ᠵᠢᠦᠶᠤᠸᠠᠨ᠎ᠤ 《ᠲᠦᠷᠦᠯ ᠵᠦᠢᠯ》 ᠎ᠤᠨ ᠳᠡᠰ ᠳᠠᠪᠱᠢᠯᠳᠠ
2021-06-16 10:03:27
ᠵᠣᠬᠢᠶᠠᠭ᠍ᠴᠢ᠄
ᠯᠢᠤᠢ ᠱᠢᠤᠸᠠᠢ ᠱᠢᠶᠠᠨ ᠵᠤᠤ ᠸᠧᠨ ᠼᠦᠢ ᠰᠦᠩ ᠠ ᠨᠠᠨ ᠯᠦ᠍ ᠱᠢᠩ ᠱᠢᠤᠸᠠᠢ ᠯᠠᠢ ᠶᠢᠤ ᠺᠦᠨ ᠮᠡᠷᠭᠡᠨᠪᠢᠯᠢᠭ ᠵᠠᠩ ᠬᠠᠢ ᠹᠠᠩ ᠵᠠᠩ ᠲᠢᠩ ᠲᠢᠩ ᠳ᠋ᠦᠩ ᠯᠢᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 14 ᠎ᠤ ᠦᠳᠡ᠎ᠶ᠋ᠢᠨ ᠬᠤᠢᠨ᠎ᠠ᠂ 《ᠡᠭᠦᠷᠢᠳᠡ ᠨᠠᠮ᠎ᠢᠶᠠᠨ ᠳᠠᠭᠠᠶ᠎ᠠ — ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ》 ᠎ᠶ᠋ᠢᠨ ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ ᠪᠤᠭᠤᠲᠤ ᠬᠤᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠤᠨ ᠴᠢᠬᠤᠯᠠ ᠠᠴᠢᠶᠠᠯᠠᠪᠤᠷᠢ᠎ᠶ᠋ᠢᠨ ᠭᠠᠵᠠᠷ — ᠵᠢᠦᠶᠤᠸᠠᠨ᠎ᠤ ᠠᠵᠤ  ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠬᠦᠷᠴᠦ᠍᠂ ᠵᠢᠦᠶᠤᠸᠠᠨ ᠲᠣᠭᠤᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ  ᠱᠢᠨ᠎ᠡ  ᠵᠠᠮ ᠎ᠤᠨ ᠳᠤᠬᠠᠢ ᠤᠢ᠍ᠢᠯᠠᠭᠠᠪᠠ᠃


QQ截图20210616092435.png


ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ᠎ᠤᠨ᠎ᠬᠢᠨ ᠡᠩ ᠲᠡᠷᠢᠭᠦᠨ᠎ᠳᠤ ᠮᠢᠩ ᠲᠦᠸᠧ ᠪᠦᠯᠦᠭ᠌ᠯᠡᠯ᠎ᠤᠨ ᠾᠷᠣᠮ᠎ᠤᠨ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠳᠤ ᠬᠦᠷᠴᠡᠢ᠃ ᠳᠡᠳ᠋ ᠶᠡᠷᠦᠩᠬᠡᠢ ᠳᠠᠭᠠᠭᠠᠮᠠᠯ ᠵᠠᠩ ᠭᠦᠸᠧ ᠴᠢᠶᠠᠩ ᠺᠣᠮᠫᠠᠨᠢ᠎ᠶ᠋ᠢ ᠡᠭᠦᠰᠭᠡᠨ ᠪᠠᠢᠭᠤᠯᠵᠤ ᠬᠥᠭ᠌ᠵᠢᠭᠦᠯᠦᠭ᠌ᠰᠡᠨ ᠲᠤᠬᠠᠢ ᠰᠤᠷᠪᠤᠯᠵᠢᠯᠠᠭ᠍ᠴᠢ᠎ᠳᠤ ᠶᠠᠷᠢᠵᠤ ᠦᠭ᠌ᠪᠡ᠃ 《ᠾᠷᠣᠮ ᠪᠣᠯ ᠨᠢᠭᠡ ᠵᠦᠢᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠡᠬᠢ ᠪᠠᠶᠠᠯᠢᠭ ᠮᠥᠨ᠂ ᠪᠢᠳᠡ ᠳᠡᠯᠡᠬᠡᠶ᠎ᠶ᠋ᠢᠨ ᠲᠡᠷᠢᠭᠦᠨ᠎ᠤ ᠪᠣᠬᠢᠷᠲᠤᠯ ᠥᠬᠡᠶ᠎ᠪᠠᠷ ᠬᠠᠢᠯᠤᠭᠤᠯᠬᠤ ᠮᠡᠷᠭᠡᠵᠢᠯ᠎ᠢ ᠠᠱᠢᠬ᠍ᠯᠡᠨ᠂ ᠡᠨᠧᠷᠭᠢ᠎ᠶ᠋ᠢ ᠠᠷᠢᠭᠤᠨ ᠴᠡᠪᠡᠷ᠎ᠢᠶᠠᠷ ᠡᠷᠭᠢᠯᠳᠦᠭᠦᠯᠦᠨ ᠬᠡᠷᠡᠭ᠌ᠯᠡᠬᠦ᠌ ᠪᠠ ᠦᠢᠯᠡᠳᠭᠦᠨ᠎ᠢ ᠤᠷᠳᠤᠳᠭᠠᠨ ᠠᠭᠤᠰᠤᠯᠴᠠᠭᠤᠯᠬᠤ ᠪᠣᠬᠢᠷᠲᠤᠯ ᠥᠬᠡᠶ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ ᠪᠠᠢᠨ᠎ᠠ》 ᠭᠡᠵᠤ ᠲᠡᠷᠡ ᠭᠡᠯᠡᠨ᠎ᠠ᠃ ᠳᠤᠮᠳᠠᠳᠤ ᠤᠯᠤᠰ᠎ᠤᠨ ᠾᠷᠣᠮ᠎ᠤᠨ ᠠᠵᠢᠯ ᠲᠥᠷᠥᠯ᠎ᠤᠨ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠮᠢᠩ ᠲᠦᠸᠧ ᠪᠦᠯᠦᠭ᠌ᠯᠡᠯ᠎ᠤᠨ ᠾᠷᠣᠮ᠎ᠤᠨ  ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠪᠣᠯ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠨᠢᠭ᠍ᠲᠠ ᠪᠢᠲᠡᠭᠦᠮᠵᠢᠯᠡᠭ᠌ᠰᠡᠨ ᠠᠭᠤᠷᠬᠠᠶ᠎ᠶ᠋ᠢᠨ ᠵᠤᠤᠬ᠎ᠠ᠎ᠪᠠᠷ ᠾᠷᠣᠮᠳᠤ ᠲᠡᠮᠦᠷ ᠦᠢᠯᠡᠳᠪᠦᠷᠢᠯᠡᠬᠦ᠌ ᠮᠡᠷᠭᠡᠵᠢᠯ᠎ᠢ ᠬᠡᠷᠡᠭ᠌ᠯᠡᠭ᠌ᠰᠡᠨ ᠠᠵᠤ ᠠᠬᠤᠢᠯᠠᠯ ᠪᠣᠯᠤᠨ᠎ᠠ᠂ ᠲᠡᠭᠦᠨ᠎ᠤ ᠨᠢᠭᠡᠴᠢ ᠦᠢᠯᠡᠳᠭᠦᠨ᠎ᠤ ᠡᠨᠧᠷᠭᠢ᠎ᠶ᠋ᠢᠨ ᠬᠤᠷᠣᠭ᠍ᠳᠠᠭᠤᠯᠤᠯ᠂ ᠲᠣᠭᠤᠰᠣ᠎ᠶ᠋ᠢᠨ ᠭᠠᠳᠠᠭ᠍ᠰᠢᠯᠠᠭᠤᠯᠤᠯᠲᠠ ᠪᠠ ᠬᠦᠬᠦᠷ᠎ᠤᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠨᠢ ᠤᠯᠤᠰ᠎ᠤᠨ ᠪᠠᠷᠢᠮᠵᠢᠶ᠎ᠠ᠎ᠠᠴᠠ ᠲᠣᠰ ᠲᠣᠰ 18%᠂ 94% ᠪᠠ 87% ᠎ᠪᠠᠷ ᠪᠠᠭᠤᠷᠠᠪᠠ᠃ ᠣᠳᠣᠬᠠᠨ᠎ᠳᠤ ᠲᠤᠰ ᠲᠦᠷᠦᠯ ᠵᠦᠢᠯ᠎ᠨᠢ ᠨᠢᠭᠡᠨᠲᠡ ᠲᠦᠷᠦᠭᠦᠦ ᠬᠤᠶᠠᠷ ᠬᠤᠭᠤᠴᠠᠭᠠᠨ᠎ᠤ ᠢᠨᠵᠧᠨᠧᠷᠢᠩ᠎ᠢᠶᠠᠨ ᠪᠠᠢᠭᠤᠯᠵᠤ ᠳᠠᠭᠤᠰᠭᠠᠨ᠂ ᠭᠤᠷᠪᠠᠳᠤᠭᠠᠷ ᠬᠤᠭᠤᠴᠠᠭᠠᠨ᠎ᠤ ᠢᠨᠵᠧᠨᠧᠷᠢᠩ᠎ᠢᠶᠠᠨ ᠪᠦᠬᠦᠨ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠪᠦᠬᠦ᠌ ᠤᠯᠤᠰ᠎ᠤᠨ ᠬᠠᠮᠤᠭ᠎ᠤᠨ ᠶᠡᠭᠡ ᠨᠡᠭᠦᠷᠡᠰᠦᠲᠥ᠋ᠷᠥᠭ᠌ᠴᠢᠲᠦ ᠾᠷᠣᠮᠲᠤ ᠲᠡᠮᠦᠷ᠎ᠤᠨ ᠦᠢᠯᠡᠳᠪᠦᠷᠢᠯᠡᠯ᠎ᠤᠨ ᠰᠠᠭᠤᠷᠢᠨ ᠪᠣᠯᠬᠤ ᠪᠣᠯᠤᠨ᠎ᠠ᠃


QQ截图20210616092452.png


ᠵᠢᠤᠶᠤᠸᠠᠠ᠎ᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ᠌᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠶᠡᠭᠡ ᠲᠦᠮᠡᠨ ᠲᠣᠨ᠎ᠤ ᠲᠡᠰ᠎ᠤᠨ ᠨᠡᠭᠦᠷᠡᠰᠦᠲᠥ᠋ᠷᠥᠭ᠌ᠴᠢᠳᠤ ᠱᠢᠷᠬᠡᠭ᠌ᠯᠢᠭ᠎ᠤᠨ ᠦᠢᠯᠡᠳᠪᠦᠷᠢᠯᠡᠯ᠎ᠤᠨ ᠱᠤᠭᠤᠮ᠎ᠤᠨ ᠲᠦᠷᠦᠯ ᠵᠦᠢᠯ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠶᠠᠭ ᠱᠠᠯᠠᠪᠳᠠᠨ ᠪᠦᠳᠦᠭᠡᠨ ᠪᠠᠢᠭᠤᠯᠵᠤ ᠪᠤᠢ᠂ ᠡᠨᠡ ᠪᠣᠯ ᠬᠦᠷᠢᠶᠡᠯᠡᠩ ᠲᠣᠭᠤᠷᠢᠭ᠎ᠤᠨ ᠣᠷᠣᠭᠤᠯᠤᠨ ᠠᠪᠴᠢᠷᠠᠭ᠍ᠰᠠᠨ ᠪᠠᠰᠠ ᠨᠢᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠭᠤᠣᠯᠳᠠᠯᠭ᠎ᠠ᠎ᠲᠠᠢ ᠲᠦᠷᠦᠯ ᠵᠦᠢᠯ ᠪᠣᠯᠤᠨ᠎ᠠ᠂ ᠸᠧᠢ ᠬᠠᠢ᠎ᠶ᠋ᠢᠨ ᠭᠤᠸᠠᠩ ᠸᠧᠢ ᠪᠦᠯᠦᠭ᠌ᠯᠡᠯ ᠪᠣᠯᠤᠨ ᠭᠤᠸᠠᠩ ᠸᠧᠢ ᠡᠨᠧᠷᠭᠢ᠎ᠶ᠋ᠢᠨ ᠺᠤᠮᠫᠠᠨᠢ᠎ᠶ᠋ᠢᠨ ᠱᠢᠨ᠎ᠡ ᠮᠠᠲ᠋ᠧᠷᠢᠶᠠᠯ᠎ᠤᠨ ᠺᠣᠮᠫᠠᠨᠢ ᠬᠠᠮᠲᠤ᠎ᠪᠠᠷ ᠪᠡᠯᠡ ᠣᠷᠣᠭᠤᠯᠤᠨ ᠪᠦᠳᠦᠭᠡᠨ ᠪᠠᠢᠭᠤᠯᠵᠤ ᠪᠠᠢᠨ᠎ᠠ᠃ ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠬᠦᠷᠢᠶᠡᠯᠡᠩ ᠲᠣᠭᠤᠷᠢᠭ ᠎ᠨᠢ  ᠲᠥᠷᠥᠯ ᠵᠦᠢᠯ    ᠨᠢᠭᠡ ᠪᠦᠷᠢ ᠎ᠳᠤ ᠲᠤᠰᠭᠠᠶ 《ᠬᠠᠷᠠᠭᠠᠯᠵᠠᠭ᠍ᠴᠢ》 ᠲᠣᠬᠢᠷᠠᠭᠤᠯᠵᠤ᠂ 《ᠬᠠᠷᠠᠭᠠᠯᠵᠠᠭ᠍ᠴᠢ》 ᠎ᠨᠢ 《ᠬᠦᠷᠢᠶᠡᠯᠡᠩ ᠲᠤᠭᠤᠷᠢᠭ᠎ᠲᠤ ᠣᠷᠣᠬᠤ ᠬᠡᠯᠡᠯᠴᠡᠭᠡᠷ》 ᠲᠤᠬᠢᠷᠠᠯᠴᠠᠬᠤ᠎ᠠᠴᠠ ᠲᠥᠷᠥᠯ ᠵᠦᠢᠯ ᠪᠠᠢᠭᠤᠯᠤᠭ᠍ᠳᠠᠬᠤ ᠪᠤᠯᠳᠠᠯᠠᠬᠢ ᠵᠠᠰᠠᠭ ᠵᠠᠬᠢᠷᠭᠠᠨ ᠎ᠤ  ᠭᠠᠷᠳᠠᠮ  ᠭᠦᠢᠴᠡᠳᠭᠡᠬᠦ᠌  ᠵᠡᠷᠭᠡ  ᠪᠤᠢ ᠪᠦᠬᠦᠢ  ᠠᠵᠢᠯ ᠎ᠢ ᠵᠤᠬᠢᠴᠠᠭᠤᠯᠤᠨ᠎ᠠ᠃  《ᠵᠢᠷᠭᠤᠭᠠᠬᠠᠨ ᠰᠠᠷ᠎ᠠ ᠬᠡᠷᠡᠭ᠌ᠰᠡᠭᠡᠳ ᠠᠵᠢᠯ ᠡᠬᠢᠯᠡᠭᠦᠯᠬᠦ᠌᠎ᠠᠴᠠ ᠡᠮᠦᠨᠡᠬᠢ 10 ᠭᠠᠷᠤᠶ ᠵᠦᠢᠯ᠎ᠤᠨ ᠭᠠᠷ ᠭᠦᠶᠴᠡᠳᠭᠡᠯ ᠎ᠢ ᠴᠦᠮ ᠬᠢᠵᠤ ᠳᠠᠭᠤᠰᠭᠠᠵᠠᠢ》 ᠭᠡᠵᠦ᠍ ᠥᠪᠥᠷ ᠮᠣᠩᠭᠤᠯ᠎ᠤᠨ  ᠭᠤᠸᠠᠩ ᠸᠧᠶ ᠨᠡᠭᠦᠷᠡᠰᠦᠲᠥ᠋ᠷᠥᠭ᠌ᠴᠢᠳᠤ ᠱᠢᠷᠬᠡᠭ᠌ᠯᠢᠭ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ  ᠰᠦᠨ ᠱᠤᠤ ᠬᠤᠸᠠᠨ ᠬᠡᠯᠡᠵᠦ᠍ ᠪᠠᠢᠯ᠎ᠠ᠃

 

QQ截图20210616092505.png


ᠵᠢᠯ᠎ᠤᠨ ᠡᠬᠢᠨ᠎ᠳᠤ ᠵᠢᠦᠶᠤᠸᠠᠨ ᠲᠣᠭᠤᠷᠢᠭ 《ᠵᠢᠦᠶᠤᠸᠠᠨ ᠲᠣᠭᠤᠷᠢᠭ᠎ᠤᠨ ᠠᠷᠠᠯᠵᠢᠶᠠᠴᠢᠨ ᠤᠷᠢᠵᠤ ᠪᠡᠯᠡ ᠮᠦᠡᠭ᠌ᠭᠦ ᠤᠷᠤᠭᠤᠯᠤᠨ ᠠᠪᠴᠢᠷᠠᠬᠤ ᠠᠵᠢᠯ᠎ᠤᠨ ᠲᠥᠰᠦᠯ》 ᠎ᠢ ᠳᠠᠷᠤᠮᠠᠯᠯᠠᠨ ᠲᠠᠷᠬᠠᠭᠠᠵᠤ᠂ ᠠᠷᠠᠯᠵᠢᠶᠠᠴᠢᠨ ᠤᠷᠢᠬᠤ 19 ᠠᠵᠢᠯᠯᠠᠬᠤ ᠳᠤᠭᠤᠢᠯᠠᠩ ᠪᠠᠢᠭᠤᠯᠵᠤ᠂ 40 ᠭᠤᠤᠯᠳᠠᠯᠭ᠎ᠠ᠎ᠲᠠᠢ ᠲᠥᠷᠥᠯ ᠵᠦᠢᠯ ᠣᠷᠣᠭᠤᠯᠤᠨ ᠠᠪᠴᠢᠷᠠᠵᠤ᠂ 53 ᠳ᠋ᠦᠩᠱᠢᠭᠤᠷ ᠲᠥᠭᠦᠷᠢᠭ᠎ᠤᠨ ᠪᠠᠯᠠ ᠮᠥᠩᠭᠦ᠌ ᠴᠤᠭ᠍ᠯᠠᠭᠤᠯᠤᠭ᠍ᠰᠠᠨ ᠪᠠᠢᠨ᠎ᠠ᠃ ᠥᠨᠥᠳᠦᠷ 《ᠬᠤᠭᠤᠴᠠᠭᠠᠨ ᠳᠤᠮᠳᠠᠬᠢ ᠱᠢᠯᠭᠠᠯᠲᠠ》 ᠎ᠶ᠋ᠢᠨ ᠬᠢᠷᠢ ᠪᠦᠲᠦᠮᠵᠢ᠎ᠨᠢ ᠮᠠᠰᠢ ᠭᠢᠯᠠᠯᠵᠠᠮ᠎ᠠ ᠪᠠᠢᠨ᠎ᠠ᠄ 102 ᠲᠥᠷᠥᠯ ᠵᠦᠢᠯ ᠠᠵᠢᠯ᠎ᠢᠶᠠᠨ ᠡᠬᠢᠯᠡᠭᠦᠯᠦᠭ᠌ᠰᠡᠨ ᠪᠤᠶᠤ ᠰᠡᠷᠭᠦᠭᠡᠵᠤ᠂ ᠨᠣᠷᠮ᠎ᠠ᠎ᠨᠢ 100% ᠎ᠳᠤ ᠬᠦᠷᠴᠦ᠍᠂ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠎ᠶ᠋ᠢᠨ ᠳᠥᠷᠪᠡᠨ ᠵᠦᠢᠯ᠎ᠤᠨ ᠦᠨᠳᠦᠰᠦᠨ ᠭᠠᠷᠳᠠᠮ᠎ᠢ ᠭᠦᠶᠴᠡᠳᠭᠡᠭ᠌ᠰᠡᠨ ᠨᠣᠷᠮ᠎ᠠ 100% ᠎ᠳᠤ ᠬᠦᠷᠴᠦ᠍᠂ 65.3 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃


QQ截图20210616092516.png


ᠲᠠᠷᠠᠭᠠᠴᠢ ᠎ᠶ᠋ᠢᠨ ᠠᠯᠬᠤᠮ ᠎ᠳᠤ ᠵᠢᠦᠶᠤᠸᠠᠨ ᠲᠤᠭᠤᠷᠢᠭ᠎ᠤᠨ᠎ᠬᠢᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠤᠷᠭᠢᠯ ᠬᠡᠮᠵᠢᠭ᠌ᠳᠡᠯ ᠎ᠳᠤ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯᠯᠠᠭ᠎ᠠ᠎ᠠᠴᠠ ᠠᠪᠴᠢᠷᠠᠭ᠍ᠰᠠᠨ ᠱᠢᠰᠲ᠋ᠧᠮᠲᠦ ᠴᠢᠨᠠᠷᠲᠠᠶ ᠬᠤᠪᠢᠰᠤᠯᠲᠠ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂ ᠲᠡᠷᠢᠭᠦᠨ᠎ᠤ ᠬᠢᠮᠢ᠎ᠶ᠋ᠢᠨ ᠠᠵᠤ  ᠦᠢᠯᠡᠳᠪᠦᠷᠢ᠎ᠶ᠋ᠢᠨ ᠮᠠᠲ᠋ᠧᠷᠢᠶᠠᠯ᠎ᠤᠨ ᠰᠦᠷᠦᠭ᠌ᠵᠢᠯ᠎ᠢ ᠴᠢᠨᠠᠭ᠍ᠰᠢᠳᠠ ᠪᠤᠵᠠᠭᠠᠢᠷᠠᠭᠤᠯᠵᠤ᠂ ᠲᠡᠷᠢᠭᠦᠨ᠎ᠤ ᠪᠣᠯᠣᠳ ᠲᠡᠮᠦᠷ᠎ᠤᠨ ᠮᠠᠲ᠋ᠧᠷᠢᠶᠠᠯ᠎ᠤᠨ ᠰᠦᠷᠦᠭ᠌ᠵᠢᠯ᠎ᠢ ᠪᠤᠢᠵᠢᠭᠤᠯᠵᠤ᠂ ᠬᠤᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠦᠷᠦᠭ᠌ᠵᠢᠯ᠎ᠢ ᠬᠦᠴᠦᠷᠬᠡᠭ᠌ᠵᠢᠭᠦᠯᠵᠦ᠍᠂ ᠠᠵᠤ ᠠᠬᠤᠶ᠎ᠶ᠋ᠢᠨ ᠦᠷ᠎ᠡ ᠠᠱᠢᠭ ᠰᠠᠢᠨ᠂ ᠪᠤᠬᠢᠷᠳᠤᠯ ᠪᠠᠭ᠎ᠠ ᠬᠥᠭ᠌ᠵᠢᠯᠲᠡ᠎ᠶ᠋ᠢᠨ ᠵᠠᠮ᠎ᠢᠶᠠᠷ ᠴᠢᠷᠮᠠᠢᠨ ᠵᠠᠮᠨᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号