ᠲᠥᠪ ᠭᠤᠤᠯᠴᠢ ᠱᠢᠳᠤᠷᠭᠤ ᠶᠣᠰᠣ᠎ᠶ᠋ᠢ ᠪᠠᠲᠤ ᠰᠠᠬᠢᠵᠤ ᠠᠷᠠᠳ ᠲᠦᠮᠡᠨ᠎ᠲᠠᠢ ᠰᠡᠳᠭᠢᠯ ᠵᠢᠷᠦᠭᠡ᠎ᠪᠠᠨ ᠬᠤᠯᠪᠤᠨ᠎ᠠ
2021-06-18 19:24:42
ᠵᠣᠬᠢᠶᠠᠭ᠍ᠴᠢ᠄
ᠶᠤᠸᠠᠨ ᠪᠤᠤ ᠨᠢᠶᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 21 ᠎ᠤ ᠦᠳᠡ᠎ᠶ᠋ᠢᠨ ᠡᠮᠦᠨ᠎ᠡ᠂ ᠬᠥᠬᠡᠬᠤᠲᠠ᠎ᠶ᠋ᠢᠨ ᠤᠪᠤᠭ᠎ᠠ ᠲᠣᠰᠭᠤᠨ᠎ᠤ ᠠᠷᠠᠳ ᠨᠢᠭᠡᠨ 《ᠪᠠᠶᠠᠷ᠎ᠤᠨ ᠶᠠᠪᠤᠳᠠᠯ》 ᠎ᠢ ᠤᠬ᠍ᠳᠤᠨ ᠠᠪᠤᠯ᠎ᠠ᠄ ᠱᠢᠨ᠎ᠡ ᠬᠤᠳᠠ ᠲᠣᠭᠤᠷᠢᠭ᠎ᠤᠨ ᠱᠢᠭᠦᠬᠦ᠌ ᠬᠤᠷᠢᠶᠠᠨ᠎ᠤ ᠵᠠᠷᠭᠤ᠎ᠶ᠋ᠢᠨ ᠦᠢᠯᠡᠴᠢᠯᠡᠭᠡᠨ᠎ᠤ ᠦᠷᠳᠡᠭᠡ᠎ᠶ᠋ᠢᠨ ᠤᠪᠤᠭ᠎ᠠ ᠲᠣᠰᠭᠤᠨ᠎ᠳᠤ ᠰᠠᠭᠤᠭ᠎ᠠ ᠦᠷᠳᠡᠭᠡ ᠫᠠᠢᠰᠠ ᠰᠡᠬᠦᠪᠡ᠃ ᠵᠠᠷᠭᠤ᠎ᠶ᠋ᠢᠨ ᠦᠢᠯᠡᠴᠢᠯᠡᠭᠡᠨ᠎ᠤ ᠥᠷᠲᠡᠭᠡ᠎ᠳᠤ 《ᠱᠢᠭᠦᠭ᠌ᠴᠢ᠎ᠶ᠋ᠢᠨ ᠬᠠᠷᠢᠯᠴᠠᠬᠤ ᠴᠡᠭ》 ᠲᠤᠬᠢᠷᠠᠭᠤᠯᠵᠦ᠍᠂ ᠲᠣᠰᠭᠤᠨ᠎ᠳᠤ ᠰᠠᠭᠤᠭ᠎ᠠ ᠱᠢᠭᠦᠭ᠌ᠴᠢ ᠲᠣᠭ᠍ᠲᠠᠭ᠍ᠰᠠᠨ ᠴᠠᠭ᠎ᠲᠤ ᠦᠢᠯᠡᠴᠢᠯᠡᠭᠡᠨ᠎ᠤ ᠥᠷᠲᠡᠭᠡ᠎ᠳᠤ ᠬᠦᠷᠴᠦ᠍ ᠠᠵᠢᠯᠯᠠᠨ᠂ ᠲᠣᠭᠤᠷᠢᠨ ᠱᠢᠭᠦᠵᠦ᠍᠂ ᠬᠠᠤᠯᠢ ᠲᠦᠭᠡᠮᠡᠯᠵᠢᠭᠦᠯᠬᠦ᠌ ᠬᠥᠮᠦᠵᠢᠯ ᠬᠢᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠥᠬᠦ᠌ ᠣᠷᠣᠨ᠎ᠤ ᠡᠯ᠎ᠡ ᠱᠠᠲᠤᠨ᠎ᠤ ᠱᠢᠭᠦᠬᠦ᠌ ᠬᠤᠷᠢᠶ᠎ᠠ ᠠᠷᠠᠳ᠎ᠤᠨ ᠲᠥᠯᠥᠭᠡ ᠬᠠᠤᠯᠢ ᠪᠠᠷᠢᠬᠤ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠵᠠᠷᠭᠤ᠎ᠶ᠋ᠢᠨ  ᠦᠢᠯᠡᠴᠢᠯᠡᠭᠡᠨ᠎ᠤ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠪᠡ᠃

《ᠮᠣᠷᠢᠨ ᠨᠢᠷᠤᠭᠤᠨ ᠳᠡᠭᠡᠷᠡᠬᠢ ᠱᠢᠭᠦᠬᠦ᠌ ᠲᠢᠩᠬᠢᠮ》᠂ ᠲᠣᠭᠤᠷᠢᠨ ᠱᠢᠭᠦᠨ ᠲᠠᠰᠤᠯᠬᠤ ᠲᠡᠷᠭᠡ᠂ ᠵᠠᠷᠭᠤ᠎ᠶ᠋ᠢᠨ  ᠦᠢᠯᠡᠴᠢᠯᠡᠭᠡ ᠬᠠᠩᠭᠠᠬᠤ 110 ᠁ ᠣᠢᠷ᠎ᠠ᠎ᠶ᠋ᠢᠨ ᠵᠢᠯ᠎ᠤᠨ ᠲᠤᠷᠰᠢ᠂ ᠪᠥᠬᠦ᠌ ᠣᠷᠣᠨ᠎ᠤ ᠡᠯ᠎ᠡ ᠱᠠᠲᠤᠨ᠎ᠤ ᠱᠢᠭᠦᠬᠦ᠌ ᠬᠤᠷᠢᠶ᠎ᠠ ᠣᠯᠠᠨ ᠲᠦᠮᠡᠨ᠎ᠤ ᠬᠠᠤᠯᠢ ᠪᠠᠷᠢᠬᠤ ᠬᠡᠷᠡᠭ᠌ᠴᠡᠭᠡ ᠱᠠᠭᠠᠷᠳᠠᠯᠭ᠎ᠠ᠎ᠲᠠᠢ ᠣᠨᠣᠪᠴᠢᠲᠠᠶ ᠵᠣᠯᠭᠠᠭᠤᠯᠵᠤ᠂ 358 ᠠᠷᠠᠳ᠎ᠤᠨ ᠱᠢᠭᠦᠬᠦ᠌ ᠲᠢᠩᠬᠢᠮ᠂ 422 ᠲᠣᠭᠤᠷᠢᠨ ᠱᠢᠭᠦᠨ ᠲᠠᠰᠤᠯᠬᠤ ᠴᠡᠭ ᠲᠤᠬᠢᠷᠠᠭᠤᠯᠪᠠ᠃ 《ᠨᠡᠭᠦᠳᠡᠯ ᠠᠷᠠᠳ᠎ᠤᠨ ᠱᠢᠭᠦᠬᠦ᠌ ᠲᠢᠩᠬᠢᠮ》 ᠎ᠢ ᠠᠷᠠᠳ᠎ᠤᠨ ᠳᠠᠮᠳᠠ᠂ ᠮᠠᠯᠴᠢᠳ᠎ᠤᠨ ᠢᠰᠡᠭᠡᠶ ᠭᠡᠷ᠎ᠲᠤ ᠬᠦᠷᠬᠡᠪᠡ᠃

《ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠲᠣᠣᠷᠵᠢᠯ᠎ᠤᠨ ᠵᠠᠰᠠᠯᠲᠠ᠎ᠶ᠋ᠢ ᠬᠦᠳᠦᠯᠦᠨ ᠳᠠᠭᠠᠭᠤᠯᠤᠭ᠍ᠰᠠᠨ》 ᠣᠩᠨᠢᠭᠤᠳ ᠵᠠᠭ᠍ᠪᠤᠷ᠂ 《ᠶᠡᠭᠡ ᠵᠠᠰᠠᠯᠲᠠ᠎ᠶ᠋ᠢᠨ ᠪᠠᠢᠷᠢᠱᠢᠯ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠭ᠍ᠰᠠᠨ》 ᠯᠢᠨ ᠾᠧ᠎ᠶ᠋ᠢᠨ ᠵᠠᠭ᠍ᠪᠤᠷ᠎ᠢᠶᠠᠷ ᠲᠥᠯᠥᠭᠡᠯᠡᠭ᠌ᠴᠢ ᠪᠣᠯᠭᠠᠵᠤ᠂ ᠬᠤᠱᠢᠭᠤ (ᠱᠢᠶᠠᠨ) ᠎ᠶ᠋ᠢᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠵᠥᠷᠢᠴᠡᠯ ᠵᠠᠭᠤᠷᠠᠭᠠᠨ᠎ᠢ ᠱᠢᠢᠳᠪᠦᠷᠢᠯᠡᠬᠦ᠌ ᠲᠥᠪ᠎ᠢ 135 ᠪᠠᠢᠭᠤᠯᠵᠤ᠂ ᠵᠠᠷᠭᠤᠯᠳᠤᠬᠤ ᠡᠶᠡᠳᠡᠭᠦᠯᠬᠦ᠌᠎ᠶ᠋ᠢ ᠵᠣᠯᠭᠠᠭᠤᠯᠬᠤ ᠲᠥᠪ᠎ᠢ 127 ᠪᠠᠢᠭᠤᠯᠵᠤ᠂ ᠨᠡᠢᠳᠡ 1165 ᠣᠨᠴᠠ ᠤᠷᠢᠭ᠍ᠰᠠᠨ ᠡᠶᠡᠳᠡᠭᠦᠯᠬᠦ᠌ ᠵᠣᠬᠢᠶᠠᠨ ᠪᠠᠢᠭᠤᠯᠤᠯᠲᠠ᠂ 3200 ᠣᠨᠴᠠ ᠤᠷᠢᠭ᠍ᠰᠠᠨ ᠡᠶᠡᠳᠡᠭᠦᠯᠦᠭ᠌ᠴᠢ ᠵᠠᠷᠭᠤᠯᠳᠤᠬᠤ ᠡᠶᠡᠳᠡᠭᠦᠯᠬᠦ᠌᠎ᠶ᠋ᠢ ᠵᠣᠯᠭᠠᠭᠤᠯᠬᠤ ᠠᠵᠢᠯ᠎ᠳᠤ ᠣᠷᠣᠯᠴᠠᠵᠤ᠂ ᠲᠠᠯ᠎ᠠ ᠨᠤᠲᠤᠭ᠎ᠤᠨ 《ᠨᠢᠭᠡ ᠦᠷᠳᠡᠬᠡᠴᠢᠯᠡᠭ᠌ᠰᠡᠨ ᠮᠠᠶᠢᠭ》 ᠨᠢᠭᠡᠨᠲᠡ ᠡᠬᠡ ᠤᠯᠤᠰ᠎ᠤᠨ ᠤᠮᠠᠷᠠᠲᠤ᠎ᠶ᠋ᠢᠨ ᠵᠠᠷᠭᠤ᠎ᠶ᠋ᠢᠨ ᠦᠢᠯᠡᠴᠢᠯᠡᠭᠡᠨ᠎ᠤ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠪᠣᠯᠵᠠᠢ᠃

ᠱᠢᠭᠦᠨ ᠲᠠᠰᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠣᠯ ᠨᠠᠮ᠎ᠤᠨ ᠠᠷᠪᠠᠨ ᠨᠠᠶᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠪᠥᠬᠦ᠌ ᠣᠷᠣᠨ᠎ᠤ ᠡᠯ᠎ᠡ ᠱᠠᠲᠤᠨ᠎ᠤ ᠱᠢᠭᠦᠬᠦ᠌ ᠬᠤᠷᠢᠶ᠎ᠠ᠎ᠶ᠋ᠢᠨ ᠴᠢᠬᠤᠯᠠ ᠰᠡᠳᠦᠪ ᠪᠣᠯᠤᠨ᠎ᠠ᠃ ᠪᠦᠬᠦ᠌ ᠣᠷᠣᠨ᠎ᠤ ᠱᠢᠭᠦᠬᠦ᠌ ᠬᠤᠷᠢᠶ᠎ᠠ ᠵᠠᠷᠭᠤ᠎ᠶ᠋ᠢᠨ ᠦᠢᠯᠡᠴᠢᠯᠡᠭᠡᠨ᠎ᠤ ᠲᠢᠩᠬᠢᠮ᠂ ᠵᠠᠷᠭᠤ᠎ᠶ᠋ᠢᠨ ᠦᠢᠯᠡᠴᠢᠯᠡᠭᠡᠨ᠎ᠤ ᠲᠣᠣᠷ᠂ ᠱᠢᠯᠵᠢᠮᠡᠯ ᠦᠵᠦᠭᠦᠷᠯᠢᠭ᠂ ᠵᠠᠷᠭᠤ᠎ᠶ᠋ᠢᠨ ᠦᠢᠯᠡᠴᠢᠯᠡᠭᠡᠨ᠎ᠤ ᠬᠠᠯᠠᠮᠱᠢᠯ ᠤᠲᠠᠰᠤ 12368᠂ ᠲᠣᠭᠤᠷᠢᠨ ᠱᠢᠢᠳᠪᠦᠷᠢᠯᠡᠬᠦ᠌ ᠵᠡᠷᠭᠡ ᠪᠣᠰᠤᠭ᠎ᠠ ᠴᠣᠭ᠍ᠴᠠᠲᠤ ᠵᠠᠷᠭᠤ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠬᠦᠴᠦᠯᠡᠨ ᠪᠠᠢᠭᠤᠯᠪᠠ᠃ ᠶᠠᠷᠱᠢᠭ ᠲᠦᠪᠡᠭ᠌ᠲᠡᠶ ᠪᠠ ᠲᠥᠬᠦᠮ ᠬᠡᠷᠡᠭ᠎ᠢ ᠰᠠᠯᠭᠠᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠡᠷᠡᠭ᠎ᠤᠨ ᠬᠦᠨᠳᠦ ᠬᠥᠩᠭᠡᠨ᠎ᠢ ᠰᠠᠯᠭᠠᠬᠤ᠂ ᠲᠦᠷᠭᠡᠨ ᠤᠳᠠᠭᠠᠨ᠎ᠢ ᠰᠠᠯᠭᠠᠬᠤ᠎ᠶ᠋ᠢ ᠬᠡᠷᠡᠭ᠌ᠵᠢᠭᠦᠯᠵᠦ᠍᠂ ᠱᠢᠭᠦᠨ ᠲᠠᠰᠤᠯᠤᠯᠲᠠ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ ᠪᠥᠬᠦ᠌ ᠣᠷᠣᠨ᠎ᠤ 123 ᠱᠢᠭᠦᠬᠦ᠌ ᠬᠤᠷᠢᠶ᠎ᠠ ᠲᠦᠷᠭᠡᠨ ᠲᠡᠰᠦᠯᠦᠨ ᠲᠦᠷᠭᠡᠨ ᠱᠢᠭᠦᠬᠦ᠌ ᠪᠦᠯᠬᠦᠮ᠎ᠢ ᠨᠡᠢᠲᠡ 139 ᠪᠠᠢᠭᠤᠯᠵᠤ᠂ ᠳᠥᠭᠦᠮ ᠬᠡᠷᠡᠭ᠎ᠢ ᠲᠦᠷᠭᠡᠨ ᠱᠢᠭᠦᠬᠦ᠂ ᠶᠠᠷᠱᠢᠭ ᠲᠦᠪᠡᠭ᠌ᠲᠡᠶ ᠬᠡᠷᠡᠭ᠎ᠢ ᠨᠠᠷᠢᠯᠢᠭ ᠱᠢᠭᠦᠬᠦ᠌᠎ᠶ᠋ᠢ ᠠᠬᠢᠭᠤᠯᠪᠠ᠃

ᠨᠢᠭᠡ ᠪᠢᠷ᠂ ᠨᠢᠭᠡ ᠬᠠᠭᠤᠳᠠᠰᠤ ᠴᠠᠭᠠᠰᠤ᠎ᠠᠴᠠ 《ᠪᠢᠴᠢᠯ ᠱᠢᠭᠦᠬᠦ᠌ ᠬᠤᠷᠢᠶ᠎ᠠ》᠂ ᠤᠶᠤᠨᠴᠢ 《ᠡᠭᠦᠯᠡ》 ᠬᠦᠷᠲᠡᠯ᠎ᠡ; ᠬᠦᠯᠢᠶᠡᠨ ᠠᠪᠴᠤ᠌ ᠱᠢᠢᠳᠪᠦᠷᠢᠯᠡᠭ᠌ᠰᠡᠨ ᠬᠡᠷᠡᠭ᠎ᠤᠨ ᠲᠤᠭ᠎ᠠ 1950 ᠣᠨ᠎ᠤ 1.7 ᠲᠦᠮᠡᠨ ᠬᠤᠪᠢ᠂ ᠨᠠᠶᠠᠭᠠᠳ ᠣᠨ᠎ᠤ ᠦᠶ᠎ᠡ᠎ᠶ᠋ᠢᠨ 4.2 ᠲᠦᠮᠡᠨ ᠬᠤᠪᠢ᠂ 2000 ᠣᠨ᠎ᠤ 21.5 ᠲᠦᠮᠡᠨ ᠬᠤᠪᠢ᠎ᠠᠴᠠ 2019 ᠣᠨ᠎ᠤ 85.3 ᠲᠦᠮᠡᠨ ᠬᠤᠪᠢ ᠬᠦᠷᠲᠡᠯ᠎ᠡ ᠁

ᠲᠥᠪ ᠭᠤᠣᠯᠴᠢ ᠱᠢᠳᠤᠷᠭᠤ ᠶᠣᠰᠣ᠎ᠶ᠋ᠢ ᠪᠠᠲᠤ ᠰᠠᠬᠢᠵᠤ᠂ ᠠᠷᠠᠳ ᠲᠦᠮᠡᠨ᠎ᠲᠠᠢ ᠰᠡᠳᠭᠢᠯ ᠵᠢᠷᠦᠭᠡ᠎ᠪᠠᠨ ᠬᠤᠯᠪᠤᠨ᠎ᠠ᠃ ᠨᠠᠮ᠎ᠤᠨ ᠠᠷᠪᠠᠨ ᠨᠠᠶᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠥᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠱᠢᠭᠦᠬᠦ᠌ ᠬᠤᠷᠢᠶ᠎ᠠ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠣᠯᠠᠨ ᠡᠱᠢᠲᠦ ᠬᠠᠤᠯᠢ ᠪᠠᠷᠢᠬᠤ ᠬᠡᠷᠡᠭ᠌ᠴᠡᠭᠡ᠎ᠶ᠋ᠢ ᠪᠠᠲᠤ ᠡᠵᠡᠮᠳᠡᠵᠦ᠍᠂ ᠲᠥᠪ ᠭᠤᠤᠯᠴᠢ᠎ᠶ᠋ᠢᠨ ᠲᠡᠩᠨᠡᠭᠦᠷ᠎ᠢ ᠠᠷᠠᠳ ᠣᠯᠠᠨ᠎ᠤ ᠰᠡᠳᠭᠢᠯ᠎ᠳᠤ ᠭᠦᠨ ᠬᠠᠳᠠᠩᠱᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号