《〈ᠳ᠋ᠧᠩᠯᠦ᠍ ᠤᠯᠠᠭᠠᠨ〉 ᠠᠮᠲᠠᠲᠤ ᠬᠡᠮᠬᠡ᠎ᠶ᠋ᠢ ᠲᠠᠷᠢᠭᠠᠳ ᠨᠢᠬᠡᠨᠳᠡ ᠲᠠᠯ᠎ᠠ ᠨᠠᠶᠠᠨ ᠵᠢᠯ ᠪᠣᠯᠵᠠᠢ᠂ ᠠᠬᠠᠮᠠᠳ ᠨᠢᠬᠡ ᠦᠶ᠎ᠡ᠎ᠶ᠋ᠢᠨ ᠲᠠᠷᠢᠶᠠᠴᠢᠳ᠎ᠤᠨ ᠲᠠᠷᠢᠵᠤ ᠪᠠᠢᠬ᠍ᠰᠠᠨ ᠡᠨᠡ ᠭᠤᠸᠠ᠎ᠶ᠋ᠢᠨ ᠦᠷ᠎ᠡ᠎ᠶ᠋ᠢ ᠪᠢᠳᠡ ᠤᠳᠤ ᠪᠣᠯᠲᠠᠯ᠎ᠠ ᠲᠠᠷᠢᠭ᠍ᠰᠠᠭᠠᠷ ᠪᠠᠢᠨ᠎ᠠ᠃ ᠪᠤᠰᠤᠳ ᠭᠠᠵᠠᠷ᠎ᠲᠤ ᠡᠢᠮᠦ᠍ ᠭᠤᠢᠳᠠ ᠰᠠᠢᠬᠠᠨ ᠠᠮᠳᠠᠳᠠᠢ ᠠᠮᠳᠠᠳᠤ ᠬᠡᠮᠬᠡ᠎ᠶ᠋ᠢ ᠲᠠᠷᠢᠵᠤ ᠤᠷᠭᠤᠭᠤᠯᠵᠤ ᠲᠡᠢᠯᠬᠦ᠌ ᠦᠭᠡᠢ᠃ ᠮᠠᠨ᠎ᠤ ᠠᠳᠡᠬᠢ ᠠᠮᠲᠠᠲᠤ ᠬᠡᠮᠬᠡ᠎ᠶ᠋ᠢ ᠲᠥᠪᠡᠳ᠂ ᠶᠦᠨᠨᠠᠨ ᠵᠦ᠍ᠭ ᠬᠦᠷᠬᠡᠵᠤ ᠳᠡᠢᠯᠬᠦ᠌ ᠦᠭᠡᠢ᠎ᠠᠴᠠ ᠪᠤᠰᠤᠳ ᠭᠠᠵᠠᠷ ᠤᠷᠤᠨ᠎ᠳᠤ ᠴᠦᠮ ᠬᠦᠷᠬᠡᠵᠤ ᠲᠠᠢᠯᠦᠨ᠎ᠠ》᠃ 6 ᠰᠠᠷ᠎ᠠ᠎ᠶ᠋ᠢᠨ 3 ᠤ ᠡᠳᠦᠷ᠂ ᠦᠶᠤᠸᠠᠨ ᠱᠢᠶᠠᠨ᠎ᠤ ᠱᠧᠩ ᠹᠧᠩ ᠪᠠᠯᠭᠠᠰᠤ᠎ᠶ᠋ᠢᠨ ᠱᠢᠨ ᠬᠤᠩ ᠼᠦᠨ ᠲᠣᠰᠭᠤᠨ᠎ᠤ ᠲᠤᠯᠠᠭᠠᠨ ᠬᠦᠯᠡᠮᠵᠢ᠎ᠳᠤ᠂ ᠲᠣᠰᠭᠤᠨ᠎ᠤ ᠨᠠᠮ᠎ᠤᠨ ᠡᠭᠦᠷ᠎ᠤᠨ ᠱᠦᠵᠢ ᠵᠠᠩ ᠵᠢᠶᠠᠨ ᠵᠢᠶᠦ᠋ᠨ ᠶᠠᠭ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢ ᠠᠱᠢᠬ᠍ᠯᠠᠨ᠂ ᠰᠦᠯᠵᠢᠶᠡᠨ ᠠᠨᠳᠠ ᠨᠠᠷ᠎ᠲᠤ ᠲᠤᠰ ᠭᠠᠵᠠᠷ᠎ᠤᠨ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ ᠪᠣᠯᠬᠤ 《ᠳ᠋ᠧᠩᠯᠦ᠍ ᠤᠯᠠᠭᠠᠨ》 ᠠᠮᠲᠠᠲᠤ ᠬᠡᠮᠬᠡ᠎ᠪᠠᠨ ᠪᠣᠷᠣᠯᠠᠭᠤᠯᠵᠤ ᠪᠠᠢᠯ᠎ᠠ᠂ ᠬᠤᠶᠠᠷᠬᠠᠨ ᠴᠠᠭ ᠭᠠᠷᠤᠢ᠎ᠶ᠋ᠢᠨ ᠳᠣᠲᠣᠷ᠎ᠠ᠂ ᠲᠡᠭᠦᠨ᠎ᠤ ᠱᠢᠭᠤᠳ ᠨᠡᠪᠲᠡᠷᠡᠭᠦᠯᠭᠡ᠎ᠶ᠋ᠢ 1.5 ᠲᠦᠮᠡ ᠭᠠᠷᠤᠢ ᠬᠦᠮᠦᠨ ᠦᠵᠡᠵᠤ᠂ 300 ᠭᠠᠷᠤᠢ ᠵᠢᠩ ᠠᠮᠲᠠᠲᠤ ᠬᠡᠮᠬᠡ᠎ᠪᠠᠨ ᠪᠤᠷᠤᠯᠠᠭᠤᠯᠴᠢᠬᠠᠪᠠ᠃
ᠱᠧᠩ ᠹᠧᠩ ᠪᠠᠯᠭᠠᠰᠤᠨ᠎ᠤ ᠱᠢᠨ ᠬᠤᠩ ᠼᠦᠨ ᠲᠣᠰᠭᠤᠨ᠎ᠤ ᠡᠷᠦᠬᠡ ᠪᠣᠯᠭᠠᠨ ᠠᠮᠲᠠᠲᠤ ᠬᠡᠮᠬᠡ ᠲᠠᠷᠢᠵᠤ ᠪᠠᠢᠨ᠎ᠠ᠃ ᠡᠨᠡ ᠠᠮᠲᠠᠲᠤ ᠬᠡᠮᠬᠡ᠎ᠶ᠋ᠢᠨ ᠭᠠᠳᠠᠷ ᠬᠡᠯᠪᠡᠷᠢ᠎ᠨᠢ ᠳ᠋ᠧᠩᠯᠦᠯᠦᠭᠡ ᠮᠠᠰᠢ ᠲᠥᠰᠦᠭᠡᠳᠡᠢ ᠪᠣᠯᠬᠤᠷ 《ᠳ᠋ᠧᠩᠯᠦ᠍ ᠤᠯᠠᠭᠠᠨ》 ᠭᠡᠮᠡᠨ ᠨᠡᠷᠡᠯᠡᠵᠤ᠂ ᠦᠶᠤᠸᠠᠨ ᠱᠢᠶᠠᠨ᠎ᠤ ᠤᠨᠴᠠᠯᠢᠭ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠨᠢᠭᠡ ᠪᠣᠯᠤᠨ᠎ᠠ᠃ ᠲᠠᠷᠢᠮᠠᠯ᠎ᠤᠨ ᠮᠡᠷᠭᠡᠵᠢᠯ᠎ᠤᠨ ᠳᠠᠪᠱᠢᠯᠲᠠ ᠪᠠ ᠢᠨᠲ᠋ᠧᠷ ᠰᠦᠯᠵᠢᠶᠡᠨ᠎ᠤ ᠲᠦᠷᠭᠡᠨ ᠬᠥᠭ᠌ᠵᠢᠯᠲᠡ᠎ᠶ᠋ᠢ ᠳᠠᠭᠠᠯᠳᠤᠨ᠂ ᠠᠮᠲᠠᠲᠤ ᠬᠡᠮᠬᠡ᠎ᠶ᠋ᠢ ᠨᠢᠭᠡᠨᠲᠡ ᠲᠠᠷᠢᠶᠠᠨ ᠭᠠᠵᠠᠷ᠎ᠲᠤ ᠳᠠᠷᠢᠵᠤ ᠪᠠᠢᠭ᠍ᠰᠠᠨ᠎ᠠᠴᠠ ᠲᠤᠯᠠᠭᠠᠨ ᠬᠦᠯᠡᠮᠵᠢ᠎ᠳᠤ ᠳᠠᠷᠢᠵᠤ᠂ ᠳᠠᠷᠢᠬᠤ ᠬᠡᠪᠴᠢᠶ᠎ᠡ᠎ᠨᠢ ᠲᠠᠰᠤᠷᠠᠯᠲᠠ ᠥᠬᠡᠶ ᠥᠷᠭᠡᠵᠢᠵᠤ᠂ 《ᠳ᠋ᠧᠩᠯᠦ᠍ ᠤᠯᠠᠭᠠᠨ》 ᠠᠮᠲᠠᠲᠤ ᠬᠡᠮᠬᠡ ᠴᠦ᠍ ᠪᠥᠬᠦ᠌ ᠤᠯᠤᠰ᠎ᠤᠨ ᠡᠯ᠎ᠡ ᠭᠠᠵᠠᠷ᠎ᠲᠤ ᠪᠤᠷᠤᠯᠠᠭᠤᠯᠤᠬ᠍ᠳᠠᠬᠤ ᠪᠤᠯᠵᠠᠢ᠃
ᠡᠨᠡ ᠵᠢᠯ 53 ᠨᠠᠰᠤᠲᠠᠢ ᠵᠠᠩ ᠵᠢᠶᠠᠨ ᠵᠢᠶᠦ᠋ᠨ ᠪᠣᠯ ᠲᠣᠰᠭᠤᠨ᠎ᠤ᠎ᠪᠠᠨ ᠭᠤᠸ᠎ᠠ ᠲᠠᠷᠢᠬᠤ 《ᠮᠡᠷᠬᠡᠵᠢᠯᠳᠡᠨ》 ᠪᠣᠯᠤᠨ᠎ᠠ᠃ 《ᠮᠠᠨ᠎ᠤ ᠲᠣᠰᠭᠤᠨ᠎ᠤ ᠬᠦᠷᠦᠰᠦ ᠱᠢᠷᠦᠢ ᠪᠣᠯ ᠤᠯᠠᠭᠠᠨ ᠱᠢᠪᠠᠷ᠎ᠲᠤ ᠬᠦᠷᠦᠰᠦ᠂ ᠡᠢᠮᠦ᠍ ᠬᠦᠷᠦᠰᠦᠨ᠎ᠳᠤ ᠣᠷᠭᠠᠨᠢᠭ ᠪᠣᠷᠳᠣᠭᠤᠷ ᠣᠷᠣᠭᠤᠯᠪᠠᠯ᠂ 〈ᠳ᠋ᠧᠩᠯᠦ᠍ ᠤᠯᠠᠭᠠᠨ〉 ᠤ ᠤᠷᠭᠤᠬᠤ᠎ᠳᠤ ᠣᠨᠴᠠᠭᠠᠢ ᠲᠣᠬᠢᠷᠠᠬᠤ ᠪᠦᠬᠡᠳ ᠡᠢᠮᠦ᠍ ᠬᠦᠷᠦᠰᠦᠨ᠎ᠳᠤ ᠤᠷᠭᠤᠬ᠍ᠰᠠᠨ ᠭᠤᠸᠠ᠎ᠶ᠋ᠢᠨ ᠭᠤᠣᠯ᠎ᠨᠢ ᠬᠡᠤᠷᠡᠭ ᠱᠢᠬᠢᠷᠯᠢᠭ ᠪᠠᠢᠵᠤ᠂ ᠭᠤᠢᠳᠠ ᠠᠮᠳᠠᠳᠠᠢ ᠱᠢᠦ》 ᠬᠡᠵᠤ ᠠᠮᠲᠠᠲᠤ ᠬᠡᠮᠬᠡ᠎ᠶ᠋ᠢᠨ᠎ᠢᠶᠠᠨ ᠲᠤᠬᠠᠢ ᠶᠠᠷᠢᠬᠤ᠎ᠳᠤ ᠵᠠᠩ ᠵᠢᠶᠠᠨ ᠵᠢᠶᠦ᠋ᠨ ᠪᠠᠯ ᠤᠤᠭᠤᠭ᠍ᠰᠠᠨ ᠱᠢᠭ᠋ ᠪᠠᠶᠠᠷᠯᠠᠵᠤ ᠪᠠᠢᠯ᠎ᠠ᠃
2017 ᠣᠨ᠎ᠳᠤ᠂ ᠵᠠᠩ ᠵᠢᠶᠠᠨ ᠵᠢᠶᠦ᠋ᠨ ᠦᠪᠡᠷ᠎ᠤᠨ ᠬᠦᠦ ᠵᠠᠩ ᠶᠤᠸᠠᠢᠲᠠᠢᠪᠠᠨ ᠬᠤᠶᠠᠭᠤᠯᠠ ᠱᠢᠶᠠᠨ᠎ᠠᠴᠠ ᠡᠷᠬᠢᠯᠡᠭ᠌ᠰᠡᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠪᠣᠯᠪᠠᠰᠤᠷᠠᠯ᠎ᠤᠨ ᠠᠩᠬᠢ᠎ᠳᠤ ᠣᠷᠣᠯᠴᠠᠪᠠ᠃ ᠱᠢᠰᠲ᠋ᠧᠮ᠎ᠲᠠᠢ ᠰᠤᠷᠤᠯᠴᠠᠭ᠍ᠰᠠᠨ᠎ᠤ ᠳᠠᠷᠠᠭ᠎ᠠ᠂ ᠲᠡᠷᠡ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠪᠠᠷ ᠠᠮᠳᠠᠳᠤ ᠬᠡᠮᠬᠡ᠎ᠪᠠᠨ ᠪᠣᠷᠣᠯᠠᠭᠤᠯᠬᠤ᠎ᠶ᠋ᠢ ᠲᠤᠷᠱᠢᠵᠤ᠂ ᠲᠠᠷᠢᠶᠠᠨ ᠭᠠᠵᠠᠷ᠂ ᠲᠤᠯᠠᠭᠠᠨ ᠬᠦᠯᠡᠮᠵᠢ᠎ᠨᠢ ᠱᠢᠭᠤᠳ ᠨᠡᠪᠲᠡᠷᠡᠭᠦᠯᠭᠡ᠎ᠶ᠋ᠢᠨ ᠲᠠᠪᠴᠠᠩ ᠪᠣᠯᠪᠠ᠃ ᠬᠦᠦ ᠵᠠᠩ ᠶᠤᠸᠠᠢ᠎ᠨᠢ ᠪᠠᠰᠠ ᠲᠡᠭᠦᠨ᠎ᠤ ᠰᠠᠢᠨ ᠬᠠᠪᠰᠤᠷᠤᠭ᠍ᠴᠢ ᠪᠤᠯᠵᠤ᠂ ᠬᠡᠷᠡᠭ᠌ᠯᠡᠭ᠌ᠴᠢᠳ᠎ᠲᠤ ᠦᠢᠯᠡᠴᠢᠯᠡᠬᠦ᠂ ᠪᠠᠷᠠᠭ᠎ᠠ ᠢᠯᠡᠭᠡᠬᠦ᠌ ᠵᠡᠷᠬᠡ ᠶᠠᠪᠤᠳᠠᠯ᠎ᠳᠤ ᠶᠠᠭᠠᠷᠡᠨᠠ᠃ ᠤᠳᠤ ᠡᠴᠢᠭᠡ ᠬᠦᠦ ᠬᠤᠶᠠᠭᠤᠯᠠ᠎ᠪᠠᠨ ᠨᠠᠢᠵᠠ᠎ᠶ᠋ᠢᠨ ᠲᠣᠭᠤᠷᠢᠭ᠂ ᠪᠤᠱᠢᠭᠤ ᠭᠠᠷ᠂ ᠴᠤᠤᠷᠢᠶ᠎ᠠ ᠵᠡᠷᠭᠡ ᠲᠠᠪᠴᠠᠩ᠎ᠢᠶᠠᠷ ᠪᠣᠷᠣᠯᠠᠭᠤᠯᠵᠤ ᠪᠠᠢᠭ᠎ᠠ 《ᠳ᠋ᠧᠩᠯᠦ᠍ ᠤᠯᠠᠭᠠᠨ》 ᠨᠢ ᠵᠠᠬ᠎ᠠ ᠲᠡᠯᠬᠡᠬᠦᠷ᠎ᠲᠤ ᠠᠪᠠᠴᠢᠵᠤ ᠪᠣᠷᠣᠯᠠᠭᠤᠯᠬᠤ ᠬᠡᠮᠵᠢᠶ᠎ᠠ᠎ᠠᠴᠠ ᠬᠤᠯᠠ ᠳᠠᠪᠠᠵᠤ᠂ ᠣᠷᠣᠯᠭ᠎ᠠ᠎ᠨᠢ ᠴᠦ᠍ ᠲᠠᠬᠢᠨ᠎ᠢᠶᠠᠷ ᠨᠡᠮᠡᠭ᠌ᠳᠡᠪᠡ᠃
2018 ᠣᠨ᠎ᠳᠤ᠂ ᠲᠣᠰᠭᠤᠨ᠎ᠤ ᠳᠠᠷᠤᠭ᠎ᠠ᠎ᠪᠠᠷ ᠰᠣᠩᠭᠤᠭ᠍ᠳᠠᠭ᠍ᠰᠠᠨ ᠵᠠᠩ ᠵᠢᠶᠠᠨ ᠵᠢᠶᠦ᠋ᠨ ᠲᠣᠰᠭᠤᠨ᠎ᠤ ᠠᠷᠠᠳ᠎ᠲᠠᠢ᠎ᠪᠠᠨ ᠵᠥᠪᠳᠡᠯᠴᠡᠵᠦ᠍ 《ᠶᠠᠨ ᠠᠨ ᠾᠧ ᠭᠤᠤᠯ᠎ᠤᠨ ᠬᠥᠭᠦᠷᠭᠡ ᠳ᠋ᠧᠩᠯᠦ᠍ ᠤᠯᠠᠭᠠᠨ ᠠᠮᠳᠠᠳᠤ ᠬᠡᠮᠬᠡ》 ᠬᠡᠬᠦ᠌ ᠲᠠᠸᠠᠷ᠎ᠤᠨ ᠲᠡᠮᠳᠡᠭ᠎ᠢ ᠳᠠᠩᠰᠠᠯᠠᠭᠤᠯᠵᠠᠢ᠂ ᠲᠤᠬᠠᠢ᠎ᠶ᠋ᠢᠨ ᠵᠢᠯ᠎ᠳᠤ᠂ ᠲᠡᠳᠡ ᠪᠠᠰᠠ ᠲᠠᠷᠢᠶᠠᠴᠢᠨ᠎ᠤ ᠲᠤᠰᠭᠠᠢ ᠬᠤᠷᠱᠢᠶ᠎ᠠ᠎ᠶ᠋ᠢ ᠪᠠᠢᠭᠤᠯᠵᠤ᠂ ᠬᠤᠶᠠᠷ ᠬᠡᠮᠵᠢᠯᠳᠦ ᠺᠣᠳ᠋᠎ᠢᠶᠠᠷ ᠲᠠᠷᠢᠶᠠᠯᠠᠩ᠎ᠤᠨ ᠪᠦᠳᠦᠬᠡᠭ᠌ᠳᠡᠬᠦᠨ᠎ᠤ ᠶᠠᠰᠤ ᠴᠢᠨᠠᠷ᠎ᠢ ᠮᠥᠷᠳᠡᠵᠦ᠍ ᠪᠣᠯᠬᠤ ᠱᠢᠰᠲ᠋ᠧᠮ᠎ᠢ ᠪᠠᠢᠭᠤᠯᠪᠠ᠃ ᠤᠳᠤ ᠱᠢᠨ ᠬᠤᠩ ᠼᠦᠨ ᠲᠣᠰᠭᠤᠨ ᠭᠤᠸ᠎ᠠ ᠲᠠᠷᠢᠬᠤ ᠲᠤᠰᠭᠠᠶ ᠲᠣᠰᠭᠤᠨ ᠪᠣᠯᠵᠤ᠂ ᠡᠷᠦᠬᠡ ᠪᠦᠷᠢ᠎ᠶ᠋ᠢᠨ ᠵᠢᠯ᠎ᠤᠨ ᠣᠷᠣᠯᠭ᠎ᠠ᠎ᠨᠢ 10 ᠲᠦᠮᠡᠨ ᠲᠥᠭᠦᠷᠢᠭ᠎ᠠᠴᠠ ᠳᠡᠭᠡᠭ᠌ᠰᠢ ᠬᠦᠷᠴᠤ᠌ ᠪᠤᠢ᠃
ᠡᠨᠡ ᠬᠤᠶᠠᠷ ᠵᠢᠯ᠂ ᠵᠠᠩ ᠵᠢᠶᠠᠨ ᠵᠢᠶᠦ᠋ᠨ᠎ᠤ᠎ᠬᠢᠨ 8 ᠲᠤᠯᠠᠭᠠᠨ ᠬᠦᠯᠡᠮᠵᠢ᠎ᠶ᠋ᠢᠨ 50 ᠮᠦ᠍ ᠲᠠᠷᠢᠶᠠᠨ᠎ᠳᠠᠭᠠᠨ ᠴᠦᠮ 《ᠳ᠋ᠧᠩᠯᠦ᠍ ᠤᠯᠠᠭᠠᠨ》 ᠲᠠᠷᠢᠵᠠᠢ᠃ ᠲᠡᠷᠡ᠄ 《20 ᠭᠠᠷᠤᠢ ᠵᠢᠯ᠎ᠤᠨ ᠡᠮᠦᠨ᠎ᠡ ᠳᠥᠷᠪᠡ ᠲᠠᠪᠤᠨ ᠮᠦ᠍ ᠠᠮᠲᠠᠲᠤ ᠬᠡᠮᠬᠡ ᠲᠠᠷᠢᠪᠠᠯ 〈ᠲᠦᠮᠡᠨ ᠲᠥᠭᠦᠷᠢᠭ᠎ᠤᠨ ᠡᠷᠦᠬᠡ〉 ᠪᠣᠯᠴᠢᠬᠠᠨ᠎ᠠ᠃ ᠰᠡᠭᠦᠯᠡᠷ᠎ᠨᠢ ᠵᠠᠰᠠᠭ᠎ᠤᠨ ᠣᠷᠳᠣᠨ᠎ᠠᠴᠠ ᠪᠢᠳᠡᠨ᠎ᠳᠤ ᠲᠦᠬᠦᠬᠡᠷᠦᠮᠵᠢᠳᠤ ᠲᠠᠷᠢᠶᠠᠯᠠᠩ᠎ᠢ ᠬᠥᠭ᠌ᠵᠢᠭᠦᠯᠬᠦ᠌ ᠨᠥᠬᠦᠪᠥᠷᠢ ᠥᠭ᠌ᠴᠦ᠂ ᠤᠳᠤ ᠵᠢᠯ᠎ᠤᠨ 10 ᠭᠠᠷᠤᠢ ᠲᠦᠮᠡᠨ ᠲᠥᠭᠦᠷᠢᠭ᠎ᠤᠨ ᠣᠷᠣᠯᠭ᠎ᠠ᠎ᠲᠠᠢ ᠪᠣᠯᠵᠠᠢ᠃ ᠪᠢ ᠲᠤᠰᠭᠤᠨ᠎ᠤ ᠣᠯᠠᠨ᠎ᠢᠶᠠᠨ ᠳᠠᠭᠠᠭᠤᠯᠳ ᠦᠷᠬᠦᠯᠵᠢᠯᠡᠨ ᠰᠠᠢᠨ ᠠᠵᠢᠯᠯᠠᠨ᠎ᠠ》 ᠬᠡᠪᠠ᠃

ᠠᠮᠲᠠᠲᠤ ᠬᠡᠮᠬᠡ᠎ᠨᠢ ᠡᠯᠪᠡᠭ ᠬᠤᠷᠢᠶᠠᠯᠲᠠ ᠤᠯᠵᠠᠢ

ᠭᠤᠶᠤ ᠰᠡᠭᠦᠳᠡᠷ ᠲᠠᠲᠠᠴᠢᠬᠠᠭᠠᠳ ᠨᠠᠢᠵᠠ᠎ᠶ᠋ᠢᠨ ᠲᠣᠭᠤᠷᠢᠭ᠎ᠲᠠᠭᠠᠨ ᠳᠠᠮᠵᠢᠭᠤᠯᠤᠨ᠎ᠠ