ᠵᠠᠩ ᠹᠸᠢ᠎ᠶ᠋ᠢᠨ ᠪᠠᠶᠠᠰᠤᠯ
2021-06-18 08:50:39
ᠵᠣᠬᠢᠶᠠᠭ᠍ᠴᠢ᠄
ᠯᠢᠦᠶ ᠱᠢᠤᠸᠠᠢ ᠱᠢᠶᠠᠨ ᠵᠣᠣ ᠸᠧᠨ ᠼᠦᠢ ᠯᠦ᠍ ᠱᠢᠩ ᠱᠢᠤᠸᠠᠢ ᠯᠠᠶ ᠶᠢᠦ ᠺᠦᠨ ᠮᠡᠷᠭᠡᠨᠪᠢᠯᠢᠭ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 15 ᠎ᠤ ᠥᠷᠯᠥᠭᠡ ᠡᠷᠲᠡ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ 《ᠡᠭᠦᠷᠢᠳᠡ ᠨᠠᠮ᠎ᠢᠶᠠᠨ ᠳᠠᠭᠠᠶ᠎ᠠ — ᠡᠭᠦᠯᠡᠨ ᠬᠦᠯᠦᠭ • ᠵᠠᠭᠤᠨ ᠰᠤᠷᠪᠤᠯᠵᠢᠯᠠᠬ᠍ᠴᠢ᠎ᠶ᠋ᠢᠨ ᠳᠦᠮᠡᠨ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠮᠡᠳᠡᠭᠡᠯᠡᠬᠦ᠌ ᠳᠤᠭᠤᠢᠯᠠᠩ᠎ᠤᠨ ᠰᠤᠷᠪᠤᠯᠵᠢᠯᠠᠭ᠍ᠴᠢ ᠪᠤᠭᠤᠲᠤ᠎ᠠᠴᠠ ᠭᠦᠶᠡᠩ ᠵᠦᠭ ᠮᠣᠷᠳᠠᠵᠤ᠂ ᠲᠠᠷᠢᠶᠠᠴᠢᠨ ᠵᠠᠩ ᠹᠸᠢ᠎ᠶ᠋ᠢᠨ ᠱᠢᠨ᠎ᠡ ᠠᠮᠢᠳᠤᠷᠠᠯ᠎ᠢ ᠦᠵᠡᠬᠦ᠌᠎ᠪᠠᠷ ᠬᠦᠷᠴᠡᠢ᠃



ᠵᠠᠩ ᠹᠧᠶ᠎ᠶ᠋ᠢᠨ ᠪᠠᠢᠭ᠎ᠠ ᠭᠦᠶᠡᠩ ᠱᠢᠶᠠᠨ᠎ᠤ᠎ᠶ᠋ᠢᠨ ᠱᠠᠨ ᠪᠠᠯᠭᠠᠰᠤᠨ᠎ᠤ ᠱᠢᠶᠧ ᠾᠧ ᠢ ᠲᠣᠰᠭᠤᠨ ᠦᠩᠭᠡᠷᠡᠭ᠌ᠰᠡᠨ᠎ᠳᠤ ᠪᠤᠭᠤᠲᠤ ᠬᠤᠲᠠ᠎ᠶ᠋ᠢᠨ ᠬᠠᠮᠤᠭ᠎ᠤᠨ ᠲᠤᠮᠤ ᠶᠠᠳᠠᠭᠤ ᠬᠦᠴᠢᠷᠳᠡᠯᠲᠡᠶ ᠲᠣᠰᠭᠤᠨ ᠪᠠᠢᠵᠠᠢ᠃ ᠶᠠᠳᠠᠭᠤ᠎ᠠᠴᠠ ᠠᠩᠭᠢᠵᠢᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠬᠠᠪᠰᠤᠷᠤᠯᠭ᠎ᠠ ᠳᠤᠤᠷ᠎ᠠ᠂ ᠵᠠᠩ ᠹᠧᠶ 2016 ᠣᠨ᠎ᠳᠤ ᠤᠷᠤᠭ᠍ᠰᠢᠲᠠᠶ᠎ᠪᠠᠷ ᠶᠠᠳᠠᠭᠤ᠎ᠠᠴᠠ ᠠᠩᠭᠢᠵᠢᠷᠠᠪᠠ᠃ ᠶᠠᠳᠠᠭᠤ᠎ᠠᠴᠠ ᠠᠩᠭᠢᠵᠢᠷᠠᠭᠤᠯᠬᠤ᠎ᠶ᠋ᠢᠨ ᠡᠮᠦᠨ᠎ᠡ ᠬᠤᠢᠨᠠᠬᠢ ᠠᠮᠢᠳᠤᠷᠠᠯ᠎ᠤᠨ᠎ᠢᠶᠠᠨ ᠲᠤᠬᠠᠢ 64 ᠎ᠲᠠᠢ ᠵᠠᠩ ᠹᠧᠶ ᠦᠭᠡ᠎ᠪᠠᠨ ᠳᠡᠯᠭᠡᠯ᠎ᠡ᠃

ᠤᠤᠯ᠎ᠨᠢ ᠲᠩᠷᠢ᠎ᠶ᠋ᠢᠨ ᠴᠢᠷᠠᠢ᠎ᠶ᠋ᠢ ᠬᠠᠷᠠᠵᠤ ᠠᠮᠢᠳᠤᠷᠠᠵᠤ ᠪᠠᠢᠵᠠᠢ᠂ ᠭᠠᠩ ᠬᠠᠭ᠍ᠰᠠᠷᠠᠭᠠᠨ᠎ᠤ ᠦᠶ᠎ᠡ᠎ᠳᠤ ᠣᠷᠣᠯᠭ᠎ᠠ ᠦᠭᠡᠢ ᠮᠥᠷᠲᠡᠭᠡᠨ ᠪᠠᠰᠠ ᠦᠷ᠎ᠡ ᠬᠤᠳᠠᠯᠳᠤᠵᠤ ᠠᠪᠤᠬ᠍ᠰᠠᠨ ᠪᠡᠯᠡ᠎ᠪᠠᠨ ᠴᠤ᠌ ᠠᠯᠳᠠᠵᠤ ᠪᠠᠢᠵᠠᠢ᠃ 2016 ᠣᠨ᠎ᠳᠤ ᠱᠢᠶᠠᠨ᠎ᠤ ᠵᠠᠰᠠᠭ᠎ᠤᠨ ᠣᠷᠳᠣᠨ᠎ᠠᠴᠠ 10 ᠬᠤᠴᠠ ᠬᠠᠩᠭᠠᠨ ᠦᠭ᠌ᠴᠤ᠂ ᠡᠨᠡ ᠵᠢᠯ᠎ᠤᠨ ᠰᠡᠭᠦᠯᠴᠢ ᠪᠤᠯᠬᠤ᠎ᠳᠤ ᠵᠠᠩ ᠹᠸᠢ᠎ᠶ᠋ᠢᠨ᠎ᠬᠢᠨ 100 ᠬᠤᠨᠢ᠎ᠲᠠᠢ ᠪᠤᠯᠵᠤ᠂ ᠲᠣᠰᠭᠤᠨ᠎ᠠᠴᠠ᠎ᠨᠢ ᠪᠠᠰᠠ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ ᠲᠤᠬᠢᠷᠠᠭᠤᠯᠵᠦ᠍ ᠦᠭ᠌ᠴᠡᠢ᠃ ᠵᠠᠩ ᠹᠸᠢ ᠰᠤᠷᠪᠤᠯᠵᠢᠯᠠᠭ᠍ᠴᠢ᠎ᠳᠤ᠄ 《ᠵᠢᠯ᠎ᠤᠨ ᠣᠷᠣᠯᠭ᠎ᠠ ᠲᠦᠷᠪᠡ ᠲᠠᠪᠤᠨ ᠲᠦᠮᠡ ᠬᠦᠷᠬᠦ᠌᠎ᠳᠤ ᠠᠰᠠᠭᠤᠳᠠᠯ ᠦᠭᠡᠢ》 ᠭᠡᠪᠡ᠃



《ᠡᠨᠡ ᠵᠠᠩ ᠠᠪᠤᠭᠠᠢ ᠤᠤᠯ᠎ᠨᠢ ᠶᠡᠭᠡ ᠵᠠᠯᠬᠠᠭᠤ ᠪᠠᠢᠪᠠ᠂ ᠭᠡᠷ᠎ᠲᠤ᠎ᠨᠢ ᠬᠦᠷᠦᠭᠡᠳ ᠲᠡᠭᠦᠨ᠎ᠢ ᠭᠡᠷ᠎ᠢᠶᠠᠨ ᠴᠡᠪᠡᠷᠯᠡ ᠭᠡᠬᠦᠯᠡᠷ᠂ ᠡᠨᠡ ᠠᠪᠤᠭᠠᠢ ᠴᠢᠨᠢ ᠮᠢᠨᠤ ᠬᠤᠪᠴᠠᠰᠤᠨ᠎ᠠᠴᠠ ᠪᠠᠵᠠᠬ᠍ᠳᠠᠭᠠᠳ ᠲᠤᠪᠴᠢ᠎ᠶ᠋ᠢ ᠪᠦᠷ ᠤᠨᠠᠭᠠᠴᠢᠬᠠᠬ᠍ᠰᠠᠨ ᠡ!》᠃ ᠱᠢᠶᠧ ᠾᠧ ᠢ ᠲᠣᠰᠭᠤᠨ᠎ᠤ ᠨᠠᠮ᠎ᠤᠨ ᠡᠭᠦᠷ᠎ᠤᠨ ᠱᠦᠵᠢ ᠯᠢᠦ ᠽᠠᠢ ᠽᠠᠢ ᠢᠨᠢᠶᠡᠮᠰᠦᠭ᠌ᠯᠡᠨ᠄ 《ᠣᠳᠣ ᠲᠡᠭᠦᠨ᠎ᠤ ᠪᠠᠶᠠᠷ᠎ᠲᠠᠢ ᠪᠠᠢᠬᠤ᠎ᠶ᠋ᠢ ᠦᠵᠡᠭᠡᠴᠢ᠂ ᠠᠮᠠ᠎ᠪᠠᠨ ᠬᠠᠮᠬᠢᠯ ᠦᠭᠡᠢ ᠪᠠᠶᠠᠷᠯᠠᠵᠤ ᠪᠠᠢᠨ᠎ᠠ!》 ᠭᠡᠯ᠎ᠡ᠃ 

《ᠨᠠᠩ ᠪᠠᠶᠠᠷᠯᠠᠭᠤᠱᠢᠲᠠᠢ᠎ᠨᠢ ᠪᠢ ᠪᠠᠰᠠ ᠬᠥᠭ᠌ᠰᠢᠨ᠎ᠲᠠᠢ ᠪᠤᠯᠵᠠᠢ!》

ᠤᠤᠯ᠎ᠨᠢ᠂ ᠵᠠᠩ ᠹᠸᠢ ᠬᠠᠭᠠᠰ ᠨᠠᠰᠤ᠎ᠪᠠᠷ᠎ᠢᠶᠠᠨ ᠭᠤᠩ ᠪᠡᠶ᠎ᠡ ᠭᠤᠵᠣᠩ ᠲᠣᠯᠣᠭᠠᠢ ᠶᠠᠪᠤᠵᠤ᠂ ᠶᠠᠳᠠᠭᠤ᠎ᠠᠴᠠ ᠠᠩᠭᠢᠵᠢᠷᠠᠭ᠍ᠰᠠᠨ᠎ᠤ ᠳᠠᠷᠠᠭ᠎ᠠ ᠪᠤᠰᠤᠳ᠎ᠤᠨ ᠲᠠᠨᠢᠯᠴᠠᠭᠤᠯᠭ᠎ᠠ᠎ᠪᠠᠷ ᠭᠧ ᠴᠢᠤᠸᠠᠨ ᠮᠧᠢ᠎ᠲᠠᠢ ᠤᠷᠤᠬ᠍ᠯᠠᠵᠠᠢ᠃ 《ᠨᠠᠮ᠎ᠤᠨ ᠲᠦᠷᠦ᠎ᠶ᠋ᠢᠨ ᠪᠤᠳᠤᠯᠭ᠎ᠠ ᠡᠢᠮᠦ᠍ ᠰᠠᠢᠨ᠂ ᠪᠢᠳᠡ ᠦᠪᠡᠷ᠎ᠢᠶᠠᠨ ᠠᠵᠢᠯᠴᠢ ᠬᠥᠳᠡᠯᠮᠦᠷᠢᠴᠢ ᠪᠠᠢᠪᠠᠯ ᠪᠦᠷ ᠰᠠᠢᠨ ᠰᠠᠢᠬᠠᠨ ᠠᠮᠢᠳᠤᠷᠠᠯ᠎ᠲᠠᠢ ᠪᠣᠯᠵᠤ ᠴᠢᠳᠠᠨ᠎ᠠ!》 ᠭᠡᠵᠦ᠍ ᠵᠠᠩ ᠹᠸᠢ ᠪᠣᠯᠤᠨ ᠭᠧ ᠴᠢᠤᠸᠠᠨ ᠮᠧᠶ ᠢᠲᠡᠭᠡᠯ ᠳᠦᠭᠦᠷᠡᠩ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号