ᠤᠢ᠍ᠢᠷ᠎ᠠ᠎ᠶ᠋ᠢᠨ ᠵᠢᠯ᠎ᠳᠤ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠲᠤᠱᠢᠶᠠᠯ ᠬᠠᠷᠢᠭᠤᠴᠠᠯᠭ᠎ᠠ᠎ᠶ᠋ᠢᠨ ᠭᠤᠣᠯ ᠠᠵᠢᠯ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠴᠠᠭᠠᠵᠠ᠎ᠶ᠋ᠢᠨ ᠬᠢᠨᠠᠯᠲᠠ ᠳᠠᠯᠪᠢᠬᠤ᠎ᠶ᠋ᠢ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠵᠤ᠂ 《ᠲᠦᠷᠪᠡᠨ ᠶᠡᠭᠡ ᠪᠠᠢᠴᠠᠭᠠᠬᠤ ᠠᠵᠢᠯ》 ᠪᠣᠯᠤᠨ ᠡᠩᠨᠡᠭᠡᠨ᠎ᠤ ᠪᠠᠢᠭᠤᠯᠤᠯᠲᠠ᠎ᠶ᠋ᠢ ᠠᠬᠢᠭᠤᠯᠵᠤ᠂ ᠤᠯᠤᠰ ᠲᠦᠷᠦ᠎ᠶ᠋ᠢᠨ ᠤᠬᠠᠮᠰᠠᠷ᠂ ᠬᠠᠤᠯᠢᠵᠢᠯ᠎ᠤᠨ ᠤᠬᠠᠮᠰᠠᠷ᠂ ᠪᠠᠢᠴᠠᠭᠠᠬᠤ ᠤᠬᠠᠮᠰᠠᠷ᠎ᠢᠶᠠᠨ ᠳᠡᠭᠡᠭ᠌ᠰᠢᠯᠡᠭᠦᠯᠬᠦ᠌᠎ᠪᠠᠷ ᠭᠤᠣᠯ ᠬᠦᠭ ᠠᠶᠠᠰ ᠪᠣᠯᠭᠠᠵᠤ᠂ ᠤᠯᠤᠰ ᠲᠦᠷᠦ᠎ᠶ᠋ᠢ ᠡᠷᠬᠢᠮᠯᠡᠵᠦ᠍᠂ ᠶᠡᠭᠡ ᠲᠠᠯ᠎ᠠ᠎ᠶ᠋ᠢ ᠪᠣᠳᠣᠯᠬᠢᠯᠠᠵᠤ᠂ ᠬᠥᠭ᠌ᠵᠢᠯᠲᠡ᠎ᠶ᠋ᠢ ᠡᠷᠢᠯᠬᠢᠯᠡᠵᠦ᠍᠂ ᠥᠪᠡᠷ᠎ᠢ᠎ᠪᠠᠨ ᠬᠦᠴᠦᠷᠬᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠡᠯ᠎ᠡ ᠵᠦᠢᠯ᠎ᠤᠨ ᠪᠠᠢᠴᠠᠭᠠᠬᠤ ᠠᠵᠢᠯ ᠦᠷᠭᠦᠯᠵᠢᠯᠡᠨ ᠲᠣᠭ᠍ᠲᠠᠭᠤᠨ᠎ᠢᠶᠠᠷ ᠰᠠᠢᠵᠢᠷᠠᠪᠠ᠃

ᠪᠤᠰᠤᠳᠴᠢ ᠲᠥᠪ ᠭᠤᠣᠯᠴᠢ ᠵᠣᠭ᠍ᠰᠣᠯᠲᠠ᠎ᠶ᠋ᠢ ᠪᠠᠷᠢᠮᠲᠠᠯᠠᠨ᠂ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠤᠶᠠᠯᠳᠤᠭᠤᠯᠵᠤ᠂ ᠶᠠᠯᠠᠲᠤ ᠠᠵᠢᠯᠯᠠᠭ᠎ᠠ᠎ᠶ᠋ᠢ ᠨᠡᠬᠡᠮᠵᠢᠯᠡᠨ ᠵᠠᠭᠠᠯᠳᠤᠪᠠ᠃ 2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠠᠢᠴᠠᠭᠠᠬᠤ ᠪᠠᠢᠭᠤᠯᠭ᠎ᠠ ᠡᠯ᠎ᠡ ᠲᠥᠷᠥᠯ᠎ᠤᠨ ᠡᠷᠡᠭᠦᠦ᠎ᠶ᠋ᠢᠨ ᠬᠡᠷᠡᠭ᠎ᠤᠨ ᠶᠠᠯᠠᠲᠤ ᠠᠵᠢᠯᠯᠠᠭ᠎ᠠ ᠬᠢᠭ᠌ᠰᠡᠨ ᠨᠡᠢᠲᠡ 12178 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 33518 ᠬᠥᠮᠦᠨ᠎ᠢ ᠵᠠᠭᠠᠯᠳᠤᠵᠤ᠂ 3884 ᠬᠥᠮᠦᠨ᠎ᠢ ᠪᠠᠷᠢᠪᠴᠢᠯᠠᠬᠤ᠎ᠶ᠋ᠢ ᠥᠯᠥ᠍ ᠵᠥᠪᠱᠢᠶᠡᠷᠡᠵᠦ᠍᠂ 4310 ᠬᠥᠮᠦᠨ᠎ᠢ ᠥᠯᠥ᠍ ᠵᠠᠭᠠᠯᠳᠤᠪᠠ᠃
ᠨᠠᠷᠢᠯᠢᠭ ᠣᠨᠣᠪᠴᠢᠲᠠᠶ᠎ᠪᠠᠷ ᠬᠢᠨᠠᠯᠲᠠ ᠲᠠᠯᠪᠢᠬᠤ ᠣᠢᠯᠠᠭᠠᠭ᠍ᠳᠠᠬᠤᠨ᠎ᠢ ᠦᠨᠡᠨᠴᠢ᠎ᠪᠠᠷ ᠰᠠᠬᠢᠵᠤ᠂ ᠬᠥᠲᠥᠯᠥᠨ ᠳᠠᠭᠠᠭᠤᠯᠬᠤ ᠦᠢᠯᠡᠳᠦᠯ᠎ᠲᠠᠢ ᠨᠡᠢᠲᠡᠯᠢᠭ ᠬᠡᠷᠡᠭ᠎ᠲᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ 2020 ᠣᠨ᠎ᠳᠤ ᠮᠠᠨ᠎ᠤ ᠣᠷᠣᠨ᠎ᠤ ᠡᠯ᠎ᠡ ᠱᠠᠲᠤᠨ᠎ᠤ ᠪᠠᠢᠴᠠᠭᠠᠬᠤ ᠪᠠᠢᠭᠤᠯᠭ᠎ᠠ ᠡᠯ᠎ᠡ ᠲᠥᠷᠥᠯ᠎ᠤᠨ ᠢᠷᠭᠡᠨ᠎ᠤ ᠬᠡᠷᠡᠭ᠎ᠤᠨ ᠬᠢᠨᠠᠯᠲᠠ ᠲᠠᠯᠪᠢᠬᠤ 8762 ᠬᠡᠷᠡᠭ᠎ᠢ ᠭᠥᠯᠢᠶᠡᠨ ᠠᠪᠴᠤ᠌ ᠱᠢᠢᠳᠪᠦᠷᠢᠯᠡᠭ᠌ᠰᠡᠨ ᠪᠥᠭᠡᠳ ᠱᠢᠭᠦᠬᠦ᠌ ᠬᠤᠷᠢᠶ᠎ᠠ᠎ᠲᠠᠢ ᠬᠠᠮᠲᠤᠷᠠᠨ ᠭᠦᠢᠴᠡᠳᠭᠡᠬᠦ᠌ ᠵᠣᠭᠤᠰ ᠮᠥᠩᠭᠦ᠌ ᠡᠳ᠋ ᠪᠣᠳᠠᠰ᠎ᠤᠨ ᠬᠠᠮᠢᠶᠠᠷᠤᠯᠲᠠ᠎ᠳᠤ ᠲᠤᠰᠭᠠᠶ ᠬᠢᠨᠠᠯᠲᠠ ᠲᠠᠯᠪᠢᠪᠠ᠃

ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠴᠢᠳᠠᠪᠬᠢ᠎ᠶ᠋ᠢ ᠲᠥᠪᠯᠡᠷᠡᠭᠦᠯᠦᠨ᠂ 《ᠵᠡᠷᠭᠡ》 ᠶ᠋ᠢᠨ ᠭᠠᠳᠠᠨᠠᠬᠢ ᠬᠦᠷᠢᠶ᠎ᠡ᠎ᠶ᠋ᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠬᠠᠢᠨ ᠰᠦᠪᠡᠭ᠌ᠴᠢᠯᠡᠪᠡ᠃ 2020 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠠᠢᠴᠠᠭᠠᠬᠤ ᠪᠠᠢᠭᠤᠯᠭ᠎ᠠ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠢ 6289 ᠬᠤᠪᠢ ᠱᠢᠢᠳᠪᠦᠷᠢᠯᠡᠪᠡ᠃ 《ᠡᠵᠡᠨ᠎ᠡ᠎ᠶ᠋ᠢᠨ ᠲᠤᠤᠷᠠᠶ᠎ᠶ᠋ᠢᠨ ᠣᠶ᠎ᠶ᠋ᠢ ᠬᠠᠮᠠᠭᠠᠯᠠᠬᠤ ᠲᠦᠷᠢᠮ》 ᠢ ᠨᠠᠢᠳᠠᠪᠤᠷᠢᠵᠢᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠪᠠᠷ ᠱᠢᠵᠢᠷ ᠠᠯᠲᠠᠨ ᠲᠤᠤᠷᠠᠶ᠎ᠶ᠋ᠢ ᠰᠠᠬᠢᠨ ᠬᠠᠮᠠᠭᠠᠯᠠᠪᠠ᠃ ᠸᠠᠩ ᠣᠪᠣᠭ᠍ᠲᠤ᠎ᠶ᠋ᠢᠨ ᠲᠤᠤᠷᠠᠶ᠎ᠶ᠋ᠢᠨ ᠣᠶ᠎ᠶ᠋ᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠤᠤᠯ ᠣᠷᠣᠨ᠎ᠳᠤ ᠭᠠᠯ ᠠᠯᠳᠠᠭ᠍ᠰᠠᠨ ᠬᠡᠷᠡᠭ᠎ᠲᠤ᠌᠂ ᠤᠨᠳᠤᠤ ᠭᠠᠵᠠᠷ᠎ᠲᠤ ᠪᠣᠳᠠ ᠮᠣᠳᠣᠨ ᠣᠶ ᠨᠥᠬᠦᠵᠦ᠍ ᠳᠠᠷᠢᠭᠤᠯᠬᠤ ᠵᠠᠷᠭᠤ᠎ᠶ᠋ᠢᠨ ᠭᠤᠶᠤᠴᠢᠯᠠᠯ ᠭᠠᠷᠭᠠᠬᠤ᠎ᠶ᠋ᠢᠨ ᠬᠠᠮᠲᠤ᠌᠂ ᠵᠠᠭᠠᠯᠳᠤᠭ᠍ᠳᠠᠭ᠍ᠴᠢ ᠪᠣᠯ ᠲᠠᠩᠰᠠᠯᠠᠵᠤ ᠺᠠᠷᠲᠯᠠᠬ᠍ᠰᠠᠨ ᠶᠠᠳᠠ᠎ᠳᠤ ᠬᠦᠴᠢᠷᠳᠡᠯᠳᠡᠢ ᠡᠷᠦᠬᠡ ᠪᠤᠯᠬᠤ᠎ᠶ᠋ᠢ ᠪᠤᠳᠤᠯᠬᠢᠯᠠᠵᠤ᠂ ᠡᠷᠡᠭᠦᠦ ᠱᠢᠢᠳᠭᠡᠯ᠎ᠢ ᠬᠤᠢᠱᠢᠯᠠᠭᠤᠯᠬᠤ ᠰᠠᠨᠠᠭᠤᠯᠭ᠎ᠠ ᠲᠤᠷᠠᠳᠪᠠ᠃
ᠨᠠᠰᠤᠨ᠎ᠳᠤ ᠦᠯᠦ᠍ ᠬᠦᠷᠦᠭ᠌ᠰᠡᠳ᠎ᠤᠨ ᠡᠷᠡᠭᠦᠯ᠎ᠢᠶᠠᠷ ᠦᠰᠦᠨ ᠪᠤᠢᠵᠢᠬᠤ᠎ᠶ᠋ᠢ ᠬᠠᠤᠯᠢ ᠶᠣᠰᠣᠭᠠᠷ ᠰᠠᠬᠢᠨ ᠬᠠᠮᠠᠭᠠᠯᠠᠪᠠ᠃ ᠪᠦᠬᠦ᠌ ᠣᠷᠣᠨ᠎ᠤ ᠡᠯ᠎ᠡ ᠱᠠᠲᠤᠨ᠎ᠤ ᠪᠠᠢᠴᠠᠭᠠᠬᠤ ᠪᠠᠢᠭᠤᠯᠭ᠎ᠠ ᠨᠠᠰᠤᠨ᠎ᠳᠤ ᠦᠯᠦ᠍ ᠬᠦᠷᠦᠭ᠌ᠰᠡᠳ᠎ᠲᠤ ᠬᠠᠯᠳᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ 1031 ᠬᠥᠮᠦᠨ᠎ᠢ ᠵᠠᠭᠠᠯᠳᠤᠪᠠ᠃ ᠠᠭᠤᠴᠢᠯᠠᠨ ᠪᠠᠭ᠍ᠳᠠᠭᠠᠬ᠍ᠰᠠᠨ ᠴᠤ᠌ ᠲᠤᠷ᠎ᠠ᠎ᠪᠠᠷ᠎ᠨᠢ ᠲᠠᠯᠪᠢᠬᠤ ᠦᠬᠡᠢ ᠪᠠᠢᠬᠤ᠎ᠶ᠋ᠢ ᠪᠠᠷᠢᠮᠲᠠᠯᠠᠵᠤ᠂ ᠨᠠᠰᠤᠨ᠎ᠳᠤ ᠦᠯᠦ᠍ ᠬᠦᠷᠦᠭ᠌ᠰᠡᠳ᠎ᠤᠨ ᠶᠠᠯ᠎ᠠ ᠬᠢᠭ᠌ᠰᠡᠨ 481 ᠬᠥᠮᠦᠨ᠎ᠢ ᠬᠠᠤᠯᠢ ᠶᠣᠰᠣᠭᠠᠷ ᠵᠠᠭᠠᠯᠳᠤᠪᠠ᠃