ᠤᠯᠤᠰ᠎ᠤᠨ ᠳᠠᠭᠤᠤ᠎ᠶ᠋ᠢᠨ ᠮᠡᠨᠳᠦᠯᠡᠭ᠌ᠰᠡᠨ ᠭᠠᠵᠠᠷ
2021-06-18 09:51:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠪᠤᠰᠴᠠᠭ᠎ᠠ᠂ ᠪᠤᠭᠤᠯ ᠪᠤᠯᠬᠤ ᠲᠤᠷ᠎ᠠ ᠦᠭᠡᠢ ᠬᠦᠮᠦᠰ ᠡ ᠁》

ᠡᠨᠡ ᠬᠦ᠌ ᠲᠠᠨᠢᠯ ᠲᠠᠰᠤᠯ ᠬᠥᠭ ᠠᠶᠠᠰ ᠪᠠ ᠣᠷᠭᠢᠯᠤᠮ᠎ᠠ ᠬᠠᠯᠠᠭᠤᠨ ᠳᠠᠭᠤᠤ᠎ᠶ᠋ᠢᠨ ᠦᠭᠡ᠎ᠶ᠋ᠢ ᠰᠣᠨᠣᠰᠭᠤ ᠪᠦᠷᠢ ᠳᠤᠮᠳᠠᠳᠤ᠎ᠶ᠋ᠢᠨ ᠬᠥᠪᠡᠭᠦᠳ ᠥᠬᠢᠳ ᠪᠦᠷ ᠬᠢᠵᠠᠭᠠᠯᠠᠰᠢ ᠦᠭᠡᠢ ᠣᠮᠣᠭ᠍ᠰᠢᠳᠠᠭ᠃



ᠳᠡᠯᠭᠡᠷ ᠵᠣᠨ᠎ᠤ 6 ᠰᠠᠷ᠎ᠠ᠎ᠳᠤ 《ᠡᠭᠦᠷᠢᠳᠡ ᠨᠠᠮ᠎ᠢᠶᠠᠨ ᠳᠠᠭᠠᠶ᠎ᠠ — ᠡᠭᠦᠯᠡᠡ ᠬᠦᠯᠦᠭ • ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠮᠡᠳᠡᠭᠡᠯᠡᠬᠦ᠌ ᠳᠤᠭᠤᠢᠯᠠᠩ᠎ᠤᠨ ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶ᠋ᠢᠨ ᠠᠤᠬᠠᠨ ᠬᠤᠱᠢᠭᠤᠨ᠎ᠤ ᠰᠧ ᠵᠢᠶᠠ ᠽᠢ ᠪᠠᠯᠭᠠᠰᠤᠨ᠎ᠳᠤ ᠬᠦᠷᠴᠦ᠍ ᠤᠯᠤᠰ᠎ᠤᠨ ᠳᠠᠭᠤᠤ᠎ᠶ᠋ᠢᠨ ᠮᠡᠨᠳᠦᠯᠡᠭ᠌ᠰᠡᠨ ᠭᠠᠵᠠᠷ᠎ᠲᠤ ᠭᠦᠨᠵᠡᠭᠡᠢᠷᠡᠨ ᠰᠤᠷᠪᠤᠯᠵᠢᠯᠠᠪᠠ᠃

ᠤᠯᠤᠰ᠎ᠤᠨ ᠳᠠᠭᠤᠤ ᠪᠣᠯ ᠤᠯᠤᠰ᠎ᠤᠨ ᠲᠤᠭ᠂ ᠤᠯᠤᠰ᠎ᠤᠨ ᠰᠦᠯᠳᠡ᠎ᠲᠠᠢ ᠠᠳᠠᠯᠢ᠎ᠪᠠᠷ ᠡᠬᠡ ᠤᠯᠤᠰ᠎ᠤᠨ ᠪᠡᠯᠭᠡ ᠲᠡᠮᠳᠡᠭ᠂ ᠦᠨᠳᠦᠰᠦᠲᠡᠨ᠎ᠤ ᠰᠦᠭ ᠰᠦᠨᠡᠰᠦ ᠮᠥᠨ᠃ 《ᠵᠢᠷᠤᠮ᠎ᠤᠨ ᠴᠡᠷᠢᠭ᠎ᠤᠨ ᠤᠷᠤᠭ᠍ᠰᠢᠯᠠᠯᠲᠠ᠎ᠶ᠋ᠢᠨ ᠳᠠᠭᠤᠤ》 ᠎ᠨᠢ ᠶᠠᠭᠠᠬᠢᠭᠠᠳ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠬᠤ ᠬᠦᠴᠦᠨ᠎ᠢᠶᠠᠷ ᠪᠢᠯᠬᠠᠮ᠎ᠠ ᠪᠠᠢᠳᠠᠭ ᠪᠤᠢ? ᠵᠣᠬᠢᠶᠠᠨ ᠪᠦᠲᠦᠭᠡᠬᠦ᠌ ᠤᠡᠭ᠌ᠭᠤᠳ᠎ᠨᠢ ᠬᠠᠮᠢᠭ᠎ᠠ᠎ᠠᠴᠠ ᠢᠷᠡᠭ᠌ᠰᠡᠨ ᠪᠤᠯ?


IMG_5963.JPG

IMG_5964(20210618-090242).JPG

IMG_5965(20210618-090247).JPG

 

86 ᠵᠢᠯ᠎ᠤᠨ ᠡᠮᠦᠨ᠎ᠡ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠤᠨ ᠫᠤᠤ᠎ᠶ᠋ᠢᠨ ᠲᠠᠭᠤᠨ᠎ᠤ ᠳᠤᠮᠳᠠ ᠠᠭᠤᠤ ᠶᠡᠭᠡ ᠠᠷᠠᠳ ᠲᠦᠮᠡᠨ᠎ᠤ ᠬᠥᠭ᠌ᠵᠢᠮ᠎ᠤᠨ ᠵᠣᠬᠢᠶᠠᠯᠴᠢ ᠨᠢᠶᠧ ᠡᠯ ᠤᠯᠠᠭᠠᠨᠬᠠᠳᠠ ᠬᠤᠳᠠ᠎ᠶ᠋ᠢᠨ ᠠᠤᠬᠠᠨ ᠬᠤᠱᠢᠭᠤᠨ᠎ᠤ ᠰᠧ ᠵᠢᠶᠠ ᠽᠢ ᠪᠠᠯᠭᠠᠰᠤᠨ᠎ᠳᠤ ᠨᠢᠭᠡ ᠤᠳᠠᠭᠠᠨ᠎ᠤ ᠡᠮᠦᠨ᠎ᠡ ᠹᠷᠣᠨᠲ᠎ᠤᠨ ᠲᠣᠬᠤᠨᠢᠭᠤᠯᠭ᠎ᠠ᠎ᠳᠤ ᠣᠷᠣᠯᠴᠠᠬ᠍ᠰᠠᠨ᠎ᠢᠶᠠᠷ ᠪᠦᠬᠦ᠌ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠪᠠᠢᠯᠳᠤᠭ᠍ᠴᠢ᠎ᠶ᠋ᠢᠨ ᠣᠮᠤᠭ ᠰᠦᠷ᠎ᠢ ᠬᠥᠭ᠌ᠵᠢᠭᠡᠭ᠌ᠰᠡᠨ ᠲᠡᠳᠦᠢ ᠦᠭᠡᠢ᠂ ᠪᠠᠰᠠ ᠤᠯᠤᠰ᠎ᠤᠨ ᠰᠦᠯᠳᠡ ᠳᠠᠭᠤᠤ᠎ᠶ᠋ᠢᠨ ᠲᠤᠬᠠᠢ ᠥᠩᠭᠡᠷᠡᠭ᠌ᠰᠡᠨ ᠦᠢᠯᠡ ᠬᠡᠷᠡᠭ᠎ᠤᠳ᠎ᠢ ᠲᠠᠳᠠᠵᠦ᠍ ᠭᠠᠷᠭᠠᠬ᠍ᠰᠠᠨ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号