ᠬᠥᠬᠡᠬᠤᠲᠠ ᠭᠡᠷ ᠪᠦᠯᠢ᠎ᠶ᠋ᠢᠨ ᠬᠥᠮᠦᠵᠢᠯ᠎ᠤᠨ ᠲᠤᠰᠭᠠᠶ ᠰᠡᠳᠦᠪᠲᠦ ᠲᠠᠢᠯᠤᠮᠵᠢ ᠡᠷᠬᠢᠯᠡᠪᠡ
2021-06-17 11:35:29
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠂ ᠬᠦᠬᠡᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠡᠮᠡᠭ᠌ᠲᠡᠢᠴᠦᠳ᠎ᠤᠨ ᠬᠤᠯᠪᠣᠭ᠎ᠠ᠎ᠠᠴᠠ ᠬᠠᠮᠳᠤᠷᠠᠨ 《ᠨᠠᠮ᠎ᠤᠨ ᠠᠴᠢ᠎ᠶ᠋ᠢ ᠮᠠᠭ᠍ᠲᠠᠨ ᠲᠠᠭᠤᠯᠠᠵᠤ ᠰᠠᠢᠨ ᠬᠡᠷ᠎ᠤᠨ ᠰᠤᠷᠲᠠᠯ᠎ᠢ ᠤᠯᠠᠮᠵᠢᠯᠠᠬᠤ》 ᠬᠡᠷ ᠪᠦᠯᠢ᠎ᠶ᠋ᠢᠨ ᠬᠥᠮᠦᠵᠢᠯ᠎ᠤᠨ ᠲᠠᠢᠯᠤᠮᠵᠢ ᠡᠷᠬᠢᠯᠡᠪᠡ᠃

ᠲᠣᠰ ᠤᠳᠠᠭᠠᠨ᠎ᠤ ᠲᠠᠢᠯᠤᠮᠵᠢ᠎ᠳᠤ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭᠠᠭᠤᠯᠢ᠎ᠶ᠋ᠢᠨ ᠨᠡᠪᠲᠡᠷᠡᠭᠦᠯᠦᠭ᠌ᠴᠢ ᠬᠥᠲᠥᠯᠥᠭ᠌ᠴᠢ᠎ᠶ᠋ᠢᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠫᠷᠤᠹᠧᠰᠰᠤᠷ ᠸᠠᠩ ᠴᠢᠩ᠎ᠶ᠋ᠢ ᠤᠷᠢᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠡᠷ ᠪᠦᠯᠢ ᠭᠡᠷ᠎ᠤᠨ ᠬᠥᠮᠦᠵᠢᠯ ᠬᠡᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠬᠦᠨᠳᠦᠳᠭᠡᠭᠦ᠌ ᠲᠤᠬᠠᠶ ᠴᠢᠬᠤᠯᠠ ᠥᠭᠦᠯᠡᠮᠵᠢ᠎ᠶ᠋ᠢᠨ ᠲᠣᠭᠤᠷᠢᠨ᠎ᠳᠤ 《ᠬᠡᠷ ᠪᠦᠯᠢ ᠵᠣᠯ ᠵᠢᠷᠭᠠᠯ᠎ᠲᠠᠢ ᠠᠮᠤᠷ ᠠᠮᠤᠭᠤᠯᠠᠩ ᠪᠠᠢᠬᠤ ᠢᠨᠵᠧᠨᠧᠷᠢᠩ》 ᠎ᠤᠨ ᠪᠠᠢᠳᠠᠯ᠎ᠢ ᠱᠢᠰᠲ᠋ᠧᠮ᠎ᠲᠠᠢ ᠲᠠᠨᠢᠯᠴᠠᠭᠤᠯᠵᠤ᠂ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ᠂ ᠬᠡᠷ ᠪᠦᠯᠢ᠎ᠶ᠋ᠢᠨ ᠪᠠᠢᠭᠤᠯᠤᠯᠲᠠ᠂ ᠦᠷ᠎ᠠ ᠬᠡᠤᠬᠡᠳ᠎ᠤᠨ ᠰᠤᠷᠭᠠᠨ ᠬᠥᠮᠦᠵᠢᠯ᠂ ᠰᠠᠢᠨ ᠰᠠᠢᠬᠠᠨ ᠬᠡᠷ᠎ᠤᠨ ᠰᠤᠷᠲᠠᠯ᠎ᠢ ᠪᠤᠢ ᠪᠤᠯᠭᠠᠬᠤ ᠵᠡᠷᠭᠡ ᠠᠭᠤᠯᠭ᠎ᠠ᠎ᠪᠠᠷ ᠲᠤᠰᠭᠠᠶ ᠰᠡᠳᠦᠪᠲᠦ ᠲᠠᠢᠯᠤᠮᠵᠢ ᠬᠢᠯᠭᠡᠵᠡᠢ᠃

ᠬᠦᠬᠡᠬᠤᠳᠠ᠎ᠶ᠋ᠢᠨ ᠨᠠᠮ᠎ᠤᠨ ᠬᠤᠷᠢᠶᠠᠨ᠎ᠤ ᠡᠯ᠎ᠡ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠢᠯᠠᠯ ᠠᠵᠢᠯ  ᠦᠢᠯᠡᠰ᠎ᠤᠨ ᠨᠢᠭᠡᠴᠢ᠎ᠶ᠋ᠢᠨ ᠨᠠᠮ᠎ᠤᠨ ᠭᠡᠱᠢᠭᠦᠨ ᠺᠠᠳ᠋ᠷ᠂ ᠪᠣᠯᠪᠠᠰᠤᠨ ᠬᠡᠷ ᠪᠦᠯᠢ᠂ ᠬᠠᠮᠤᠭ᠎ᠤᠨ ᠭᠤᠶᠣ ᠬᠡᠷ ᠪᠦᠯᠢ᠂ ᠬᠡᠷ ᠪᠦᠯᠢ᠎ᠶ᠋ᠢᠨ ᠬᠥᠮᠦᠵᠢᠯ᠎ᠤᠨ ᠠᠵᠢᠯᠲᠠᠨ᠎ᠤ ᠲᠥᠯᠥᠭᠡᠯᠡᠭ᠌ᠴᠢ 200 ᠭᠠᠷᠤᠶ ᠬᠥᠮᠦᠨ ᠲᠠᠢᠯᠤᠮᠵᠢ᠎ᠶ᠋ᠢ ᠰᠣᠨᠣᠰᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号