ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠴᠦ ᠠᠷᠠᠳ ᠲᠦᠮᠡᠨ᠎ᠤ ᠠᠮᠤᠷ ᠲᠦᠪᠱᠢᠨ᠎ᠢ ᠪᠠᠲᠤᠯᠠᠪᠠ
2021-06-18 19:11:16
ᠵᠣᠬᠢᠶᠠᠭ᠍ᠴᠢ᠄
ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠂ ᠠᠵᠤ ᠠᠬᠤᠢ᠎ᠪᠠᠨ ᠬᠥᠭ᠌ᠵᠢᠭᠦᠯᠬᠦ᠂ ᠠᠷᠠᠳ ᠤᠯᠠᠨ᠎ᠳᠤ ᠪᠤᠶᠠᠨ ᠦᠢᠯᠡᠳᠬᠦ᠌᠎ᠳᠤ ᠴᠥᠮ ᠬᠠᠤᠯᠢᠵᠢᠯ᠎ᠤᠨ ᠪᠠᠲᠤᠯᠠᠭ᠎ᠠ ᠬᠠᠩᠭᠠᠬᠤ᠎ᠠᠴᠠ ᠰᠠᠯᠵᠤ ᠴᠢᠳᠠᠬᠤ ᠦᠭᠡᠢ ᠶᠤᠮ᠃ ᠮᠠᠨ᠎ᠤ ᠣᠷᠣᠨ ᠢᠮᠠᠭ᠍ᠲᠠ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠱᠠᠭᠠᠷᠳᠠᠯᠭ᠎ᠠ ᠱᠢᠨ᠎ᠡ ᠬᠦᠰᠡᠯ ᠡᠷᠡᠮᠡᠯᠵᠡᠯ᠎ᠳᠤ ᠢᠳᠡᠪᠬᠢᠲᠡᠢ ᠬᠠᠷᠢᠭᠤᠯᠲᠠ ᠥᠭ᠌ᠴᠦ᠂ ᠤᠯᠤᠰ ᠲᠦᠷᠦ᠎ᠶ᠋ᠢᠨ ᠠᠮᠤᠷ ᠲᠦᠪᠱᠢᠨ᠎ᠢ ᠬᠦᠴᠦᠲᠡᠢ ᠬᠠᠮᠠᠭᠠᠯᠠᠵᠤ᠂ ᠶᠡᠭᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠪᠠᠲᠤᠯᠠᠵᠤ᠂ ᠲᠥᠪ ᠭᠤᠣᠯᠴᠢ ᠱᠢᠳᠤᠷᠭᠤ ᠶᠣᠰᠣ᠎ᠶ᠋ᠢ ᠰᠠᠬᠢᠨ ᠬᠠᠮᠠᠭᠠᠯᠠᠵᠤ᠂ ᠠᠷᠠᠳ ᠤᠯᠠᠨ᠎ᠤ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠤᠯᠴᠠᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌ ᠤᠷᠴᠢᠨ ᠤᠯᠠᠮ ᠥᠳᠭᠡᠨ ᠪᠤᠯᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ ᠴᠢᠨᠠᠭ᠍ᠰᠢᠳᠠ ᠨᠡᠮᠡᠭ᠌ᠳᠡᠵᠦ᠍᠂ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭᠠᠵᠠᠢ᠃


4016444_lity_1623912410055_m.jpg


ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠬᠠᠮᠠᠭᠠᠯᠠᠬᠤ ᠪᠣᠯ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠃ ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠡᠢᠭᠡᠮ᠎ᠤᠨ ᠠᠮᠤᠷ ᠲᠦᠪᠱᠢᠨ᠎ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠮᠠᠨ᠎ᠤ ᠣᠷᠣᠨ᠎ᠤ ᠤᠯᠤᠰ ᠲᠥᠷᠥ᠎ᠶ᠋ᠢᠨ ᠠᠮᠤᠷ ᠲᠦᠪᠱᠢᠨ ᠪᠠ ᠨᠡᠢᠭᠡᠮ᠎ᠤᠨ ᠠᠮᠤᠷ ᠲᠦᠪᠱᠢᠨ᠎ᠤ ᠦᠷᠭᠦᠯᠵᠢᠯᠡᠨ ᠲᠣᠭ᠍ᠲᠠᠭᠤᠨ ᠪᠠᠢᠬᠤ᠎ᠶ᠋ᠢ ᠬᠦᠴᠦᠲᠡᠶ ᠬᠠᠮᠠᠭᠠᠯᠠᠪᠠ᠃

2020 ᠣᠨ᠎ᠳᠤ᠂ ᠮᠠᠨ᠎ᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠯ᠎ᠡ ᠲᠥᠷᠥᠯ᠎ᠤᠨ ᠡᠷᠡᠭᠦᠦ᠎ᠶ᠋ᠢᠨ ᠬᠡᠷᠡᠭ᠎ᠢ ᠨᠡᠢᠲᠡ 36239 ᠢᠯᠡᠷᠡᠭᠦᠯᠵᠦ᠍᠂ ᠶᠠᠯ᠎ᠠ ᠬᠢᠭ᠌ᠰᠡᠨ ᠰᠡᠵᠢᠭ᠌ᠳᠡᠨ᠎ᠢ 30760 ᠪᠠᠷᠢᠪᠴᠢᠯᠠᠪᠠ; ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠡᠷᠡᠭᠦᠦ᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠰᠠᠯᠠᠭ᠎ᠠ ᠮᠥᠴᠢᠷ ᠬᠡᠷᠡᠭ᠎ᠢ ᠢᠯᠡᠷᠡᠭᠦᠯᠵᠦ᠍ ᠬᠡᠷᠡᠭ᠎ᠲᠤ ᠬᠤᠯᠪᠣᠭ᠍ᠳᠠᠭ᠍ᠰᠠᠨ ᠵᠣᠭᠤᠰ ᠮᠥᠩᠭᠦ᠌ ᠡᠳ᠋ ᠪᠣᠳᠠᠰ᠎ᠢ ᠲᠥᠪᠯᠡᠷᠡᠭᠦᠯᠦᠨ ᠪᠤᠴᠠᠭᠠᠬᠤ ᠶᠡᠭᠡ ᠬᠤᠷᠠᠯ᠎ᠢ ᠨᠡᠢᠲᠡ 24 ᠲᠠᠯᠠᠪᠠᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠠᠷᠠᠳ ᠣᠯᠠᠨ᠎ᠳᠤ 1271.65 ᠲᠦᠮᠡᠨ ᠲᠥᠭᠦᠷᠢᠭ ᠪᠤᠴᠠᠭᠠᠪᠠ᠃

4 ᠰᠠᠷ᠎ᠠ᠎ᠶ᠋ᠢᠨ 13 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠭᠦᠭ᠌ᠰᠡᠨ ᠪᠠᠢᠳᠠᠯ᠎ᠢ ᠵᠠᠷᠯᠠᠨ ᠮᠡᠳᠡᠭ᠌ᠳᠡᠪᠡ᠃ 2020 ᠣᠨ᠎ᠤ 2 ᠰᠠᠷ᠎ᠠ᠎ᠳᠤ ᠮᠠᠨ᠎ᠤ ᠣᠷᠣᠨ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠭᠦᠷᠭᠡ ᠴᠢᠳᠠᠪᠬᠢ᠎ᠶ᠋ᠢᠨ ᠦᠶᠯᠡᠳᠦᠯ᠎ᠢᠶᠠᠨ ᠪᠠᠳᠠᠷᠠᠭᠤᠯᠵᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠦᠴᠦᠲᠡᠶ ᠲᠠᠭᠠᠷᠢᠯᠲᠠ ᠶᠠᠪᠤᠭᠤᠯᠵᠤ᠂ ᠨᠡᠢᠲᠡ 484 ᠬᠡᠷᠡᠭ᠎ᠢ ᠬᠡᠷᠡᠭ ᠪᠣᠯᠭᠠᠨ ᠳᠡᠩᠰᠡᠯᠡᠵᠦ᠍᠂ ᠶᠠᠯ᠎ᠠ ᠬᠢᠭ᠌ᠰᠡᠨ ᠰᠡᠵᠢᠭ᠌ᠳᠡᠨ᠎ᠢ 724 ᠪᠠᠷᠢᠪᠴᠢᠯᠠᠵᠤ᠂ ᠬᠡᠷᠡᠭ᠎ᠲᠤ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ᠎ᠨᠢ 272 ᠭᠠᠷᠤᠶ ᠳ᠋ᠦᠩᠱᠢᠭᠤᠷ ᠲᠥᠭᠦᠷᠢᠭ᠎ᠲᠤ ᠬᠦᠷᠴᠦ᠍᠂ 124 ᠭᠠᠷᠤᠶ ᠳ᠋ᠦᠩᠱᠢᠭᠤᠷ ᠲᠥᠭᠦᠷᠢᠭ᠎ᠤᠨ ᠬᠤᠬᠢᠷᠠᠯ᠎ᠢ ᠨᠡᠬᠡᠮᠵᠢᠯᠡᠨ ᠪᠤᠴᠠᠭᠠᠨ ᠠᠪᠴᠢᠷᠠᠪᠠ᠃

ᠮᠠᠨ᠎ᠤ ᠤᠷᠤᠨ᠎ᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ ᠲᠡᠦᠬᠡᠲᠦ ᠴᠢᠨᠠᠷᠲᠠᠢ ᠢᠯᠠᠯᠲᠠ ᠤᠯᠵᠦ᠍᠂ ᠬᠠᠷ᠎ᠠ ᠨᠡᠢᠭᠡᠮ᠎ᠤᠨ ᠱᠢᠨᠵᠢ ᠴᠢᠨᠠᠷᠲᠠᠶ ᠵᠣᠬᠢᠶᠠᠨ ᠪᠠᠢᠭᠤᠯᠤᠯᠲᠠ᠎ᠶ᠋ᠢ ᠨᠡᠢᠲᠡ 63 ᠤᠰᠠᠳᠭᠠᠵᠤ᠂ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠪᠦᠯᠬᠦᠮ᠎ᠢ 1149 ᠤᠰᠠᠳᠭᠠᠪᠠ; ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠨᠡᠢᠳᠡ 1222 ᠬᠤᠪᠢ 3200 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 671 ᠬᠤᠪᠢ 5610 ᠬᠥᠮᠦᠨ᠎ᠢ ᠵᠠᠭᠠᠯᠳᠤᠪᠠ᠃

ᠪᠥᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ ᠪᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠶᠯᠡᠳᠦᠯᠭᠡ᠎ᠶ᠋ᠢᠨ ᠠᠵᠢᠯᠯᠠᠭ᠎ᠠ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ 《ᠶᠡᠭᠡ ᠬᠡᠷᠡᠭ᠎ᠢ ᠢᠯᠡᠷᠡᠭᠦᠯᠬᠦ᠌ ᠪᠠ ᠪᠠᠭ᠎ᠠ ᠬᠡᠷᠡᠭ᠎ᠢ ᠢᠯᠡᠷᠡᠭᠦᠯᠬᠦ᠌᠎ᠶ᠋ᠢ ᠵᠡᠷᠭᠡ᠎ᠪᠠᠷ ᠴᠢᠬᠤᠯᠠᠴᠢᠯᠠᠬᠤ᠂ ᠬᠡᠷᠡᠭ᠎ᠢ ᠢᠯᠡᠷᠡᠭᠦᠯᠬᠦ᠌ ᠪᠠ ᠪᠤᠵᠠᠷ ᠡᠳ᠋᠎ᠢ ᠨᠡᠬᠡᠮᠵᠢᠯᠡᠬᠦ᠌᠎ᠶ᠋ᠢ ᠵᠡᠷᠭᠡ᠎ᠪᠠᠷ ᠴᠢᠬᠤᠯᠠᠴᠢᠯᠠᠬᠤ》 ᠣᠢᠯᠠᠭᠠᠭ᠍ᠳᠠᠬᠤᠨ᠎ᠢ ᠴᠢᠩᠭᠠᠳᠭᠠᠵᠤ᠂ ᠮᠠᠨ᠎ᠤ ᠤᠷᠤᠨ᠎ᠤ ᠠᠷᠠᠳ ᠣᠯᠠᠨ᠎ᠤ ᠪᠡᠶ᠎ᠡ ᠮᠠᠬᠠᠪᠣᠳ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠥᠬᠦ᠌ ᠬᠦᠴᠦᠨ᠎ᠢᠶᠠᠷ᠎ᠢᠶᠠᠨ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号