ᠤᠯᠠᠭᠠᠨᠬᠠᠳᠠ ᠬᠡᠵᠤ ᠶᠠᠮᠠᠷᠬᠠᠨ ᠭᠠᠵᠠᠷ ᠪᠢᠯᠡ?
2021-06-18 15:11:24
ᠵᠣᠬᠢᠶᠠᠭ᠍ᠴᠢ᠄
ᠸᠧᠢ ᠨᠠ ᠯᠢᠶᠠᠩ ᠯᠢᠶᠠᠩ ᠶᠤᠸᠠᠨ ᠪᠤᠤ ᠨᠢᠶᠠᠨ ᠳ᠋ᠧᠩ ᠢᠤᠢ ᠱᠢᠶᠠ ᠬᠦᠪᠴᠢᠨ ᠬᠤᠢᠳᠦᠠᠤᠯᠤᠰ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠤᠯᠠᠪᠤᠷ ᠥᠩᠭᠡ᠎ᠶ᠋ᠢᠨ ᠠᠭᠤᠯᠠ ᠨᠢᠷᠤᠭᠤᠳ᠎ᠨᠢ ᠤᠯᠠᠭᠠᠨᠬᠠᠳᠠ ᠤᠤ?

ᠦᠵᠡᠰᠭᠦᠯᠡᠩᠲᠦ ᠰᠠᠢᠬᠠᠨ ᠲᠠᠯ᠎ᠠ ᠨᠤᠲᠤᠭ᠎ᠨᠢ ᠤᠯᠠᠭᠠᠨᠬᠠᠳᠠ ᠦᠦ?

ᠢᠭ᠍ᠴᠤ ᠰᠠᠬᠤᠯᠢᠭ ᠣᠢ ᠱᠢᠭᠤᠶ᠎ᠨᠢ ᠤᠯᠠᠭᠠᠨᠬᠠᠳᠠ ᠦᠦ?

ᠬᠦᠭ᠌ᠵᠢᠶᠡᠨ ᠨᠠᠷᠬᠢᠶᠠᠨᠳᠦ ᠬᠤᠲᠠ ᠪᠠᠯᠭᠠᠰᠦ᠎ᠨᠢ ᠤᠯᠠᠭᠠᠨᠬᠠᠳᠠ ᠦᠦ?

ᠤᠯᠠᠭᠠᠨᠬᠠᠳᠠ ᠬᠡᠵᠤ ᠴᠤᠬᠤᠮ ᠶᠠᠮᠠᠷᠬᠠᠨ ᠭᠠᠵᠠᠷ ᠪᠢᠯᠡ?

《ᠡᠭᠦᠷᠢᠳᠡ ᠨᠠᠮ᠎ᠢᠶᠠᠨ ᠳᠠᠭᠠᠶ᠎ᠠ — ᠡᠭᠦᠯᠡᠨ ᠬᠦᠯᠦᠭ • ᠵᠠᠭᠤᠨ ᠰᠤᠷᠪᠤᠯᠵᠢᠯᠠᠭ᠍ᠴᠢ ᠲᠦᠮᠡᠨ ᠭᠠᠵᠠᠷ᠎ᠤᠨ ᠠᠶᠠᠯᠠᠯ 》 ᠲᠣᠮᠣ ᠬᠡᠯᠪᠡᠷᠢ᠎ᠶ᠋ᠢᠨ ᠲᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ᠎ᠤᠨ᠎ᠬᠢᠨ ᠤᠯᠠᠭᠠᠨᠬᠠᠳᠠ ᠬᠤᠲᠠ᠎ᠳᠤ ᠬᠦᠷᠴᠦ᠍᠂ ᠤᠯᠠᠭᠠᠨᠬᠠᠳᠠ ᠬᠡᠵᠤ ᠶᠠᠮᠠᠷᠬᠠᠨ ᠭᠠᠵᠠᠷ ᠪᠤᠯᠬᠤ᠎ᠶ᠋ᠢ ᠲᠠ ᠨᠠᠷ᠎ᠲᠤ ᠤᠢ᠍ᠢᠯᠠᠭᠠᠭᠤᠯᠤᠶ᠎ᠠ!

ᠲᠡᠷᠡ ᠪᠤᠯ ᠤᠯᠠᠭᠠᠨ ᠦᠩᠭᠡ᠎ᠲᠠᠢ

 

IMG_5972(20210618-150156).JPG

 

ᠶᠠᠫᠣᠨ᠎ᠢ ᠡᠰᠡᠷᠭᠦᠴᠡᠬᠦ᠌ ᠲᠠᠢᠨ᠎ᠤ ᠦᠶ᠎ᠡ᠎ᠳᠤ ᠠᠭᠤᠤ ᠶᠡᠭᠡ ᠠᠷᠠᠳ᠎ᠤᠨ ᠬᠥᠭ᠌ᠵᠢᠮ᠎ᠤᠨ ᠵᠣᠬᠢᠶᠠᠯᠴᠢ ᠨᠢᠶᠧ ᠡᠯ ᠤᠯᠠᠭᠠᠨᠬᠠᠳᠠ ᠬᠤᠳᠠ᠎ᠶ᠋ᠢᠨ ᠰᠧ ᠵᠢᠶᠠ ᠽᠢ ᠪᠠᠯᠭᠠᠰᠤᠨ᠎ᠳᠤ ᠬᠦᠷᠴᠦ᠍ ᠡᠮᠦᠨ᠎ᠡ ᠹᠷᠣᠨᠲ᠎ᠤᠨ ᠲᠣᠬᠤᠨᠢᠭᠤᠯᠭ᠎ᠠ᠎ᠳᠤ ᠣᠷᠣᠯᠴᠠᠬᠤ᠎ᠳᠠᠭᠠᠨ ᠤᠯᠤᠰ᠎ᠤᠨ ᠳᠠᠭᠤᠤ 《ᠵᠢᠷᠤᠮ᠎ᠤᠨ ᠴᠡᠷᠢᠭ᠎ᠤᠨ ᠤᠷᠤᠭ᠍ᠰᠢᠯᠠᠯᠲᠠ᠎ᠶ᠋ᠢᠨ ᠳᠠᠭᠤᠤ》 ᠎ᠶ᠋ᠢ ᠵᠣᠬᠢᠶᠠᠨ ᠪᠦᠲᠦᠭᠡᠬᠦ᠌ ᠤᠩᠭᠤᠳ᠎ᠨᠢ ᠪᠠᠭᠤᠪᠠ᠃

 

IMG_5973(20210618-150201).JPG

 

ᠴᠢᠯᠥᠭᠡᠯᠡᠬᠦ᠌ ᠳᠠᠢᠨ᠎ᠤ ᠦᠶ᠎ᠡ᠎ᠳᠠᠬᠢ 《ᠿᠧᠾᠧ᠎ᠶ᠋ᠢᠨ ᠬᠤᠢᠲᠤ ᠬᠡᠰᠡᠭ᠎ᠤᠨ ᠪᠠᠭ᠎ᠠ ᠶᠠᠨ ᠠᠨ》 ᠯᠢᠨᠰᠢ ᠱᠢᠶᠠᠨ ᠪᠣᠯ ᠾᠧᠪᠧᠢ ᠿᠧᠾᠧ ᠯᠢᠶᠣᠤᠨᠢᠩ᠎ᠤᠨ ᠰᠠᠭᠤᠷᠢᠨ ᠭᠠᠵᠠᠷ ᠪᠠ ᠪᠠᠢᠯᠳᠤᠬᠤ ᠪᠤᠳᠤᠯᠭ᠎ᠠ᠎ᠶ᠋ᠢᠨ ᠵᠢᠯᠣᠭᠤᠳᠭᠤ ᠲᠥᠪ ᠪᠠᠢᠵᠤ ᠾᠧᠪᠧᠢ ᠴᠠᠬᠠᠷ ᠿᠧᠾᠧ ᠯᠢᠶᠣᠤᠨᠢᠩ᠎ᠤᠨ ᠠᠩᠬᠠᠳᠤᠭᠠᠷ ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠬᠤᠷᠠᠯᠳᠤᠭᠤᠯᠤᠬ᠍ᠰᠠᠨ ᠭᠠᠵᠠᠷ ᠪᠣᠯᠤᠨ᠎ᠠ᠂  ᠤᠯᠠᠭᠠᠨ ᠦᠩᠭᠡ᠎ᠨᠢ ᠨᠢᠭᠡᠨᠲᠡ ᠤᠯᠠᠭᠠᠨᠬᠠᠳᠠ᠎ᠶ᠋ᠢᠨ ᠡᠬᠡ ᠭᠠᠵᠠᠷ᠎ᠤᠨ 《ᠪᠡᠶ᠎ᠠ ᠴᠤᠬ᠍ᠴᠠᠰ》 ᠎ᠲᠤ ᠬᠦᠨ ᠨᠡᠪᠴᠢᠵᠦ᠍᠂ ᠲᠡᠭᠦᠨ᠎ᠤ ᠴᠢᠰᠤᠨ ᠰᠤᠳᠠᠯ᠎ᠳᠤ ᠱᠢᠩᠭᠡᠭ᠌ᠰᠡᠨ ᠤᠳᠤᠮᠯᠠᠯ᠎ᠤᠨ ᠭᠧᠨ ᠪᠤᠯᠪᠡ᠃

ᠲᠡᠷᠡ ᠪᠤᠯ ᠨᠤᠭᠤᠭᠠᠨ ᠦᠩᠭᠡ᠎ᠲᠠᠢ


IMG_5974(20210618-150208).JPG


ᠬᠠᠷᠠᠴᠢᠨ ᠬᠤᠱᠢᠭᠤᠨ᠎ᠤ ᠠᠵᠢᠯᠴᠢ ᠬᠥᠳᠡᠯᠮᠦᠷᠢᠴᠢ ᠠᠷᠠᠳ ᠲᠦᠮᠡᠨ ᠨᠠᠮ᠎ᠤᠨ ᠲᠤᠶᠠᠭᠠᠯᠠᠯ ᠲᠤᠤᠷ᠎ᠠ ᠬᠡᠳᠦᠨ ᠠᠷᠪᠠᠨ ᠵᠢᠯ᠎ᠤᠨ ᠱᠢᠷᠭᠠᠭᠤ ᠬᠠᠲᠠᠭᠤᠵᠢᠯᠲᠠᠶ ᠲᠡᠮᠡᠴᠡᠯ᠎ᠢᠶᠠᠷ ᠳᠡᠮᠵᠢᠨ ᠡᠮᠡᠭᠡᠯ ᠠᠭᠤᠯᠠ ᠣᠶ ᠱᠢᠭᠤᠶ᠎ᠶ᠋ᠢᠨ ᠲᠠᠯᠠᠪᠠᠶ᠎ᠳᠤ ᠭᠤᠢᠳᠠ ᠰᠠᠢᠬᠠᠨ ᠨᠣᠮᠢᠨ ᠨᠣᠭᠤᠭᠠᠨ ᠬᠠᠭᠤᠳᠠᠰᠤ᠎ᠶ᠋ᠢ ᠪᠢᠴᠢᠭ᠌ᠯᠡᠵᠦ᠍ ᠤᠮᠠᠷᠠᠲᠤ ᠬᠢᠯᠢ᠎ᠶ᠋ᠢᠨ 《ᠨᠣᠮᠢᠨ ᠨᠣᠭᠤᠭᠠᠨ ᠣᠷᠳᠣ ᠴᠠᠭᠠᠨ ᠬᠡᠷᠡᠮ》 ᠎ᠢ ᠴᠣᠭ᠍ᠴᠠᠯᠠᠪᠠ᠃


IMG_5975(20210618-150211).JPG


ᠬᠦᠩᠭᠡᠷ᠎ᠤᠨ ᠲᠠᠯ᠎ᠠ ᠨᠤᠲᠤᠭ᠂ ᠲᠠᠯᠠᠢᠨᠠᠭᠤᠷ᠂ ᠡᠯᠡᠰᠦᠨ ᠭᠠᠴᠤᠷ᠎ᠠ᠂ ᠠᠰᠭᠠᠲᠤ᠎ᠶ᠋ᠢᠨ ᠴᠢᠯᠠᠭᠤᠨ ᠤᠢ᠂ ᠬᠤᠸᠠᠩ ᠭᠠᠩ ᠯᠢᠶᠠᠩ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ᠂ ᠲᠠᠯᠠᠨ ᠬᠠᠷ᠎ᠠ ᠠᠭᠤᠯᠠ᠎ᠶ᠋ᠢᠨ ᠮᠥᠰᠥᠨ ᠤᠭᠤᠷ᠎ᠤᠨ ᠰᠦᠷᠦᠭ᠌ᠵᠢᠯ ᠁ ᠡᠳᠡᠭᠡᠷ ᠤᠯᠠᠨ ᠶᠠᠩᠵᠤ᠎ᠶ᠋ᠢᠨ ᠭᠤᠢᠳᠠ ᠦᠵᠡᠮᠵᠢ᠎ᠨᠢ ᠲᠠᠨ᠎ᠢ ᠡᠷᠭᠡ ᠦᠭᠡᠢ ᠭᠠᠢᠬᠠᠰᠢ ᠠᠯᠳᠠᠭᠤᠯᠬᠤ ᠶᠤᠮ᠃



IMG_5976(20210618-150216).JPG


《ᠤᠯᠠᠭᠠᠨ》 ᠎ᠨᠢ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠢᠲᠡᠭᠡᠯ ᠪᠢᠱᠢᠷᠡᠯ᠎ᠢ ᠪᠤᠢ ᠪᠣᠯᠭᠠᠵᠤ᠂ ᠤᠯᠤᠰ ᠲᠦᠷᠦ᠎ᠶ᠋ᠢ ᠡᠷᠬᠢᠮᠯᠡᠨ᠎ᠡ᠂ 《ᠨᠣᠭᠤᠭᠠᠨ》 ᠎ᠨᠢ ᠴᠢᠭ᠌ᠯᠡᠯ᠎ᠢ ᠲᠣᠳᠣᠷᠬᠠᠢᠯᠠᠵᠤ᠂ ᠴᠢᠳᠠᠪᠤᠷᠢ᠎ᠶ᠋ᠢ ᠪᠣᠯᠪᠠᠰᠤᠷᠠᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠨ᠎ᠠ᠃ ᠠᠤᠬᠠᠨ ᠺᠠᠳ᠋ᠷ᠎ᠤᠨ ᠳᠡᠭᠡᠳᠦ ᠰᠤᠷᠭᠠᠭᠤᠯᠢ᠎ᠨᠢ 《ᠤᠯᠠᠭᠠᠨ᠎ᠢ ᠡᠷᠬᠢᠮᠯᠡᠨ ᠨᠣᠭᠤᠭᠠᠨ᠎ᠢ ᠡᠷᠢᠯᠬᠢᠯᠡᠵᠦ᠍》᠂ ᠠᠤᠬᠠᠨᠴᠤᠳ᠎ᠤᠨ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠤᠯᠠᠮᠵᠢᠯᠠᠨ ᠪᠠᠳᠠᠷᠠᠭᠤᠯᠦᠨ᠎ᠠ᠃

ᠲᠡᠷᠡ ᠪᠤᠯ ᠱᠢᠷ᠎ᠠ ᠦᠩᠭᠡ᠎ᠲᠠᠢ


IMG_5977.JPG


ᠤᠯᠠᠭᠠᠨᠬᠠᠳᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠶᠠᠨ᠎ᠳᠤ ᠨᠠᠷᠢᠮᠤ᠎ᠶ᠋ᠢᠨ ᠠᠵᠤ ᠦᠢᠯᠡᠰ ᠪᠠ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠨᠢ ᠠᠳᠡᠬᠢ᠎ᠶ᠋ᠢ ᠠᠯᠳᠠᠨ ᠱᠢᠷ᠎ᠡ ᠬᠡᠷᠡᠯ ᠰᠠᠴᠤᠷᠠᠭᠤᠯᠵᠠᠶ᠃ 8000 ᠵᠢᠯ᠎ᠤᠨ ᠲᠡᠦᠬᠡ᠎ᠲᠠᠢ ᠠᠤᠬᠠᠨ ᠨᠠᠷᠢᠮᠤ᠎ᠶ᠋ᠢ ᠡᠯᠧᠺᠲᠷᠣᠨ ᠬᠤᠳᠠᠯᠳᠤᠭ᠎ᠠ᠎ᠪᠠᠷ ᠲᠠᠮᠵᠢᠨ ᠪᠥᠬᠦ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠵᠦ᠍ ᠪᠤᠢ᠃


IMG_5978(20210618-150224).JPG

 

ᠤᠯᠠᠭᠠᠨᠬᠠᠳᠠ᠎ᠶ᠋ᠢᠨ ᠲᠦᠸᠧ ᠵᠢᠶᠠ ᠡᠯᠧᠺᠲᠷᠣᠨ ᠠᠵᠤ ᠦᠢᠯᠡᠰ᠎ᠤᠨ ᠬᠦᠷᠢᠶᠡᠯᠡᠩ᠎ᠢᠶᠠᠷ ᠲᠥᠯᠥᠭᠡᠯᠡᠭᠦᠯᠦᠭ᠌ᠰᠡᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠨᠢ ᠤᠯᠠᠭᠠᠨᠬᠠᠳᠠ᠎ᠶ᠋ᠢᠨ ᠠᠯᠳᠠᠨ ᠱᠢᠷ᠎ᠠ ᠬᠥᠭ᠌ᠵᠢᠯ ᠮᠠᠨᠳᠤᠯ᠎ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠨ᠎ᠡ᠃

ᠪᠠᠭ᠍ᠠᠷᠤᠯᠲᠤ ᠤᠯᠠᠭᠠᠨᠬᠠᠳᠠ᠂ ᠥᠩᠭᠡ ᠢᠯᠭᠠᠷᠠᠮ᠎ᠠ ᠭᠤᠢᠲᠠ

ᠠᠳᠡ ᠬᠤᠪᠢᠰᠭᠠᠯ᠎ᠤᠨ ᠦᠨᠳᠦᠰᠦ᠂ ᠨᠤᠮᠢᠨ ᠨᠣᠭᠤᠭᠠᠨ᠎ᠤ ᠰᠠᠭᠤᠷᠢ᠂ ᠴᠢᠨᠠᠷ ᠰᠠᠢᠲᠠᠶ ᠠᠵᠤ ᠦᠢᠯᠡᠰ ᠵᠢᠴᠢ ᠡᠭᠡᠯ ᠪᠣᠷᠣᠭ᠍ᠵᠢᠭᠤᠨ ᠠᠷᠠᠳ ᠲᠦᠮᠡᠨ ᠪᠠᠢᠳᠠᠭ᠃

ᠨᠡᠩ ᠢᠯᠠᠩᠭᠤᠶ᠎ᠠ ᠶᠠᠪᠤᠬᠤ ᠲᠤᠲᠤᠮ ᠲᠣᠳᠣᠷᠬᠠᠶ ᠮᠦᠷᠳᠡᠭᠡᠨ ᠡᠷᠡᠰ ᠪᠠᠲᠤ ᠪᠤᠯᠤᠬ᠍ᠰᠠᠨ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ ᠪᠠᠢᠳᠠᠭ᠃

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠢ᠎ᠶ᠋ᠢᠨ ᠲᠠᠱᠢᠷᠠᠮ᠎ᠳᠤ ᠤᠯᠠᠭᠠᠨᠬᠠᠳᠠ ᠬᠥᠭ᠌ᠵᠢᠯᠲᠡ᠎ᠶ᠋ᠢᠨ ᠱᠢᠨ᠎ᠡ ᠠᠶᠠᠨ᠎ᠳᠠᠭᠠᠨ ᠨᠡᠩ ᠥᠩᠭᠡ ᠢᠯᠭᠠᠷᠠᠮ᠎ᠠ ᠬᠢᠯᠠᠯᠵᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号