ᠬᠢᠵᠢᠭ᠎ᠲᠠᠢ ᠲᠡᠮᠡᠴᠡᠭ᠌ᠰᠡᠨ ᠦᠯᠢᠬᠡᠷ᠎ᠢ ᠳᠠᠬᠢᠨᠳᠠ ᠡᠷᠬᠢᠴᠡᠬᠦᠯᠵᠥ᠍ ᠪᠠᠭᠠᠲᠤᠷᠴᠤᠳ᠎ᠲᠤ ᠬᠦᠨᠳᠦᠳᠭᠡᠯ ᠳᠡᠪᠱᠢᠭᠦᠯᠦᠶ᠎ᠡ!
2021-06-16 17:01:28
ᠵᠣᠬᠢᠶᠠᠭ᠍ᠴᠢ᠄
ᠸᠧᠢ ᠨᠠ ᠯᠢᠶᠠᠩ ᠯᠢᠶᠠᠩ ᠶᠤᠸᠠᠨ ᠪᠦᠦ ᠨᠢᠶᠠᠨ ᠬᠤᠢᠲᠤᠠᠤᠯᠤᠰ ᠸᠠᠩ ᠲᠠᠨ᠎ᠠ ᠳ᠋ᠧᠩ ᠢᠦᠶ ᠱᠢᠶᠠ ᠬᠥᠪᠴᠢᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 12 ᠎ᠤᠨ ᠡᠳᠦᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ 《〈ᠡᠭᠦᠷᠢᠳᠡ ᠨᠠᠮ᠎ᠢᠶᠠᠨ ᠳᠠᠭᠠᠶ᠎ᠠ〉 ᠡᠭᠦᠯᠡᠨ ᠬᠦᠯᠦᠭ • ᠵᠠᠭᠤᠨ ᠰᠤᠷᠪᠤᠯᠵᠢᠯᠠᠬ᠍ᠴᠢ᠎ᠶ᠋ᠢᠨ ᠳᠦᠮᠡᠨ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠤᠯᠠᠭᠠᠨᠬᠠᠳᠠ᠎ᠶ᠋ᠢᠨ ᠮᠡᠳᠡᠭᠡᠯᠡᠬᠦ᠌ ᠳᠤᠭᠤᠢᠯᠠᠩ᠎ᠤᠨ ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶ᠋ᠢᠨ ᠡᠮᠨᠡᠯᠬᠡ᠎ᠶ᠋ᠢᠨ ᠬᠤᠷᠢᠶ᠎ᠠ᠎ᠳᠤ ᠬᠦᠷᠴᠦ᠍᠂ 2020 ᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠦᠬᠠᠨ᠎ᠳᠤ ᠲᠤᠰᠠᠯᠠᠬᠤ᠎ᠪᠠᠷ ᠬᠦᠷᠦᠭ᠌ᠰᠡᠨ ᠤᠯᠠᠭᠠᠨᠬᠠᠳᠠ ᠬᠤᠲᠠ᠎ᠶ᠋ᠢᠨ ᠡᠮᠨᠡᠯᠭᠡ᠎ᠶ᠋ᠢᠨ ᠬᠤᠷᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠷᠢᠶᠠᠨ ᠳᠠᠷᠤᠭ᠎ᠠ ᠵᠠᠩ ᠰᠢ ᠵᠧ᠎ᠲᠠᠢ ᠠᠭᠤᠯᠵᠠᠵᠤ᠂ ᠲᠡᠭᠦᠨ᠎ᠠᠴᠠ ᠡᠪ ᠬᠠᠮᠲᠤ ᠨᠠᠮ᠎ᠤᠨ ᠭᠡᠱᠢᠭᠦᠨ᠎ᠤ ᠬᠢᠵᠢᠭ᠎ᠲᠠᠢ ᠲᠡᠮᠡᠴᠡᠬᠦ᠌ ᠲᠡᠮᠡᠴᠡᠯ ᠳᠤᠮᠳᠠᠬᠢ ᠰᠡᠳᠭᠢᠯ ᠬᠥᠳᠡᠯᠭᠡᠮ᠎ᠡ ᠥᠯᠢᠭᠡᠷ᠎ᠢ ᠰᠣᠨᠣᠰᠪᠠ᠃



2020 ᠣᠨ᠎ᠤ ᠡᠬᠢ᠎ᠪᠠᠷ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠭᠡᠨᠡᠳᠲᠡ᠎ᠪᠠᠷ ᠡᠭᠦᠰᠴᠦ᠍᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠮᠠᠨ᠎ᠤ ᠤᠯᠤᠰ᠎ᠲᠤ ᠡᠭᠦᠰᠦᠭ᠌ᠰᠡᠨ ᠬᠠᠯᠳᠠᠪᠤᠷᠢᠯᠠᠬᠤ ᠬᠤᠷᠳᠤᠴᠠ᠎ᠪᠠᠷ ᠬᠠᠮᠤᠭ᠎ᠤᠨ ᠲᠦᠷᠭᠡᠨ᠂ ᠬᠠᠯᠳᠠᠪᠤᠷᠢᠯᠠᠬᠤ ᠬᠡᠪᠴᠢᠶ᠎ᠡ᠎ᠪᠠᠷ ᠬᠠᠮᠤᠭ᠎ᠤᠨ ᠥᠷᠭᠡᠨ᠂ ᠰᠡᠷᠭᠡᠢᠯᠡᠨ ᠡᠵᠡᠮᠳᠡᠬᠦ᠌ ᠬᠦᠴᠢᠷᠳᠡᠯ᠎ᠢᠶᠠᠷ ᠬᠠᠮᠤᠭ᠎ᠤᠨ ᠶᠡᠭᠡ ᠨᠢᠭᠡ ᠤᠳᠠᠭᠠᠨ᠎ᠤ ᠬᠦᠨᠳᠦ ᠶᠡᠭᠡ ᠭᠡᠨᠡᠳᠲᠡ ᠡᠭᠦᠰᠦᠭ᠌ᠰᠡᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ ᠪᠣᠯᠪᠠ᠃

《ᠠᠮᠢ ᠨᠠᠰᠤ ᠠᠯᠢᠪᠠ᠎ᠠᠴᠠ ᠡᠷᠬᠢᠮ᠃ ᠬᠢᠵᠢᠭ᠎ᠤᠨ ᠪᠠᠢᠳᠠᠯ ᠪᠣᠯ ᠵᠠᠷᠯᠢᠭ᠂ ᠰᠡᠷᠭᠡᠢᠯᠡᠨ ᠡᠵᠡᠮᠳᠡᠬᠦ᠌ ᠪᠣᠯ ᠬᠠᠷᠢᠭᠤᠴᠠᠯᠭ᠎ᠠ ᠮᠦᠨ》

2020 ᠣᠨ᠎ᠤ 2 ᠰᠠᠷ᠎ᠠ᠎ᠶ᠋ᠢᠨ 18 ᠎ᠤ ᠡᠳᠦᠷ᠂ ᠵᠠᠩ ᠰᠢ ᠵᠧ ᠥᠪᠥᠷ ᠮᠣᠩᠭᠤᠯ᠎ᠤᠨ ᠬᠤᠪᠸᠢ᠎ᠶ᠋ᠢ ᠲᠤᠰᠠᠯᠠᠬᠤ ᠲᠠᠪᠤᠳᠤᠭᠠᠷ ᠡᠮᠴᠢᠯᠡᠭᠡᠨ᠎ᠤ ᠠᠩᠭᠢ᠎ᠶ᠋ᠢᠨ ᠶᠡᠷᠦᠩᠬᠡᠶ ᠳᠠᠭᠠᠭᠤᠯᠤᠭ᠍ᠴᠢ ᠪᠣᠯᠤᠭ᠍ᠰᠠᠨ᠎ᠤ ᠬᠤᠪᠢ᠎ᠳᠤ᠂ ᠪᠥᠬᠦ᠌ ᠣᠷᠣᠨ᠎ᠤ 6 ᠠᠢᠮᠠᠭ ᠬᠤᠲᠠ᠎ᠶ᠋ᠢᠨ 15 ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ 147 ᠭᠡᠱᠢᠭᠦᠨ᠎ᠢ ᠳᠠᠭᠠᠭᠤᠯᠤᠨ ᠦᠳᠲᠡᠷ ᠲᠦᠷᠭᠡᠨ᠎ᠢᠶᠠᠷ ᠦᠬᠠᠨ᠎ᠳᠤ ᠬᠦᠷᠴᠦ᠍᠂ ᠦᠬᠠᠨ ᠬᠤᠲᠠ᠎ᠶ᠋ᠢᠨ ᠠᠭᠤᠰᠭᠢᠨ᠎ᠤ ᠰᠠᠯᠠᠭᠠᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠲᠤᠰᠠᠯᠠᠪᠠ᠃ ᠡᠮᠴᠢᠯᠡᠭᠡᠨ᠎ᠤ ᠠᠩᠭᠢ᠎ᠶ᠋ᠢᠨ ᠭᠡᠱᠢᠭᠦᠳ᠎ᠤᠨ ᠳᠤᠮᠳᠠᠴᠢ ᠨᠠᠰᠤ᠎ᠨᠢ ᠵᠥᠪᠬᠡᠨ 33᠂ ᠬᠠᠮᠤᠭ᠎ᠤᠨ ᠪᠠᠭ᠎ᠠ᠎ᠨᠢ 22 ᠨᠠᠰᠤᠳᠠᠢ ᠪᠠᠢᠪᠠ᠃


IMG_5927(20210616-165042).JPG

IMG_5928(20210616-165049).JPG


ᠦᠬᠠᠨ᠎ᠳᠤ ᠬᠦᠷᠬᠦ᠌ ᠡᠭᠡᠯᠵᠢ᠎ᠶ᠋ᠢᠨ ᠨᠢᠰᠭᠡᠯ ᠳᠡᠭᠡᠷ᠎ᠡ᠂ ᠡᠮᠴᠢᠯᠡᠭᠡᠨ᠎ᠤ ᠠᠩᠭᠢ ᠲᠦᠷ ᠴᠠᠭ᠎ᠤᠨ ᠨᠠᠮ᠎ᠤᠨ ᠶᠡᠷᠦᠩᠬᠡᠶ ᠡᠭᠦᠷ ᠪᠠᠢᠭᠤᠯᠵᠤ᠂ ᠳᠣᠣᠷ᠎ᠠ᠎ᠪᠠᠨ 6 ᠲᠦᠷ ᠴᠠᠭ᠎ᠤᠨ ᠨᠠᠮ᠎ᠤᠨ ᠡᠭᠦᠷ ᠪᠠᠢᠭᠤᠯᠪᠠ᠃ ᠦᠬᠠᠨ᠎ᠢ ᠲᠤᠰᠠᠯᠠᠬᠤ ᠬᠤᠭᠤᠴᠠᠭᠠᠨ᠎ᠳᠤ ᠲᠦᠷ ᠴᠠᠭ᠎ᠤᠨ ᠨᠠᠮ᠎ᠤᠨ ᠶᠡᠷᠦᠩᠬᠡᠢ ᠡᠭᠦᠷ᠎ᠠᠴᠠ 1 ᠬᠦᠮᠦᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠩᠬᠢᠨᠢ ᠭᠡᠱᠢᠭᠦᠨ᠎ᠢᠶᠠᠷ ᠡᠯᠰᠡᠵᠦ᠍᠂ 14 ᠬᠦᠮᠦᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠯᠡᠳᠭᠡᠯ ᠭᠡᠱᠢᠭᠦᠨ᠎ᠢᠶᠠᠷ ᠡᠯᠰᠡᠵᠦ᠍᠂ 74 ᠢᠳᠡᠪᠬᠢᠲᠡᠨ᠎ᠢ ᠬᠦᠮᠦᠵᠢᠬᠦᠯᠵᠡᠢ᠃

ᠨᠠᠮ᠎ᠤᠨ ᠭᠡᠱᠢᠭᠦᠨ ᠨᠢᠭᠡ ᠪᠦᠷᠢ ᠪᠤᠯ ᠭᠠᠯ ᠤᠯᠠᠭᠠᠨ ᠲᠤᠬ ᠮᠥᠨ᠂ ᠨᠠᠮ᠎ᠤᠨ ᠡᠭᠦᠷ ᠨᠢᠭᠡ ᠪᠦᠷᠢ ᠴᠥᠮ ᠪᠠᠲᠤ ᠴᠢᠩᠭ᠎ᠠ ᠲᠠᠢᠴᠢᠨ ᠪᠠᠬᠢᠯᠡᠯᠲᠡ ᠮᠥᠨ᠃


IMG_5930(20210616-165059).JPG

IMG_5929(20210616-165054).JPG

IMG_5931(20210616-165105).JPG

 

ᠬᠢᠵᠢᠭ᠎ᠲᠠᠢ ᠲᠡᠮᠡᠴᠡᠬᠦ᠌ ᠡᠮᠦᠨ᠎ᠡ ᠹᠷᠣᠨᠲ᠎ᠲᠤ᠌᠂ ᠴᠠᠭᠠᠨ ᠬᠤᠶᠠᠭ᠍ᠳᠤ ᠪᠠᠭᠠᠲᠤᠷᠴᠤᠳ ᠡᠳᠦᠷ ᠰᠥᠨᠢ ᠦᠬᠡᠢ ᠲᠡᠮᠡᠴᠡᠨ᠂ ᠦᠬᠦᠵᠤ ᠰᠡᠭᠡᠬᠦ᠌᠎ᠪᠠᠨ ᠤᠮᠠᠷᠲᠠᠨ᠂ ᠴᠠᠭ ᠮᠥᠴᠡ᠎ᠲᠠᠢ ᠤᠷᠤᠯᠳᠤᠵᠥ᠍᠂ ᠡᠪᠡᠳᠴᠢᠨ ᠡᠮᠭᠡᠭ᠎ᠲᠠᠢ ᠲᠡᠮᠡᠴᠡᠵᠦ᠍᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠡᠪ ᠬᠠᠮᠲᠤ ᠨᠠᠮ᠎ᠤᠨ ᠭᠡᠱᠢᠭᠦᠨ᠎ᠤ ᠲᠠᠩᠭᠠᠷᠢᠭ᠎ᠢ ᠭᠦᠢᠴᠡᠳᠭᠡᠵᠦ᠍᠂ ᠨᠠᠮ᠎ᠤᠨ ᠲᠤᠭ᠎ᠢ ᠬᠢᠵᠢᠭ᠎ᠲᠠᠢ ᠲᠡᠮᠡᠴᠡᠬᠦ᠌ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠤᠭ᠍ᠰᠠᠨ ᠪᠥᠭᠡᠳ ᠦᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃

ᠵᠠᠩ ᠰᠢ ᠵᠧ᠄ 《ᠬᠢᠵᠢᠭ᠎ᠤᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠠᠮᠢ ᠨᠠᠰᠤ᠎ᠶ᠋ᠢ ᠳᠡᠭᠡᠳᠦᠯᠡᠬᠦ᠂ ᠠᠷᠠᠳ ᠲᠦᠮᠡᠨ᠎ᠢ ᠳᠡᠭᠡᠳᠦᠯᠡᠬᠦ᠌ ᠵᠠᠷᠴᠢᠮ᠎ᠢᠶᠠᠷ ᠠᠯᠢᠪᠠ ᠦᠷᠡᠭ᠌ᠳᠡᠯ᠎ᠢ ᠬᠠᠢᠬᠤᠷᠤᠯ ᠦᠭᠡᠢ᠎ᠪᠠᠷ ᠡᠪᠡᠳᠴᠢᠲᠡᠨ ᠨᠢᠭᠡ ᠪᠦᠷᠢ᠎ᠶ᠋ᠢ ᠠᠪᠤᠷᠠᠨ ᠵᠠᠰᠠᠵᠥ᠍᠂ ᠪᠦᠬᠦ᠌ ᠤᠯᠤᠰ᠎ᠤᠨ ᠠᠷᠠᠳ ᠲᠦᠮᠡᠨ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠦᠴᠦᠨ᠎ᠤ ᠠᠭᠤᠤ ᠶᠡᠭᠡ᠎ᠶ᠋ᠢ ᠮᠡᠳᠡᠷᠡᠪᠡ!》 ᠬᠡᠪᠡ᠃

ᠤᠯᠠᠭᠠᠨᠬᠠᠳᠠ ᠬᠤᠳᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ

ᠬᠤᠩᠱᠠᠨ ᠲᠤᠭᠤᠷᠢᠭ᠎ᠤᠨ ᠬᠠᠮ ᠵᠠᠭᠤᠴᠢᠯᠠᠭᠤᠷ᠎ᠤᠨ ᠲᠦᠪ᠎ᠲᠤ ᠤᠨᠴᠠᠭᠠᠢᠯᠠᠨ ᠳᠠᠯᠠᠷᠬᠠᠵᠦ᠍ ᠪᠠᠢᠨ᠎ᠠ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号