《ᠪᠣᠯᠣᠳ》 ᠎ᠤᠨ ᠰᠦᠭ ᠰᠦᠨᠡᠰᠦ᠎ᠶ᠋ᠢ ᠬᠠᠢᠬᠤᠢ
2021-06-16 10:32:04
ᠵᠣᠬᠢᠶᠠᠭ᠍ᠴᠢ᠄
ᠯᠢᠦᠢ ᠱᠢᠤᠸᠠᠢ ᠱᠢᠶᠠᠨ ᠵᠤᠤ ᠸᠧᠨ ᠼᠦᠢ ᠯᠦ᠍ ᠱᠢᠩ ᠱᠢᠤᠸᠠᠢ ᠯᠠᠢ ᠶᠢᠦ ᠺᠦᠨ ᠮᠡᠷᠭᠡᠨᠪᠢᠯᠢᠭ ᠭᠡᠷᠡᠯᠲᠦ ᠵᠠᠩ ᠬᠠᠢ ᠹᠠᠩ ᠵᠠᠩ ᠲᠢᠩ ᠲᠢᠩ ᠭᠦᠩ ᠸᠧᠢ ᠡᠸᠨ
ᠣᠩᠱᠢᠭ᠍ᠰᠠᠨ ᠣᠳᠠᠭ᠎ᠠ᠄
★★★☆☆

 6 ᠰᠠᠷ᠎ᠠ᠎ᠶ᠋ᠢᠨ 14 ᠎ᠤ ᠡᠳᠦᠷ᠎ᠤᠨ 9 ᠴᠠᠭ᠎ᠲᠤ᠌᠂ 《ᠡᠭᠦᠷᠢᠳᠡ ᠨᠠᠮ᠎ᠢᠶᠠᠨ ᠳᠠᠭᠠᠶ᠎ᠠ — ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ》 ᠎ᠶ᠋ᠢᠨ ᠮᠡᠳᠡᠭᠡᠯᠡᠬᠦ᠌ ᠳᠤᠭᠤᠢᠯᠠᠩ ᠪᠤᠭᠤᠲᠤ᠎ᠶ᠋ᠢᠨ ᠪᠣᠯᠣᠳ ᠲᠡᠮᠦᠷ᠎ᠤᠨ ᠬᠤᠷᠠᠯ ᠦᠵᠡᠰᠭᠦᠯᠡᠩ᠎ᠤᠨ ᠲᠥᠪ᠎ᠲᠤ ᠬᠦᠷᠴᠦ᠍᠂ 《ᠲᠠᠯ᠎ᠠ ᠨᠤᠲᠤᠭ᠎ᠤᠨ ᠥᠷᠯᠥᠭᠡ᠎ᠶ᠋ᠢᠨ ᠤᠶᠠᠩᠭ᠎ᠠ᠎ᠶ᠋ᠢ ᠰᠣᠨᠣᠰᠤᠨ ᠪᠣᠯᠣᠳ ᠲᠡᠮᠦᠷ᠎ᠤᠨ ᠰᠥᠭ ᠰᠦᠨᠡᠰᠦ᠎ᠶ᠋ᠢ ᠱᠤᠭᠤᠬᠤ》 ᠎ᠪᠠᠷ ᠭᠤᠤᠯ ᠰᠡᠳᠦᠪ ᠪᠣᠯᠭᠠᠨ ᠲᠠᠯ᠎ᠠ ᠨᠤᠲᠤᠭ ᠱᠢᠯᠵᠢᠶ᠎ᠠ᠎ᠪᠠᠷ ᠱᠢᠭᠤᠳ ᠨᠡᠪᠲᠡᠷᠡᠭᠦᠯᠭᠡ ᠬᠢᠵᠦ᠍᠂ ᠰᠦᠯᠵᠢᠶᠠᠠ ᠠᠠᠲᠠ ᠨᠠᠷ᠎ᠲᠠᠢ ᠬᠠᠮᠲᠤ 《ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠤᠨ ᠪᠦᠯᠦᠭ᠌ᠯᠡᠯ᠎ᠢ ᠪᠥᠲᠥᠭᠡᠨ ᠪᠠᠢᠭᠤᠯᠤᠭ᠍ᠰᠠᠠ》 ᠲᠠᠯ᠎ᠠ ᠨᠤᠲᠤᠭ᠎ᠤᠨ ᠰᠡᠳᠭᠢᠯ ᠬᠥᠳᠡᠯᠭᠡᠮ᠎ᠡ ᠦᠯᠢᠭᠡᠷ ᠦᠩᠭᠡᠷᠡᠯᠲᠡ᠎ᠶ᠋ᠢ ᠳᠠᠬᠢᠨ ᠡᠷᠭᠢᠴᠡᠭᠦᠯᠵᠦ᠍᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠯᠣᠳ ᠲᠡᠮᠦᠷ᠎ᠤᠨ ᠤᠮᠤᠭ᠍ᠰᠢᠯ ᠪᠤᠯᠤᠭ᠍ᠰᠠᠨ 《ᠪᠣᠯᠣᠳ》 ᠎ᠤᠨ ᠣᠲᠤᠬᠢ ᠪᠠᠢᠲᠠᠯ᠎ᠢ ᠤᠢ᠍ᠢᠯᠠᠭᠠᠪᠠ᠃


QQ截图20210616090743.png


ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ 《ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠢ ᠪᠦᠳᠦᠭᠡᠨ ᠪᠠᠢᠭᠤᠯᠰᠤᠭᠠᠢ》 ᠭᠡᠰᠡᠡ ᠲᠡᠦᠬᠡ᠎ᠶ᠋ᠢᠨ ᠰᠠᠢᠬᠠᠨ ᠳᠠᠭᠤᠷᠢᠰᠭᠠᠯ᠎ᠢ ᠳᠤᠷᠠᠳᠴᠤ᠌᠂ ᠲᠡᠷᠡ ᠦᠶ᠎ᠠ᠎ᠶ᠋ᠢᠨ ᠭᠡᠷᠡᠯ ᠰᠠᠴᠤᠷᠠᠩᠭᠤᠢ ᠤᠠ ᠵᠢᠯ᠎ᠤᠨ ᠲᠤᠬᠠᠢ ᠬᠥᠮᠦᠰ᠎ᠤᠨ ᠳᠤᠷᠠᠰᠤᠮᠵᠢ᠎ᠶ᠋ᠢ ᠳᠠᠬᠢᠨᠲᠠ ᠪᠤᠳᠤᠭ᠍ᠳᠠᠭᠤᠯᠵᠠᠢ᠃

ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠬᠡᠳᠦᠨ ᠦᠶ᠎ᠡ᠎ᠶ᠋ᠢᠨ ᠬᠥᠮᠦᠰ᠎ᠤᠨ ᠬᠦᠴᠦ᠍ ᠬᠥᠯᠥᠰᠥ᠍ ᠪᠣᠯᠤᠨ ᠬᠦᠰᠡᠯ ᠵᠡᠭᠦᠳᠦ᠎ᠶ᠋ᠢ ᠲᠡᠮᠲᠡᠭ᠌ᠯᠡᠭ᠌ᠰᠡᠨ ᠬᠠᠭᠤᠴᠢᠨ ᠬᠡᠷᠡᠯ ᠵᠢᠷᠤᠭ᠎ᠤᠳ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠬᠤᠷᠠᠯ ᠦᠵᠡᠰᠭᠦᠯᠡᠩ᠎ᠤᠨ ᠲᠥᠪ᠎ᠲᠤ ᠲᠡᠯᠭᠡᠭ᠌ᠳᠡᠵᠦ᠍᠂ ᠬᠥᠮᠦᠰ᠎ᠤᠨ ᠠᠩᠬᠠᠷᠤᠯ᠎ᠢ ᠤᠨᠴᠠ ᠲᠠᠲᠠᠨ᠎ᠠ᠃ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ ᠪᠣᠯ ᠤᠯᠤᠰ᠎ᠤᠨ 《ᠠᠩᠬᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠪᠦᠳᠦᠭᠡᠨ ᠪᠠᠢᠭᠤᠯᠤᠭ᠍ᠰᠠᠨ 156 ᠭᠤᠣᠯᠳᠠᠯᠭ᠎ᠠ᠎ᠲᠠᠢ ᠲᠦᠷᠦᠯ ᠵᠦᠢᠯ᠎ᠤᠨ ᠨᠢᠭᠡ ᠪᠣᠯᠤᠨ᠎ᠠ᠂ 1954 ᠣᠨ᠎ᠠᠴᠠ 1959 ᠤᠨ ᠪᠣᠯᠲᠠᠯ᠎ᠠ ᠪᠦᠲᠦᠭᠡᠨ ᠪᠠᠢᠭᠤᠯᠵᠤ᠂ ᠲᠤᠰ ᠵᠢᠯ᠎ᠳᠡᠭᠡᠨ ᠠᠱᠢᠠᠠᠯᠠᠯᠲᠠ᠎ᠳᠤ ᠣᠷᠣᠭᠤᠯᠵᠤ᠂ ᠲᠤᠬᠠᠢ᠎ᠶ᠋ᠢᠨ ᠦᠶ᠎ᠡ᠎ᠶ᠋ᠢᠨ ᠪᠦᠬᠦ᠌ ᠤᠯᠤᠰ᠎ᠤᠨ ᠭᠤᠷᠪᠠᠨ ᠶᠡᠭᠡ ᠪᠤᠯᠤᠳ ᠲᠡᠮᠦᠷ᠎ᠤᠨ ᠠᠵᠤ ᠠᠬᠤᠢᠯᠠᠯ᠎ᠤᠨ ᠨᠢᠭᠡ ᠪᠣᠯᠤᠭ᠍ᠰᠠᠨ ᠪᠠᠢᠨ᠎ᠠ᠃ ᠪᠦᠳᠦᠭᠡᠨ ᠪᠠᠢᠭᠤᠯᠤᠯᠲᠠ᠎ᠶ᠋ᠢᠨ ᠡᠬᠢᠨ᠎ᠤ ᠬᠤᠭᠤᠴᠠᠭᠠᠨ᠎ᠳᠤ ᠡᠯ᠎ᠡ ᠵᠦᠢᠯ᠎ᠤᠨ ᠬᠦᠴᠦᠨ᠂ ᠨᠥᠬᠦᠴᠡᠯ ᠠᠯᠢ ᠠᠯᠢ᠎ᠨᠢ ᠬᠦᠷᠦᠯᠴᠡᠬᠦ᠌ ᠦᠭᠡᠢ ᠪᠠᠢᠪᠠ᠃ 1959 ᠣᠨ᠎ᠤ 1 ᠰᠠᠷ᠎ᠠ᠎ᠶ᠋ᠢᠨ 19 ᠎ᠤ ᠡᠳᠦᠷ᠂ 《ᠠᠷᠠᠳ᠎ᠤᠨ ᠡᠳᠦᠷ᠎ᠤᠨ ᠰᠣᠨᠢᠨ》 ᠎ᠳᠤ 《ᠭᠤᠣᠯᠳᠠᠯᠭ᠎ᠠ᠎ᠶ᠋ᠢ ᠪᠠᠲᠤᠯᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢ ᠲᠤᠰᠠᠯᠠᠰᠤᠭᠠᠢ》 ᠭᠡᠬᠦ᠌ ᠬᠤᠷᠢᠶᠠᠨ᠎ᠤ ᠥᠭᠦᠯᠡᠯ ᠨᠡᠢᠲᠡᠯᠡᠵᠦ᠍᠂ ᠨᠢᠭᠡ ᠦᠶ᠎ᠡ ᠲᠥᠪ᠎ᠠᠴᠠ ᠣᠷᠣᠨ ᠨᠤᠲᠤᠭ ᠬᠦᠷᠲᠡᠯ᠎ᠡ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢ ᠲᠤᠰᠠᠯᠠᠬᠤ ᠬᠠᠯᠠᠭᠤᠨ ᠥᠷᠨᠢᠯᠲᠡ ᠭᠠᠷᠴᠤ᠌᠂ 22 ᠮᠤᠵᠢ᠎ᠶ᠋ᠢᠨ 55 ᠬᠤᠳᠠ᠎ᠶ᠋ᠢᠨ 300 ᠭᠠᠷᠤᠢ ᠠᠵᠤ ᠠᠬᠤᠢᠯᠠᠯ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠢ ᠬᠦᠴᠦᠲᠡᠢ ᠲᠡᠮᠵᠢᠵᠠᠢ᠃


QQ截图20210616090757.png


《ᠨᠠᠮ᠎ᠤᠨ ᠲᠥᠪ ᠬᠤᠷᠢᠶᠠᠨ᠎ᠤ ᠳᠣᠲᠣᠨᠣ ᠬᠠᠯᠠᠮᠵᠢᠯᠠᠯ᠎ᠢᠶᠠᠷ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠦᠨᠦᠲᠦᠷ ᠰᠠᠶᠢ ᠪᠠᠢᠵᠦ᠍ ᠴᠢᠲᠠᠵᠠᠢ᠂ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢᠨ ᠪᠦᠳᠤᠭᠡᠨ ᠪᠠᠢᠭᠤᠯᠤᠯᠲᠠ᠎ᠨᠢ ᠮᠦᠨ ᠴᠦ᠍ ᠳᠤᠮᠳᠠᠳᠤ᠎ᠶ᠋ᠢᠨ ᠬᠥᠪᠡᠭᠦᠳ ᠥᠬᠢᠳ᠎ᠤᠨ ᠰᠥᠰᠥ᠍ ᠵᠣᠷᠢᠭ ᠪᠠ ᠬᠠᠳᠠᠨ ᠵᠣᠷᠢᠭ᠎ᠢ ᠢᠯᠡᠷᠡᠭᠦᠯᠦᠭ᠌ᠰᠡᠨ ᠪᠠᠢᠨ᠎ᠠ》 ᠭᠡᠵᠦ᠍ ᠡᠨᠡ ᠵᠢᠯ 72 ᠨᠠᠰᠤ᠎ᠲᠠᠢ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ ᠬᠤᠢᠴᠢ ᠦᠶ᠎ᠡ᠎ᠶ᠋ᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠼᠤᠤ ᠹᠧᠩ ᡁᠢ ᠰᠤᠷᠪᠤᠯᠵᠢᠯᠠᠭ᠍ᠴᠢ᠎ᠳᠤ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ ᠪᠦᠳᠤᠭᠡᠨ ᠪᠠᠢᠭᠤᠯᠤᠯᠲᠠ᠎ᠶ᠋ᠢᠨ ᠲᠡᠦᠬᠡ᠎ᠶ᠋ᠢ ᠶᠠᠷᠢᠵᠤ ᠭᠠᠷᠤᠯ᠎ᠠ᠃ ᠪᠤᠭᠤᠲᠤ ᠬᠤᠳᠠ᠎ᠶ᠋ᠢᠨ ᠬᠤᠢᠴᠢ ᠦᠶ᠎ᠡ᠎ᠶ᠋ᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ᠎ᠤᠨ 《ᠲᠠᠪᠤᠨ ᠠᠬᠠᠮᠠᠳ》 ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠼᠤᠤ ᠹᠧᠩ ᡁᠢ ᠪᠠᠰᠠ ᠵᠠᠯᠠᠭᠤᠴᠤᠳ ᠪᠠᠭᠠᠴᠤᠳ᠎ᠲᠤ ᠨᠠᠮ᠎ᠤᠨ ᠲᠡᠦᠬᠡ᠎ᠶ᠋ᠢ ᠶᠠᠷᠢᠵᠤ ᠦᠭ᠌ᠳᠡᠭ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠢ ᠬᠡᠦᠬᠡᠳ᠎ᠤᠳ᠎ᠲᠤ ᠨᠠᠩ ᠰᠠᠢᠲᠤᠷ ᠣᠢᠯᠠᠭᠠᠭᠤᠯᠤᠨ ᠲᠠᠨᠢᠭᠤᠯᠬᠤ᠎ᠶ᠋ᠢᠨ ᠲᠥᠯᠥᠭᠡ᠂ ᠪᠢ ᠮᠠᠰᠢ ᠣᠯᠠᠨ ᠨᠠᠮ᠎ᠤᠨ ᠲᠡᠦᠬᠡ᠎ᠶ᠋ᠢᠨ ᠥᠯᠢᠭᠡᠷ᠎ᠢ ᠬᠡᠦᠬᠡᠳ᠎ᠤᠨ ᠳᠠᠭᠤᠤ ᠪᠣᠯᠭᠠᠨ ᠨᠠᠢᠷᠠᠭᠤᠯᠪᠠ᠂ ᠬᠡᠦᠬᠡᠳ᠎ᠤᠳ ᠡᠭᠦᠨ᠎ᠳᠤ ᠮᠠᠰᠢ ᠳᠤᠷᠠᠲᠠᠶ ᠪᠠᠢᠳᠠᠭ》 ᠭᠡᠪᠡ᠃

ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ ᠦᠶ᠎ᠡ ᠦᠶ᠎ᠡ᠎ᠶ᠋ᠢᠨ ᠬᠥᠮᠦᠰ᠎ᠤᠨ ᠴᠢᠷᠮᠠᠢᠯᠭ᠎ᠠ᠎ᠪᠠᠷ᠂ ᠤᠳᠤ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ ᠦᠢᠯᠡᠳᠬᠦᠨ 60 ᠭᠠᠷᠤᠢ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭ᠍ᠳᠠᠵᠤ᠂ ᠪᠡᠭᠡᠵᠢᠩ᠎ᠠᠴᠠ ᠱᠠᠩᠬᠠᠢ ᠬᠦᠷᠬᠦ᠌ ᠲᠦᠷᠭᠡᠨ᠎ᠤ ᠲᠡᠮᠤᠷ ᠵᠠᠮ᠎ᠤᠨ 62% ᠎ᠤᠨ ᠪᠤᠯᠤᠳ ᠲᠡᠮᠤᠷ᠂ ᠪᠡᠭᠡᠵᠢᠩ᠎ᠠᠴᠠ ᠭᠤᠸᠠᠩᠵᠧᠦ ᠬᠦᠷᠬᠦ᠌ ᠲᠦᠷᠭᠡᠨ᠎ᠤ ᠲᠡᠮᠤᠷ ᠵᠠᠮ᠎ᠤᠨ 50% ᠎ᠶ᠋ᠢᠨ ᠪᠤᠯᠤᠳ ᠲᠡᠮᠤᠷ᠂ ᠬᠥᠬᠡᠨᠠᠭᠤᠷ ᠲᠥᠪᠡᠳ᠎ᠤᠨ ᠲᠡᠮᠤᠷ ᠵᠠᠮ᠎ᠤᠨ ᠭᠤᠷᠪᠠᠨ᠎ᠤ ᠬᠤᠶᠠᠷ ᠬᠤᠪᠢ᠎ᠶ᠋ᠢᠨ ᠪᠤᠯᠤᠳ ᠲᠡᠮᠤᠷ ᠪᠦᠷ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠠᠴᠠ ᠢᠷᠡᠯᠳᠡ᠎ᠲᠠᠢ ᠪᠠᠢᠵᠤ᠂ 《ᠴᠠᠩ ᠵᠧᠩ》 ᠱᠢᠷᠢᠰ ᠬᠥᠯᠭᠡ ᠲᠡᠢᠷᠤᠯᠳᠤ ᠰᠤᠮᠤ᠂ 《ᠬᠤᠪᠢᠯᠭᠠᠨ ᠣᠩᠭᠤᠴᠠ》 ᠱᠢᠷᠢᠰ ᠨᠢᠰᠭᠦ ᠣᠩᠭᠤᠴᠠ᠂ 《ᠳᠤᠮᠳᠠᠳᠤ ᠤᠯᠤᠰ᠎ᠤᠨ ᠰᠠᠷᠠᠨ ᠪᠥᠮᠪᠥᠷᠴᠡᠭ᠎ᠢ ᠬᠠᠢᠨ ᠱᠢᠨᠵᠢᠯᠡᠬᠦ᠌ ᠢᠨᠵᠧᠨᠧᠷᠢᠩ》 ᠵᠡᠷᠭᠡ ᠤᠯᠤᠰ᠎ᠤᠨ ᠭᠤᠣᠯᠳᠠᠯᠭ᠎ᠠ᠎ᠲᠠᠢ ᠢᠨᠵᠧᠨᠧᠷᠢᠩ ᠴᠥᠮ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ ᠬᠤᠪᠣᠷ ᠱᠢᠷᠣᠢ᠎ᠶ᠋ᠢᠨ ᠦᠢᠯᠡᠳᠬᠦᠨ᠎ᠢ ᠬᠡᠷᠡᠭ᠌ᠯᠡᠪᠡ᠃



QQ截图20210616090826.png

QQ截图20210616090856.png

QQ截图20210616090811.png


ᠡᠳᠡᠭᠡᠷ ᠠᠮᠵᠢᠯᠲᠠ ᠪᠦᠲᠦᠮᠵᠢ᠎ᠨᠢ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠤᠨ ᠬᠥᠮᠦᠰ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠦᠭ᠌ᠰᠡᠨ᠎ᠠᠴᠠ ᠰᠠᠯᠵᠤ ᠴᠢᠳᠠᠬᠤ ᠦᠭᠡᠢ ᠶᠤᠮ᠃ 1976 ᠣᠨ᠎ᠳᠤ ᠲᠦᠷᠦᠭ᠌ᠰᠡᠨ ᠱᠢᠩ ᠭᠠᠩ ᠪᠤᠭᠤᠲᠤ᠎ᠶ᠋ᠢᠨ ᠪᠤᠯᠤᠳ ᠲᠡᠮᠤᠷ᠎ᠤᠨ ᠪᠦᠯᠦᠭ᠌ᠯᠡᠯ᠎ᠳᠤ ᠠᠵᠢᠯᠯᠠᠭ᠍ᠰᠠᠨ 24 ᠵᠢᠯ᠎ᠤᠨ ᠬᠤᠭᠤᠴᠠᠭᠠᠨ᠎ᠳᠤ᠂ ᠨᠠᠷᠢᠨ ᠨᠢᠮᠪᠠᠢ ᠬᠠᠨᠳᠤᠬᠤ ᠤᠷᠠᠨ ᠲᠠᠷᠬᠠᠨ᠎ᠤ ᠵᠣᠷᠢᠭ ᠰᠠᠨᠠᠭ᠎ᠠ᠎ᠪᠠᠷ ᠮᠠᠰᠢ ᠤᠯᠠᠨ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠤᠳᠤ ᠨᠢᠭᠡᠨᠲᠡ ᠤᠯᠤᠰ᠎ᠤᠨ ᠲᠡᠰ᠎ᠤᠨ ᠤᠷ᠎ᠠ ᠴᠢᠳᠠᠪᠤᠷᠢ᠎ᠶ᠋ᠢᠨ ᠳᠠᠷᠬᠠᠨ ᠪᠣᠯᠵᠠᠢ᠃ 《ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ》᠂ 《ᠤᠮᠠᠷᠠᠲᠤ᠎ᠶ᠋ᠢᠨ ᠤᠷᠠᠨ ᠲᠠᠷᠬᠠᠨ》 ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠡᠳᠦᠨ ᠠᠷᠪᠠᠨ ᠢᠷᠠᠭᠤ ᠠᠯᠳᠠᠷ᠎ᠤᠨ ᠡᠮᠦᠨ᠎ᠡ᠂ ᠲᠡᠷᠡ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠢᠯ᠎ᠠ᠃ 《ᠮᠢᠨᠦ᠍ ᠡᠭᠦᠷᠭᠡ ᠪᠣᠯ ᠳᠠᠷᠤᠢ ᠮᠡᠷᠭᠡᠵᠢᠯ᠎ᠢ ᠤᠯᠠᠮᠵᠢᠯᠠᠬᠤ ᠪᠠ ᠱᠢᠨ᠎ᠡ᠎ᠶ᠋ᠢ ᠡᠭᠦᠳᠬᠦ᠌ ᠠᠵᠢᠯ᠎ᠢ ᠰᠠᠢᠲᠤᠷ ᠬᠢᠵᠦ᠍᠂ ᠨᠠᠮ ᠪᠣᠯᠤᠨ ᠤᠯᠤᠰ᠎ᠤᠨ ᠬᠠᠢᠷ᠎ᠠ ᠬᠠᠯᠠᠮᠵᠢ᠎ᠶ᠋ᠢ ᠬᠥᠰᠡᠷᠳᠡᠭᠦᠯᠬᠦ᠌ ᠦᠭᠡᠢ ᠪᠠᠢᠬᠤ ᠶᠠᠪᠤᠳᠠᠯ ᠪᠤᠯᠤᠨ᠎ᠠ》 ᠭᠡᠵᠡᠢ᠃


QQ截图20210616090908.png


《ᠵᠢᠭᠦᠷᠲᠦ ᠬᠤᠪᠢᠯᠭᠠᠨ ᠬᠦᠯᠦᠭ ᠱᠢᠭ᠎ᠢᠶᠠᠷ᠂ ᠵᠢᠷᠭᠠᠯᠠᠩᠲᠤ ᠲᠠᠯ᠎ᠠ᠎ᠳᠠᠭᠠᠨ ᠪᠢᠳᠡ ᠲᠤᠪᠲᠤᠯᠤᠨ᠎ᠠ᠂ ᠠ ᠬᠠ ᠬᠦᠢ ᠁ ᠠᠲᠠᠷ ᠭᠠᠵᠠᠷ᠎ᠲᠤ ᠬᠤᠳᠠ ᠪᠠᠢᠭᠤᠯᠤᠭ᠍ᠳᠠᠭᠠᠳ᠂ ᠠᠯᠮᠠᠰ ᠪᠤᠯᠤᠳ᠎ᠤᠨ ᠴᠡᠴᠡᠭ ᠰᠤᠯᠤᠩᠭᠠᠷᠠᠭᠠᠳ ᠪᠠᠢᠨ᠎ᠠ》᠃ ᠰᠣᠩᠭᠤᠳᠠᠭ ᠪᠦᠲᠦᠭᠡᠯ 《ᠲᠠᠯ᠎ᠠ ᠨᠤᠲᠤᠭ᠎ᠤᠨ ᠥᠷᠯᠥᠭᠡ᠎ᠶ᠋ᠢᠨ ᠤᠶᠠᠩᠭ᠎ᠠ》 ᠦᠵᠡᠰᠭᠦᠯᠡᠩ᠎ᠤᠨ ᠣᠷᠳᠣᠨ᠎ᠳᠤ ᠤᠳᠠᠲᠠᠯ᠎ᠠ ᠴᠤᠤᠷᠢᠶᠠᠲᠤᠪᠠ᠃ 《ᠪᠤᠭᠤᠲᠤ᠎ᠶ᠋ᠢᠨ ᠪᠤᠯᠤᠳ ᠲᠡᠮᠦᠷ ᠪᠦᠬᠦ᠌ ᠤᠯᠤᠰ᠎ᠤᠨ ᠲᠦᠯᠦᠭᠡ ᠵᠢᠳᠭᠦᠨ᠎ᠡ᠂ ᠪᠦᠬᠦ᠌ ᠤᠯᠤᠰ᠎ᠢᠶᠠᠷ᠎ᠢᠶᠠᠨ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠢ ᠳᠡᠮᠵᠢᠨ᠎ᠡ》᠃ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠪᠦᠳᠦᠭᠡᠨ ᠪᠠᠢᠭᠤᠯᠤᠯᠲᠠ᠎ᠨᠢ ᠪᠦᠬᠦ᠌ ᠤᠯᠤᠰ᠎ᠤᠨ ᠠᠷᠠᠳ ᠲᠦᠮᠡᠨ᠎ᠤ ᠬᠦᠴᠦᠨ ᠴᠢᠳᠠᠯ᠂ ᠤᠶᠤᠨ ᠤᠬᠠᠭᠠᠨ ᠪᠠ ᠬᠦᠴᠦ᠍ ᠬᠥᠯᠥᠰᠥ᠎ᠶ᠋ᠢ ᠨᠢᠭ᠍ᠲᠠᠷᠠᠭᠤᠯᠵᠤ᠂ ᠮᠠᠨ᠎ᠤ ᠤᠯᠤᠰ᠎ᠤᠨ ᠦᠨᠳᠦᠰᠦᠲᠡᠨ᠎ᠤ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠭᠡᠷᠡᠴᠢᠯᠡᠵᠦ᠍᠂ ᠦᠨᠳᠦᠰᠦᠲᠡᠨ᠎ᠨᠦᠭᠦᠳ ᠪᠦᠯᠬᠦᠮᠳᠡᠵᠦ᠍ ᠤᠷᠤᠭ᠍ᠰᠢᠯᠠᠨ ᠲᠠᠪᠱᠢᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠰᠠᠢᠨ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠪᠦᠳᠦᠭᠡᠨ ᠪᠠᠢᠭᠤᠯᠬᠤ ᠡᠶ᠎ᠡ ᠵᠣᠬᠢᠴᠠᠩᠭᠤᠢ ᠬᠠᠭᠤᠳᠠᠰᠤ᠎ᠶ᠋ᠢ ᠪᠢᠴᠢᠭ᠌ᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号