ᠥᠪᠥᠷ ᠮᠣᠩᠭᠤᠯ᠎ᠤᠨ ᠪᠢᠴᠢᠬᠠᠨ ᠨᠠᠢᠵᠠ ᠨᠠᠷ ᠤᠨᠳᠤᠤ ᠶᠠᠩᠵᠦ᠎ᠪᠠᠷ 《ᠤᠳᠤᠳ》 ᠎ᠢ ᠪᠠᠭ᠍ᠠᠳᠤᠨ᠎ᠠ
2021-06-18 16:19:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 16 ᠎ᠤ ᠡᠳᠦᠷ᠎ᠤᠨ ᠦᠳᠡ᠎ᠶ᠋ᠢᠨ ᠡᠮᠦᠨ᠎ᠡ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ 《〈ᠡᠭᠦᠷᠢᠳᠡ ᠨᠠᠮ᠎ᠢᠶᠠᠨ ᠳᠠᠭᠠᠨ᠎ᠠ〉 — ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ ᠪᠤᠭᠤᠲᠤ ᠬᠤᠲᠠ᠎ᠶ᠋ᠢᠨ ᠪᠠᠶᠬᠠᠤᠪᠤᠭ᠎ᠠ ᠠᠭᠤᠷᠬᠠᠢ᠎ᠶ᠋ᠢᠨ ᠤᠷᠤᠨ᠎ᠤ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ᠎ᠶ᠋ᠢᠨ ᠦᠶᠯᠡ ᠠᠵᠢᠯᠯᠠᠭ᠎ᠠ᠎ᠶ᠋ᠢᠨ ᠦᠵᠡᠬᠦᠯᠭᠡ᠎ᠶ᠋ᠢᠨ ᠣᠷᠳᠣᠨ᠎ᠳᠤ ᠢᠷᠡᠪᠡ᠃



ᠦᠵᠡᠰᠭᠦᠯᠡᠩ᠎ᠤᠨ ᠣᠷᠳᠣᠨ᠎ᠳᠤ ᠣᠷᠣᠬᠤ᠎ᠳᠤ᠂ ᠰᠤᠷᠪᠤᠯᠵᠢᠯᠠᠭ᠍ᠴᠢ ᠪᠠᠶᠬᠠᠤᠪᠤᠭ᠎ᠠ ᠠᠭᠤᠷᠬᠠᠢ᠎ᠶ᠋ᠢᠨ ᠣᠷᠣᠨ᠎ᠤ ᠮᠣᠩᠭᠤᠯ ᠦᠨᠳᠦᠰᠦᠲᠡᠨ᠎ᠤ ᠪᠠᠭ᠎ᠠ ᠰᠤᠷᠭᠠᠭᠤᠯᠢ᠎ᠶ᠋ᠢᠨ ᠭᠤᠷᠪᠠᠳᠤᠭᠠᠷ ᠣᠨ᠎ᠠᠴᠠ ᠢᠷᠡᠭ᠌ᠰᠡᠨ 20 ᠭᠠᠷᠤᠢ ᠰᠤᠷᠤᠬ᠍ᠴᠢ᠎ᠲᠠᠢ ᠳᠠᠭᠠᠷᠠᠯᠳᠤᠪᠠ᠂ ᠲᠡᠳᠡ ᠤᠯᠠᠭᠠᠨ ᠪᠦᠴᠡ ᠵᠡᠭᠦᠵᠦ᠍᠂ ᠨᠢᠯᠬ᠎ᠠ ᠪᠠᠯᠴᠢᠷ ᠴᠢᠷᠠᠢ᠎ᠳᠤᠨᠢ ᠬᠦᠰᠡᠯ ᠡᠷᠡᠮᠡᠯᠵᠡᠯ ᠳᠦᠭᠦᠷᠡᠩ ᠪᠠᠢᠯ᠎ᠠ᠃ ᠪᠢᠴᠢᠬᠠᠨ ᠨᠠᠢᠵᠢ ᠢᠦᠶ ᠽᠢ ᠯᠢᠩ ᠰᠤᠷᠪᠤᠯᠵᠢᠯᠠᠭ᠍ᠴᠢ᠎ᠳᠤ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ᠎ᠶ᠋ᠢᠨ ᠪᠠᠭᠠᠲᠤᠷᠯᠢᠭ ᠦᠶᠯᠡ ᠠᠵᠢᠯᠯᠠᠭ᠎ᠠ᠎ᠶ᠋ᠢ ᠶᠠᠷᠢᠵᠤ᠂ ᠰᠤᠷᠪᠤᠯᠵᠢᠯᠠᠭ᠍ᠴᠢ᠎ᠶ᠋ᠢ ᠤᠷᠢᠵᠤ ᠲᠡᠳᠡᠨ᠎ᠤ 《ᠣᠲᠣᠳ᠎ᠢ ᠪᠠᠭ᠍ᠠᠳᠤᠬᠤ》 ᠡᠩᠨᠡᠭᠡ᠎ᠳᠤ ᠣᠷᠣᠯᠴᠠᠭᠤᠯᠵᠠᠶ᠃ ᠲᠢᠩᠬᠢᠮ᠎ᠤᠨ ᠭᠦᠳᠦᠭᠦᠷ ᠰᠡᠢᠯᠦᠮᠡᠯ᠎ᠤᠨ ᠳᠣᠣᠷᠠᠬᠢ ᠯᠥᠩ ᠮᠧᠶ ᠢᠦᠶ ᠷᠥᠩ᠎ᠤᠨ ᠦᠢᠯᠡ ᠠᠵᠢᠯᠯᠠᠭ᠎ᠠ᠎ᠶ᠋ᠢᠨ ᠬᠢᠴᠢᠶᠡᠯ᠎ᠤᠨ ᠲᠠᠩᠬᠢᠮ᠎ᠳᠤ᠂ ᠲᠤᠬᠠᠶ᠎ᠶ᠋ᠢᠨ ᠲᠠᠯᠠᠪᠠᠶ᠎ᠳᠤ ᠬᠦᠷᠴᠦ᠍ ᠢᠷᠡᠭ᠌ᠰᠡᠨ ᠯᠥᠩ ᠮᠧᠶ ᠢᠦᠶ ᠷᠥᠩ ᠡᠭᠡᠴᠢ ᠥᠬᠢᠨ ᠳᠡᠭᠦᠦ ᠬᠤᠶᠠᠷ᠎ᠢ ᠦᠵᠡᠭᠡᠳ᠂ ᠣᠯᠠᠨ᠎ᠢᠶᠠᠷ᠎ᠢᠶᠠᠨ ᠮᠠᠰᠢ ᠳᠣᠭ᠍ᠳᠣᠯᠵᠤ᠂ ᠰᠡᠬᠦᠳᠡᠷ ᠲᠠᠲᠠᠭᠤᠯᠤᠨ ᠳᠤᠷᠠᠰᠭᠠᠯ ᠦᠯᠡᠳᠡᠭᠡᠪᠡ᠃


IMG_5983(20210618-160101).JPG

IMG_5982.JPG


10 ᠴᠠᠭ᠎ᠤᠨ ᠦᠶ᠎ᠡ᠎ᠪᠠᠷ᠂ ᠯᠦᠩ ᠮᠧᠶ᠂ ᠢᠦᠶ ᠷᠦᠩ ᠠᠵᠢᠯᠳᠠᠨ᠎ᠢᠶᠠᠷ ᠲᠦᠱᠢᠬᠦᠯᠦᠨ ᠶᠠᠷᠢᠶᠠᠨ᠎ᠤ ᠲᠠᠪᠴᠠᠩ᠎ᠳᠤ ᠭᠠᠷᠴᠤ᠌᠂ ᠪᠢᠴᠢᠬᠠᠨ ᠰᠤᠷᠤᠭ᠍ᠴᠢᠳ᠎ᠲᠠᠢ ᠨᠢᠭᠡ ᠤᠳᠠᠭᠠᠨ᠎ᠤ ᠣᠨᠴᠠᠭᠠᠶ ᠭᠤᠤᠯ ᠰᠡᠳᠦᠪᠲᠦ ᠠᠩᠭᠢ᠎ᠶ᠋ᠢᠨ ᠬᠤᠷᠠᠯ ᠬᠢᠪᠠ᠃ 《ᠨᠥᠬᠦᠳ ᠮᠢᠨᠢ ᠰᠠᠢᠨ ᠪᠠᠢᠨ᠎ᠠ ᠤᠤ᠂ ᠪᠢ ᠯᠦᠩ ᠮᠧᠢ ᠪᠠᠢᠨ᠎ᠠ!》 《ᠪᠢ ᠢᠦᠶ ᠷᠦᠩ ᠪᠠᠢᠨ᠎ᠠ!》 ᠭᠡᠵᠤ ᠦᠪᠡᠷ᠎ᠢ᠎ᠪᠠᠨ ᠲᠠᠨᠢᠯᠴᠠᠭᠤᠯᠤᠬ᠍ᠰᠡᠨ᠎ᠳᠤ᠂ ᠲᠠᠢᠰᠠᠨ ᠳᠣᠣᠷ᠎ᠠ ᠠᠯᠠᠭ᠎ᠠ ᠲᠠᠱᠢᠯᠳᠠ᠎ᠶ᠋ᠢᠨ ᠲᠠᠭᠤᠨ ᠤᠳᠠᠲᠠᠯ᠎ᠠ ᠴᠤᠤᠷᠢᠶᠠᠲᠤᠯ᠎ᠠ᠃ ᠯᠥᠩ ᠮᠧᠶ᠂ ᠢᠦᠶ ᠷᠦᠩ ᠰᠤᠷᠤᠬ᠍ᠴᠢᠳ᠎ᠲᠤ 57 ᠵᠢᠯ᠎ᠤᠨ ᠡᠮᠦᠨᠡᠬᠢ ᠮᠠᠷᠲᠠᠭ᠍ᠳᠠᠰᠢ ᠦᠭᠡᠢ ᠶᠠᠪᠤᠳᠠᠯ᠎ᠤᠳ᠎ᠢ ᠶᠠᠷᠢᠵᠤ ᠥᠭ᠌ᠪᠡ᠂ ᠲᠡᠳᠡ ᠬᠡᠦᠬᠡᠳ᠎ᠤᠳ᠎ᠲᠤ᠌᠂ ᠣᠳᠣ᠎ᠶ᠋ᠢᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ᠎ᠪᠠᠷ ᠢᠷᠡᠭ᠌ᠰᠡᠨ ᠶᠤᠮ᠂ ᠰᠠᠢᠲᠤᠷ ᠨᠠᠨᠳᠢᠩᠨᠠᠵᠤ᠂ ᠴᠢᠷᠮᠠᠢᠨ ᠰᠤᠷᠤᠯᠴᠠᠵᠤ᠂ ᠢᠷᠡᠭᠡᠳᠦᠢ᠎ᠳᠤ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦᠭᠡᠷᠡᠢ ᠭᠡᠵᠦ᠍ ᠵᠠᠬᠢᠪᠠ᠃


 

ᠭᠤᠤᠯ ᠰᠡᠳᠦᠪᠲᠦ ᠠᠩᠭᠢ᠎ᠶ᠋ᠢᠨ ᠬᠤᠷᠠᠯ᠎ᠤᠨ ᠳᠠᠷᠠᠭ᠎ᠠ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠪᠤᠭᠤᠲᠤ᠎ᠶ᠋ᠢᠨ ᠡᠳᠦᠷ᠎ᠤᠨ ᠰᠣᠨᠢᠨ᠎ᠤ ᠬᠤᠷᠢᠶ᠎ᠠ᠂ ᠪᠠᠶᠬᠠᠤᠪᠤᠭ᠎ᠠ ᠠᠭᠤᠷᠬᠠᠶ᠎ᠶ᠋ᠢᠨ ᠣᠷᠣᠨ᠎ᠤ ᠬᠠᠮ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭ᠍ᠴᠢ ᠪᠣᠯᠤᠨ ᠪᠢᠴᠢᠬᠠᠨ ᠨᠡᠪᠲᠡᠷᠡᠭᠦᠯᠦᠭ᠌ᠴᠢ ᠪᠠᠭᠠᠲᠤᠷ ᠡᠭᠡᠴᠢ ᠥᠬᠢᠨ ᠳᠡᠭᠦᠦ᠎ᠲᠠᠢ ᠨᠢᠭᠤᠷᠳᠠᠨ ᠶᠠᠷᠢᠯᠴᠠᠪᠠ᠃ 《ᠪᠢ ᠡᠭᠡᠴᠢ᠎ᠲᠠᠢ᠎ᠪᠠᠨ ᠬᠠᠮᠲᠤ ᠨᠡᠢᠲᠡ᠎ᠶ᠋ᠢᠨ ᠲᠥᠯᠥᠭᠡ ᠦᠴᠦᠭᠡᠨ ᠳᠡᠳᠦᠢ ᠯᠡ ᠠᠵᠢᠯ ᠬᠢᠵᠠᠢ᠂ ᠭᠡᠳᠡᠯ᠎ᠠ ᠨᠠᠮ ᠪᠠ ᠤᠯᠤᠰ᠎ᠠᠴᠠ ᠪᠢᠳᠡᠨ᠎ᠳᠤ ᠡᠷᠬᠢᠮ ᠳᠡᠭᠡᠳᠦ ᠢᠷᠠᠭᠤ ᠠᠯᠳᠠᠷ ᠣᠯᠭᠤᠭ᠍ᠰᠠᠨ ᠶᠤᠮ᠃ ᠤᠳᠤ ᠬᠡᠳᠦ᠋ᠢᠪᠡᠷ ᠨᠢᠭᠡᠨᠲᠡ ᠠᠵᠢᠯ᠎ᠠᠴᠠ᠎ᠪᠠᠨ ᠠᠮᠠᠷᠠᠭ᠍ᠰᠠᠨ ᠪᠣᠯᠪᠠᠴᠤ᠌᠂ ᠪᠢᠳᠡ ᠡᠢᠮᠦᠷᠬᠦᠦ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠦᠶ᠎ᠡ ᠦᠶ᠎ᠡ᠎ᠶ᠋ᠢᠨ ᠬᠡᠦᠬᠡᠳ᠎ᠤᠳ᠎ᠢ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ ᠨᠠᠮ᠎ᠤᠨ ᠳᠠᠭᠠᠭᠤᠯᠭ᠎ᠠ ᠳᠣᠣᠷ᠎ᠠ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠶ᠋ᠢ ᠤᠷᠢᠶᠠᠯᠠᠨ ᠳᠠᠭᠠᠭᠤᠯᠬᠤ ᠬᠠᠷᠢᠭᠤᠴᠠᠯᠭ᠎ᠠ᠎ᠲᠠᠢ ᠶᠤᠮ》 ᠭᠡᠵᠦ᠍ ᠢᠦᠢ ᠷᠦᠩ ᠰᠡᠳᠭᠢᠯ ᠬᠥᠳᠡᠯᠦᠨ ᠬᠡᠯᠡᠵᠦ᠍ ᠪᠠᠢᠯ᠎ᠠ᠃


IMG_5984(20210618-160109).JPG


《ᠨᠢᠭᠡᠳᠦᠭᠡᠷ ᠣᠨ᠎ᠳᠤ ᠪᠠᠢᠬᠤ᠎ᠳᠠᠭᠠᠨ᠂ ᠡᠵᠢ ᠨᠠᠳᠠ᠎ᠳᠤ ᠯᠦᠩ ᠮᠧᠢ ᠢᠦᠢ ᠷᠦᠩ ᠡᠮᠡᠭᠡ᠎ᠶ᠋ᠢᠨ ᠦᠯᠢᠭᠡᠷ᠎ᠢ ᠶᠠᠷᠢᠵᠤ ᠥᠭ᠌ᠴᠡᠢ᠂ ᠯᠦᠩ ᠮᠧᠢ ᠡᠮᠡᠭᠡ ᠬᠤᠨᠢᠨ ᠰᠦᠷᠦᠭ᠎ᠢ ᠠᠪᠤᠷᠠᠬᠤ᠎ᠳᠠᠭᠠᠨ 11 ᠨᠠᠰᠤᠲᠠᠢ᠂ ᠢᠦᠢ ᠷᠦᠩ ᠡᠮᠡᠭᠡ ᠰᠠᠶᠢ 9 ᠨᠠᠰᠤᠲᠠᠢ ᠪᠠᠢᠪᠠ᠂ ᠲᠡᠳᠡᠨ᠎ᠤ ᠡᠷᠡᠯᠬᠡᠭ ᠪᠠᠭᠠᠲᠤᠷᠯᠢᠭ ᠲᠡᠮᠡᠴᠡᠯ᠎ᠤᠨ ᠵᠣᠷᠢᠭ ᠰᠠᠨᠠᠭ᠎ᠠ᠎ᠨᠢ ᠰᠤᠷᠤᠯᠴᠠᠭᠤᠱᠢᠲᠠᠢ ᠶᠤᠮ᠃ ᠡᠭᠦᠨ᠎ᠠᠴᠠ ᠰᠡᠭᠦᠯᠡᠷ᠂ ᠪᠢ ᠰᠠᠢᠨ ᠰᠤᠷᠤᠯᠴᠠᠵᠤ᠂ ᠲᠡᠳᠡᠨ ᠱᠢᠭ ᠤᠯᠤᠰ᠎ᠲᠠᠭᠠᠨ ᠬᠡᠷᠡᠭ᠌ᠴᠡᠭᠡ᠎ᠲᠠᠢ ᠬᠥᠮᠦᠨ ᠪᠣᠯᠬᠤ᠎ᠪᠠᠷ ᠴᠢᠷᠮᠠᠢᠨ᠎ᠠ!》 ᠭᠡᠵᠦ᠍ 10 ᠨᠠᠰᠤᠲᠠᠢ ᠦ᠋ ᠮᠢᠩ ᠺᠦᠨ ᠬᠡᠯᠡᠪᠡ᠃ ᠦᠵᠡᠰᠭᠦᠯᠡᠩ᠎ᠤᠨ ᠣᠷᠳᠣᠨ᠎ᠤ ᠶᠡᠭᠡ ᠲᠢᠩᠬᠢᠮ᠎ᠳᠤ᠂ ᠪᠤᠭᠤᠲᠤ᠎ᠶ᠋ᠢᠨ ᠪᠤᠯᠤᠳ ᠲᠡᠮᠦᠷ᠎ᠤᠨ ᠺᠣᠮᠫᠠᠨᠢ᠎ᠶ᠋ᠢᠨ ᠪᠠᠶᠬᠠᠤᠪᠤᠭ᠎ᠠ᠎ᠶ᠋ᠢᠨ ᠲᠡᠮᠦᠷ᠎ᠤᠨ ᠬᠦᠳᠡᠷ᠎ᠢ ᠱᠢᠯᠭᠠᠨ ᠪᠠᠢᠴᠠᠭᠠᠬᠤ ᠬᠥᠮᠥᠷᠭᠡᠯᠡᠨ ᠬᠠᠳᠠᠭᠠᠯᠠᠬᠤ ᠠᠵᠢᠯ᠎ᠤᠨ ᠬᠡᠯᠲᠡᠰ᠎ᠤᠨ ᠨᠠᠮ᠎ᠤᠨ ᠡᠭᠦᠷ ᠶᠠᠭ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠍ ᠪᠠᠢᠯ᠎ᠠ᠃ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ᠎ᠶ᠋ᠢᠨ ᠦᠯᠢᠭᠡᠷ ᠬᠡᠳᠦᠨ ᠦᠶ᠎ᠡ᠎ᠶ᠋ᠢᠨ ᠬᠥᠮᠦᠰ᠎ᠢ ᠨᠥᠯᠥᠭᠡᠯᠡᠪᠡ᠂ ᠲᠡᠳᠡᠨ᠎ᠤ ᠦᠢᠯᠡ ᠠᠵᠢᠯᠯᠠᠭ᠎ᠠ᠎ᠶ᠋ᠢ ᠪᠢᠳᠠ ᠦᠰᠦᠨ ᠪᠤᠢᠵᠢᠯᠳᠠ᠎ᠶ᠋ᠢᠨ ᠶᠠᠪᠤᠴᠠ᠎ᠳᠠᠭᠠᠨ ᠰᠤᠷᠤᠯᠴᠨᠨ ᠰᠤᠨᠤᠰᠤᠬ᠍ᠰᠠᠭᠠᠷ ᠢᠷᠡᠪᠡ᠂ ᠥᠨᠥᠳᠦᠷ ᠪᠠᠭᠠᠲᠤᠷ᠎ᠲᠠᠢ ᠨᠢᠭᠤᠷᠳᠠᠨ ᠠᠭᠤᠯᠵᠠᠬ᠍ᠰᠠᠨ᠎ᠨᠢ ᠦᠨᠡᠬᠡᠷ ᠠᠵᠠ ᠵᠠᠪᠱᠢᠶᠠᠨ᠎ᠲᠠᠢ ᠶᠠᠪᠤᠳᠠᠯ ᠮᠦᠨ!》 ᠭᠡᠵᠦ᠍ ᠨᠠᠮ᠎ᠤᠨ ᠡᠭᠦᠷ᠎ᠤᠨ ᠱᠦᠵᠢ ᠶᠠᠩ ᡁᠢ ᠭᠤᠸᠠᠩ ᠪᠠᠶᠠᠷᠯᠠᠨ ᠶᠠᠷᠢᠨ᠎ᠠ᠃


IMG_5985(20210618-160133).JPG


《ᠪᠢᠴᠢᠬᠠᠨ ᠡᠭᠡᠴᠢ ᠥᠬᠢᠨ ᠳᠡᠭᠦᠦ᠎ᠶ᠋ᠢᠨ ᠬᠡᠷᠡᠭ᠌ᠯᠡᠵᠦ᠍ ᠥᠩᠭᠡᠷᠡᠭ᠌ᠰᠡᠨ ᠱᠢᠯᠪᠢ᠂ ᠡᠮᠦᠰᠴᠦ᠍ ᠥᠩᠭᠡᠷᠡᠭ᠌ᠰᠡᠨ ᠴᠠᠭᠠᠨ ᠢᠰᠡᠭᠡᠶ ᠣᠢᠮᠣᠰᠤ᠎ᠶ᠋ᠢ ᠦᠵᠡᠵᠦ᠍᠂ ᠪᠢᠴᠢᠬᠠᠨ ᠡᠭᠡᠴᠢ ᠳᠡᠭᠦᠦ᠎ᠶ᠋ᠢᠨ ᠬᠤᠨᠢᠨ ᠰᠦᠷᠦᠭ᠎ᠢᠶᠠᠨ ᠬᠠᠮᠠᠭᠠᠯᠠᠭ᠍ᠰᠠᠨ ᠥᠯᠢᠭᠡᠷ᠎ᠢ ᠰᠣᠨᠣᠰᠤᠯ᠎ᠠ᠂ ᠬᠡᠷᠪᠡ ᠠᠵᠠ᠎ᠲᠠᠢ ᠪᠣᠯ ᠯᠥᠩ ᠮᠧᠶ ᠪᠣᠯᠤᠨ ᠢᠦᠶ ᠷᠦᠩ᠎ᠲᠠᠢ ᠠᠭᠤᠯᠵᠠᠵᠤ᠂ ᠰᠡᠳᠭᠢᠯ ᠳᠣᠲᠣᠷᠠᠬᠢ ᠪᠠᠭᠠᠲᠤᠷ᠎ᠲᠠᠢ ᠠᠭᠤᠯᠵᠠᠨ ᠶᠠᠷᠢᠯᠴᠠᠵᠦ᠍᠂ ᠪᠢᠴᠢᠬᠠᠨ ᠡᠭᠡᠴᠢ ᠳᠡᠭᠦᠦ᠎ᠶ᠋ᠢᠨ ᠤᠬ ᠰᠠᠨᠠᠭ᠎ᠠ᠎ᠪᠠᠨ ᠦᠯᠦ᠍ ᠮᠠᠷᠳᠠᠨ ᠥᠨᠥᠳᠦᠷ᠎ᠲᠤ ᠬᠦᠷᠦᠭ᠌ᠰᠡᠨ ᠶᠠᠪᠤᠳᠠᠯ᠎ᠢ ᠵᠤᠭᠤᠭ᠍ᠳᠠᠨ᠎ᠠ ᠁》 ᠭᠡᠵᠦ᠍ ᠲᠠᠯ᠎ᠠ ᠨᠤᠲᠤᠭ᠎ᠤᠨ ᠪᠢᠴᠢᠬᠠᠨ ᠡᠭᠡᠴᠢ ᠥᠬᠢᠨ ᠳᠡᠭᠦᠦ᠎ᠶ᠋ᠢᠨ ᠦᠶᠯᠡ ᠠᠵᠢᠯᠯᠠᠭ᠎ᠠ᠎ᠶ᠋ᠢᠨ ᠦᠵᠡᠰᠭᠦᠯᠡᠩ᠎ᠤᠨ ᠣᠷᠳᠣᠨ᠎ᠤ ᠬᠠᠷᠢᠭᠤᠴᠠᠯᠭᠠᠲᠠᠨ ᠶᠠᠩ ᠱᠢᠶᠤᠤ ᠱᠢᠶᠠ ᠲᠠᠨᠢᠯᠴᠠᠭᠤᠯᠬᠤ᠎ᠳᠠᠭᠠᠨ᠂ ᠠᠳᠡᠬᠢ᠎ᠨᠢ ᠨᠢᠭᠡᠨᠲᠡ ᠪᠠᠶᠬᠠᠤᠪᠤᠭ᠎ᠠ ᠠᠭᠤᠷᠬᠠᠶ᠎ᠶ᠋ᠢᠨ ᠣᠷᠣᠨ᠎ᠤ 《ᠰᠦᠯᠵᠢᠶᠡᠨ᠎ᠤ ᠨᠡᠷᠡᠳᠦ ᠬᠦᠮᠦᠰ᠎ᠤᠨ ᠪᠦᠷᠢᠳᠭᠡᠬᠦᠯᠬᠦ᠌ ᠭᠠᠵᠠᠷ》 ᠪᠣᠯᠵᠣ᠂ ᠡᠳᠦᠷ ᠪᠦᠷᠢ ᠪᠥᠬᠦ᠌ ᠤᠯᠤᠰ᠎ᠤᠨ ᠡᠯ᠎ᠡ ᠭᠠᠵᠠᠷ᠎ᠠᠴᠠ ᠢᠷᠡᠭ᠌ᠰᠡᠨ ᠵᠢᠭᠤᠯᠴᠢᠯᠠᠬ᠍ᠰᠡᠳ ᠢᠷᠡᠵᠦ᠍ ᠲᠣᠭᠤᠷᠢᠨ ᠦᠵᠡᠵᠦ᠍ ᠪᠠᠢᠨ᠎ᠠ ᠭᠡᠵᠡᠶ᠃

 

ᠰᠤᠷᠪᠤᠯᠵᠢᠯᠠᠭ᠍ᠴᠢ᠄ ᠯᠢᠦᠶ ᠱᠢᠤᠸᠠᠢ ᠱᠢᠶᠠᠨ ᠵᠣᠣ ᠸᠤᠨ ᠼᠦᠢ ᠱᠢᠤᠸᠠᠢ ᠯᠠᠶ ᠶᠢᠦ ᠺᠦᠨ ᠮᠡᠷᠭᠡᠨᠪᠢᠯᠢᠭ

ᠪᠤᠭᠤᠲᠤ᠎ᠶ᠋ᠢᠨ ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ᠄ ᠵᠠᠩ ᠬᠠᠢ ᠹᠠᠩ ᠭᠦᠸᠧ ᠶᠠᠨ

ᠪᠠᠶᠬᠠᠤᠪᠤᠭ᠎ᠠ ᠠᠭᠤᠷᠬᠠᠢ᠎ᠶ᠋ᠢᠨ ᠲᠣᠭᠤᠷᠢᠭ᠎ᠤᠨ ᠬᠠᠮ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭ᠍ᠴᠢ᠄ ᠶᠠᠩ ᠱᠢᠤ ᠴᠢᠨ ᠳ᠋ᠤᠸᠠᠨ ᠺᠧ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号