ᠬᠠᠤᠯᠢ ᠲᠦᠭᠡᠮᠡᠯᠵᠢᠭᠦᠯᠬᠦ᠌ ᠬᠦᠴᠦᠲᠡᠶ ᠤᠬᠠᠭᠤᠯᠭ᠎ᠠ ᠬᠠᠤᠯᠢ ᠴᠠᠭᠠᠵᠠ᠎ᠶ᠋ᠢᠨ ᠲᠤᠯᠠᠭᠠᠬᠠᠨ ᠦᠢᠯᠡᠴᠢᠯᠡᠭᠡ
2021-06-18 19:24:17
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 28 ᠎ᠤ ᠡᠳᠦᠷ ᠪᠣᠯ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》 ᠨᠡᠢᠲᠡᠯᠡᠭ᠌ᠳᠡᠭ᠌ᠰᠡᠨ ᠨᠢᠭᠡ ᠵᠢᠯ᠎ᠤᠨ ᠣᠶ ᠪᠣᠯᠤᠨ᠎ᠠ᠃ ᠲᠣᠰ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠬᠥᠬᠡᠬᠤᠲᠠ᠎ᠳᠤ 《ᠰᠠᠢᠨ ᠰᠠᠢᠬᠠᠨ ᠠᠮᠢᠳᠤᠷᠠᠯ · ᠢᠷᠭᠡᠨ᠎ᠤ ᠬᠠᠤᠯᠢ᠎ᠶ᠋ᠢᠨ ᠪᠢᠴᠢᠭ ᠬᠠᠨᠢ ᠪᠤᠯᠤᠯᠴᠠᠬᠤ》 ᠢᠷᠭᠡᠨ᠎ᠤ ᠬᠠᠤᠯᠢ᠎ᠶ᠋ᠢᠨ ᠪᠢᠴᠢᠭ᠎ᠢ ᠲᠥᠪᠯᠡᠷᠡᠭᠦᠯᠦᠨ ᠤᠬᠠᠭᠤᠯᠬᠤ ᠡᠬᠢᠯᠡᠯᠲᠡ᠎ᠶ᠋ᠢᠨ ᠶᠣᠰᠣᠯᠠᠯ᠎ᠢ ᠡᠷᠬᠢᠯᠡᠨ ᠶᠠᠪᠤᠬ᠍ᠳᠠᠭᠤᠯᠪᠠ᠃ ᠡᠭᠦᠨ᠎ᠢᠶᠠᠷ ᠠᠵᠠ ᠲᠣᠬᠢᠶᠠᠯ ᠪᠣᠯᠭᠠᠵᠤ᠂ ᠮᠠᠨ᠎ᠤ ᠣᠷᠣᠨ᠎ᠤ ᠡᠯ᠎ᠡ ᠭᠠᠵᠠᠷ᠎ᠲᠤ ᠢᠷᠭᠡᠨ᠎ᠤ ᠬᠠᠤᠯᠢ᠎ᠶ᠋ᠢᠨ ᠪᠢᠴᠢᠭ᠎ᠢ ᠤᠬᠠᠭᠤᠯᠤᠨ ᠰᠤᠷᠤᠯᠴᠠᠬᠤ ᠬᠠᠯᠠᠭᠤᠨ ᠥᠷᠨᠢᠯᠲᠡ ᠭᠠᠷᠴᠤ᠌᠂ ᠬᠥᠬᠡᠬᠤᠲᠠ᠎ᠶ᠋ᠢᠨ ᠭᠠᠵᠠᠷ ᠳᠤᠤᠷᠠᠬᠢ ᠲᠡᠮᠦᠷ ᠵᠠᠮ᠎ᠤᠨ ᠭᠠᠯᠲᠤ ᠲᠡᠷᠭᠡᠨ᠎ᠳᠤ ᠢᠷᠭᠡᠨ᠎ᠤ ᠬᠠᠤᠯᠢ᠎ᠶ᠋ᠢᠨ ᠪᠢᠴᠢᠭ᠎ᠤᠨ ᠣᠬᠤᠷ ᠸᠢᠳᠢᠣ᠋᠎ᠶ᠋ᠢ ᠨᠡᠪᠲᠡᠷᠡᠭᠦᠯᠵᠦ᠍᠂ ᠡᠳᠦᠷ ᠪᠦᠷᠢ ᠳᠤᠮᠳᠠᠴᠢ᠎ᠪᠠᠷ 20 ᠲᠦᠮᠡᠨ ᠠᠶᠠᠨᠴᠢᠳ᠎ᠢ ᠬᠠᠮᠤᠷᠪᠠ᠃


4016435_lity_1623912288215_m.jpg


ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ᠎ᠤᠨ ᠠᠵᠢᠯ ᠪᠣᠯ ᠪᠦᠬᠦ᠌ ᠠᠷᠠᠳ᠎ᠤᠨ ᠬᠡᠪ ᠴᠢᠨᠠᠷ᠎ᠢ ᠳᠡᠭᠡᠭ᠌ᠰᠢᠯᠡᠭᠦᠯᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ᠎ᠶ᠋ᠢ ᠠᠬᠢᠭᠤᠯᠬᠤ ᠨᠢᠭᠡ ᠵᠦᠢᠯ᠎ᠤᠨ ᠰᠠᠭᠤᠷᠢ ᠴᠢᠨᠠᠷᠲᠠᠶ ᠠᠵᠢᠯ ᠪᠣᠯᠤᠨ᠎ᠠ᠃ ᠣᠢᠷ᠎ᠠ᠎ᠶ᠋ᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ᠎ᠤᠨ ᠠᠵᠢᠯ᠎ᠢ ᠬᠢᠨᠠᠮᠠᠭᠠᠶ ᠰᠠᠢᠲᠤᠷ ᠠᠳᠭᠤᠵᠤ᠂ 《ᠪᠢᠴᠢᠬᠠᠨ ᠬᠠᠤᠯᠢᠴᠢ ᠢᠷᠡᠯ᠎ᠡ》᠂ ᠬᠠᠤᠯᠢᠵᠢᠯ᠎ᠤᠨ ᠤᠯᠠᠭᠠᠨᠮᠥ᠋ᠴᠢᠷ ᠵᠡᠷᠭᠡ ᠬᠠᠤᠯᠢ ᠲᠦᠭᠡᠮᠡᠯᠵᠢᠭᠦᠯᠬᠦ᠌ ᠰᠣᠶᠣᠯ᠎ᠤᠨ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ᠂ ᠬᠠᠤᠯᠢ ᠲᠦᠭᠡᠮᠡᠯᠵᠢᠭᠦᠯᠬᠦ᠌ ᠱᠢᠷᠢᠰ ᠺᠠᠷᠲ᠋ᠣᠨ ᠵᠦᠴᠦᠭᠡ 《ᠪᠢᠴᠢᠬᠠᠨ ᠬᠠᠤᠯᠢᠴᠢ ᠢᠷᠡᠯ᠎ᠡ》 ᠤᠷᠢᠳ ᠬᠤᠵᠢᠳ ᠲᠥᠪ᠎ᠤᠨ ᠤᠬᠠᠭᠤᠯᠬᠤ ᠬᠡᠯᠲᠡᠰ ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠬᠡᠯᠲᠡᠰ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ᠃

ᠬᠠᠤᠯᠢ ᠴᠠᠭᠠᠵᠠ᠎ᠶ᠋ᠢᠨ ᠦᠢᠯᠡᠴᠢᠯᠡᠭᠡ ᠪᠣᠯ ᠠᠷᠠᠳ ᠢᠷᠭᠡᠨ᠎ᠤ ᠡᠳᠦᠷ ᠲᠤᠳᠤᠮ᠎ᠤᠨ ᠠᠮᠢᠳᠤᠷᠠᠯ᠎ᠳᠠᠬᠢ ᠦᠨᠳᠦᠰᠦᠨ ᠬᠡᠷᠡᠭ᠌ᠴᠡᠭᠡ ᠱᠠᠭᠠᠷᠳᠠᠯᠭ᠎ᠠ ᠮᠥᠨ᠃ ᠣᠢᠷ᠎ᠠ᠎ᠶ᠋ᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠬᠦᠴᠦᠯᠡᠨ ᠲᠡᠭᠦᠯᠳᠡᠷᠵᠢᠭᠦᠯᠵᠦ᠍᠂ ᠮᠠᠨ᠎ᠤ ᠣᠷᠣᠨ᠎ᠤ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠠᠢᠮᠠᠭ ᠬᠤᠲᠠ᠂ ᠬᠤᠱᠢᠭᠤ ᠱᠢᠶᠠᠨ᠎ᠤ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠲᠥᠪ᠎ᠢ ᠪᠦᠷᠢᠨ ᠪᠥᠷᠬᠦᠭᠦᠯᠬᠦ᠌᠎ᠶ᠋ᠢ ᠪᠡᠶᠡᠯᠡᠭᠦᠯᠵᠦ᠍᠂ ᠰᠤᠮᠤ ᠱᠢᠶᠠᠩ ᠪᠠᠯᠭᠠᠰᠤ᠎ᠶ᠋ᠢᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠠᠵᠢᠯ᠎ᠤᠨ ᠥᠷᠲᠡᠭᠡ᠎ᠶ᠋ᠢ 1019 ᠪᠠᠢᠭᠤᠯᠪᠠ; ᠭᠠᠴᠠᠭ᠎ᠠ ᠲᠣᠰᠭᠤᠨ᠎ᠤ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠠᠵᠢᠯ᠎ᠤᠨ ᠲᠠᠰᠤᠭ᠎ᠢ 12164 ᠪᠠᠢᠭᠤᠯᠪᠠ᠃


4016438_lity_1623912317713_m.jpg


ᠮᠡᠳᠡᠭᠡ ᠵᠠᠩᠭᠢᠵᠢᠯᠲᠠ᠎ᠨᠢ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠥᠭᠡᠷᠡᠴᠢᠯᠡᠯᠲᠡ᠎ᠶ᠋ᠢ ᠠᠬᠢᠭᠤᠯᠪᠠ᠃ ᠦᠪᠡᠷᠳᠡᠭᠡᠨ ᠵᠠᠰᠠᠬᠤ ᠤᠷᠤᠨ᠎ᠤ ᠬᠠᠤᠯᠢ ᠴᠠᠭᠠᠵᠠ᠎ᠶ᠋ᠢᠨ ᠲᠢᠩᠬᠢᠮ᠎ᠨᠢ ᠦᠵᠦ᠍ ᠲᠦᠯᠦᠪᠵᠢᠬᠦᠯᠬᠡ᠎ᠶ᠋ᠢ ᠴᠢᠩᠭᠠᠳᠭᠠᠵᠤ᠂ 《〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠪᠦᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠬᠠᠤᠯᠢ ᠴᠠᠭᠠᠵᠠ᠎ᠶ᠋ᠢᠨ ᠶᠠᠮᠤᠨ᠎ᠤ ᠨᠤᠲᠠᠯᠠᠯᠲᠠ᠎ᠶ᠋ᠢ ᠤᠯᠪᠠ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠣᠶᠤᠨᠴᠢᠯᠠᠭ᠍ᠰᠠᠨ ᠨᠢᠭᠡ ᠴᠣᠭ᠍ᠴᠠᠵᠢᠭ᠍ᠰᠠᠨ ᠲᠠᠪᠴᠠᠩ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠂ ᠴᠢᠬᠤᠯᠠ ᠶᠡᠭᠡ ᠵᠠᠰᠠᠭ ᠵᠠᠬᠢᠷᠭᠠᠨ᠎ᠤ ᠱᠢᠢᠳᠪᠦᠷᠢᠲᠦ ᠪᠣᠳᠣᠯᠭ᠎ᠠ᠎ᠶ᠋ᠢ ᠪᠦᠷᠢᠳᠭᠡᠨ ᠳᠠᠩᠰᠠᠯᠠᠬᠤ᠎ᠶ᠋ᠢ ᠰᠦᠯᠵᠢᠶᠡᠨ ᠳᠡᠭᠡᠷ᠎ᠡ ᠬᠦᠢᠴᠡᠳᠭᠡᠵᠦ᠍᠂ ᠲᠦᠷᠢᠮ ᠲᠣᠭ᠍ᠲᠠᠭᠠᠯ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠮᠡᠳᠡᠭᠦᠯᠵᠦ᠍ ᠲᠠᠩᠰᠠᠯᠠᠭᠤᠯᠬᠤ᠎ᠶ᠋ᠢ ᠪᠡᠶᠡᠯᠡᠬᠦᠯᠪᠡ᠃ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠬᠡᠷᠡᠭ᠌ᠯᠡᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠬᠢᠷᠢ ᠬᠡᠮ᠎ᠤᠨ ᠱᠢᠯᠭᠠᠯᠲᠠ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠡᠳᠦᠷ ᠲᠤᠲᠤᠮ᠎ᠤᠨ ᠬᠢᠨᠠᠨ ᠱᠢᠯᠭᠠᠯᠲᠠ᠂ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠬᠢᠨᠠᠨ ᠡᠵᠡᠮᠳᠡᠬᠦ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠠᠵᠢᠯ᠎ᠢ ᠥᠷᠨᠢᠭᠦᠯᠵᠦ᠍᠂ ᠡᠳᠦᠷ ᠲᠤᠲᠤᠮ᠎ᠤᠨ ᠵᠠᠰᠠᠭ᠎ᠤᠨ ᠶᠠᠪᠤᠳᠠᠯ᠎ᠤᠨ ᠠᠵᠢᠯᠯᠠᠭᠠᠨ ᠪᠠ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢ ᠥᠨᠳᠥᠷ ᠪᠦᠲᠦᠮᠵᠢᠲᠡᠶ ᠡᠮᠬᠢ ᠵᠢᠷᠤᠮ᠎ᠲᠠᠢ ᠠᠬᠢᠭᠤᠯᠬᠤ᠎ᠶ᠋ᠢ ᠬᠦᠴᠦᠲᠡᠶ ᠪᠠᠳᠤᠯᠠᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号