦᠷᠢᠶᠡᠯᠡᠩ᠎ᠤᠨ ᠳᠠᠷᠤᠭ᠎ᠠ ᠪᠢᠶᠠᠠ ᠵᠢᠶᠠᠩ ᠬᠡᠯᠡᠪᠡ᠃

ᠣᠢᠯᠠᠭᠠᠭ᠍ᠰᠠᠨ᠎ᠢᠶᠠᠷ᠂ ᠦᠬᠠᠢ᠎ᠶ᠋ᠢᠨ ᠵᠠᠯᠠᠭᠤᠴᠤᠳ ᠪᠠᠭᠠᠴᠤᠳ᠎ᠤᠨ ᠪᠦᠳᠦᠭᠡᠯᠴᠢ ᠰᠡᠳᠭᠢᠬᠦᠢ᠎ᠶ᠋ᠢᠨ ᠬᠦᠷᠢᠶᠡᠯᠡᠩ ᠪᠤᠯ ᠦᠬᠠᠢ ᠬᠤᠳᠠ᠎ᠶ᠋ᠢᠨ ᠭᠤᠣᠯᠳᠠᠯᠭ᠎ᠠ᠎ᠲᠠᠢ ᠪᠦᠳᠦᠭᠡᠨ ᠪᠠᠢᠭᠤᠯᠤᠭ᠍ᠰᠠᠨ ᠠᠷᠠᠳ᠎ᠤᠨ ᠠᠮᠢᠳᠤᠷᠠᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠢᠨᠵᠧᠨᠧᠷᠢᠩ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠲᠦᠭᠡᠯᠴᠢ ᠣᠢᠯᠠᠭᠠᠯᠲᠠ᠎ᠪᠠᠷ ᠭᠤᠣᠯ ᠰᠡᠳᠦᠪ ᠪᠣᠯᠭᠠᠭ᠍ᠰᠠᠨ ᠵᠠᠯᠠᠭᠤᠴᠤᠳ ᠪᠠᠭᠠᠴᠤᠳ᠎ᠤᠨ ᠠᠵᠢᠯᠯᠠᠭᠠᠨ᠎ᠤ ᠲᠠᠯᠠᠪᠤᠷ᠂ ᠵᠠᠯᠠᠭᠤᠴᠤᠳ ᠪᠠᠭᠠᠴᠤᠳ᠎ᠲᠠᠢ ᠬᠠᠷᠢᠯᠴᠠᠬᠤ᠂ ᠵᠠᠯᠠᠭᠤᠴᠤᠳ ᠪᠠᠭᠠᠴᠤᠳ᠎ᠲᠤ ᠦᠢᠯᠡᠴᠢᠯᠡᠬᠦ᠂ ᠵᠠᠯᠠᠭᠤᠴᠤᠳ ᠪᠠᠭᠠᠴᠤᠳ᠎ᠢ ᠨᠢᠬ᠍ᠳᠠᠷᠠᠭᠤᠯᠬᠤ ᠪᠠ ᠬᠦᠳᠦᠯᠦᠨ ᠳᠠᠭᠠᠭᠤᠯᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠤᠨ᠎ᠠ᠃ ᠬᠦᠷᠢᠶᠡᠯᠡᠩ ᠲᠤᠭᠤᠷᠢᠭ᠎ᠨᠢ 《ᠪᠦᠳᠦᠭᠡᠯᠴᠢ᠎ᠪᠠᠷ ᠰᠡᠳᠭᠢᠵᠡᠭᠡᠵᠦ᠍ · ᠬᠠᠮᠲᠤ᠎ᠪᠠᠷ ᠠᠱᠢᠭ ᠭᠥᠷᠳᠡᠬᠦ᠌》 ᠪᠠᠷ ᠭᠤᠤᠯ ᠰᠡᠳᠦᠪ ᠪᠣᠯᠭᠠᠵᠤ᠂ 《ᠵᠠᠯᠠᠭᠤᠴᠤᠳ ᠪᠠᠭᠠᠴᠤᠳ᠎ᠤᠨ ᠱᠢᠨ᠎ᠡ᠎ᠶ᠋ᠢ ᠡᠭᠦᠳᠬᠦ᠌ ᠪᠦᠲᠦᠭᠡᠯᠴᠢ ᠰᠡᠳᠭᠢᠬᠦᠶ᠎ᠶ᠋ᠢ ᠬᠥᠭ᠌ᠵᠢᠭᠡᠵᠦ᠍᠂ ᠵᠠᠯᠠᠭᠤᠴᠤᠳ ᠪᠠᠭᠠᠴᠤᠳ᠎ᠤᠨ ᠱᠢᠨ᠎ᠡ᠎ᠶ᠋ᠢ ᠡᠭᠦᠳᠬᠦ᠌ ᠪᠦᠲᠦᠭᠡᠯᠴᠢ ᠰᠡᠳᠭᠢᠬᠦᠢ᠎ᠶ᠋ᠢᠨ ᠰᠣᠶᠣᠯ᠎ᠢ ᠬᠥᠮᠦᠵᠢᠭᠦᠯᠬᠦ᠌》 ᠪᠠᠷ ᠭᠤᠤᠯ ᠵᠣᠷᠢᠯᠲᠠ ᠪᠣᠯᠭᠠᠨ᠂ 《ᠵᠠᠯᠠᠭᠤᠴᠤᠳ᠎ᠲᠠᠢ ᠱᠢᠭᠤᠳ ᠬᠠᠷᠢᠯᠴᠠᠬᠤ᠂ ᠵᠠᠯᠠᠭᠤᠴᠤᠳ᠎ᠲᠤ ᠣᠨᠣᠴᠠᠲᠠᠶ ᠦᠶᠯᠡᠴᠢᠯᠡᠬᠦ᠂ ᠵᠠᠯᠠᠭᠤᠴᠤᠳ᠎ᠢ ᠥᠷᠭᠡᠨ᠎ᠢᠶᠠᠷ ᠨᠢᠭ᠍ᠲᠠᠷᠠᠭᠤᠯᠬᠤ᠂ ᠵᠠᠯᠠᠭᠤᠴᠤᠳ᠎ᠢ ᠪᠦᠲᠦᠮᠵᠢᠲᠡᠶ ᠬᠥᠲᠥᠯᠥᠨ ᠵᠢᠯᠣᠭᠤᠳᠭᠤ》 ᠪᠠᠷ ᠤᠢ᠍ᠢᠯᠠᠭᠠᠭ᠍ᠳᠠᠬᠤᠨ ᠪᠣᠯᠭᠠᠵᠤ᠂ 《ᠬᠡᠯᠪᠡᠷᠢᠵᠢᠭᠦᠯᠬᠦ᠂ ᠪᠠᠷᠢᠮᠵᠢᠶᠠᠵᠢᠭᠤᠯᠬᠤ᠂ ᠦᠢᠯᠡᠳᠬᠦᠨᠴᠢᠯᠡᠬᠦ᠂ ᠮᠡᠳᠡᠭᠡ ᠵᠠᠩᠭᠢᠵᠢᠭᠤᠯᠬᠤ》 ᠵᠠᠯᠠᠭᠤᠴᠤᠳ ᠪᠠᠭᠠᠴᠤᠳ᠎ᠤᠨ ᠵᠢᠭ᠍ᠰᠠᠭᠠᠯ᠎ᠤᠨ ᠭᠠᠵᠠᠷ᠎ᠢ ᠪᠠᠢᠭᠤᠯᠪᠠ᠃
2013 ᠣᠨ᠎ᠠᠴᠠ ᠨᠠᠭᠠᠰᠢ᠂ ᠦᠬᠠᠢ᠎ᠶ᠋ᠢᠨ ᠵᠠᠯᠠᠭᠤᠴᠤᠳ ᠪᠠᠭᠠᠴᠤᠳ᠎ᠤᠨ ᠪᠦᠳᠦᠭᠡᠯᠴᠢ ᠰᠡᠳᠭᠢᠬᠦᠢ᠎ᠶ᠋ᠢᠨ ᠬᠦᠷᠢᠶᠡᠯᠡᠩ ᠨᠡᠢᠲᠡ 80 ᠲᠦᠮᠡ ᠭᠠᠷᠤᠶ ᠬᠦᠮᠦᠨ (ᠤᠳᠠᠭ᠎ᠠ) ᠢ ᠬᠦᠯᠢᠶᠡᠨ ᠠᠪᠴᠤ᠌᠂ 《ᠪᠥᠬᠦ᠌ ᠤᠯᠤᠰ᠎ᠤᠨ ᠵᠠᠯᠠᠭᠤᠴᠤᠳ᠎ᠤᠨ ᠦᠢᠯᠡᠰ ᠪᠤᠰᠭᠠᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠡᠷ᠎ᠤᠨ ᠭᠠᠳᠠᠨᠠᠬᠢ ᠪᠡᠶ᠎ᠡ᠎ᠶ᠋ᠢᠨ ᠲᠠᠮᠢᠷ᠎ᠤᠨ ᠬᠤᠸᠠᠷᠠᠨ》᠂ 《ᠥᠪᠥᠷ ᠮᠣᠩᠭᠤᠯ᠎ᠤᠨ ᠵᠠᠯᠠᠭᠤᠴᠤᠳ ᠪᠠᠭᠠᠴᠤᠳ᠎ᠤᠨ ᠦᠢᠯᠡᠰ ᠪᠤᠰᠭᠠᠬᠤ ᠨᠡᠪᠴᠢᠭᠦᠯᠦᠭᠦᠷ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ ᠲᠧᠭ᠍ᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ》 ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠢᠷᠠᠭᠤ ᠠᠯᠳᠠᠷ᠎ᠢ ᠭᠥᠷᠳᠡᠵᠦ᠍᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠶᠡᠭᠡ ᠰᠤᠷᠭᠠᠭᠤᠯᠢ᠂ ᠯᠠᠨᠵᠧᠤ ᠶᠡᠭᠡ ᠰᠤᠷᠭᠠᠭᠤᠯᠢ᠎ᠶ᠋ᠢᠨ ᠤᠶᠤᠲᠠᠨ ᠵᠠᠯᠠᠭᠤᠴᠤᠳ᠎ᠤᠨ ᠠᠮᠠᠷᠠᠯᠲᠠ᠎ᠶ᠋ᠢᠨ ᠬᠤᠭᠤᠴᠠᠭᠠᠨ᠎ᠤ ᠨᠡᠢᠭᠡᠮ᠎ᠤᠨ ᠦᠶᠯᠡᠳᠦᠯᠭᠡ᠎ᠶ᠋ᠢᠨ ᠵᠢᠭᠠᠨ ᠰᠤᠷᠭᠠᠯᠲᠠ᠎ᠶ᠋ᠢᠨ ᠰᠠᠭᠤᠷᠢᠨ ᠭᠠᠵᠠᠷ᠎ᠢᠶᠠᠷ ᠲᠣᠭ᠍ᠳᠠᠭᠠᠭ᠍ᠳᠠᠪᠠ᠃