ᠬᠤᠳᠠ᠎ᠢᠶᠠᠨ ᠴᠢᠮᠡᠵᠤ ᠠᠷᠠᠳ᠎ᠢᠶᠠᠨ ᠪᠠᠶᠠᠰᠭᠠᠬ᠍ᠰᠡᠨ ᠨᠤᠭᠤ ᠭᠠᠵᠠᠷ᠎ᠤᠨ ᠴᠡᠴᠡᠷᠯᠢᠭ
2021-06-19 14:48:53
ᠵᠣᠬᠢᠶᠠᠭ᠍ᠴᠢ᠄
ᠢᠤᠢ ᠬᠠᠢ ᠳ᠋ᠥᠩ ᠬᠦᠸᠧ ᠬᠤᠢ ᠴᠤᠤ ᠸᠠᠩ ᠫᠧᠩ ᠵᠤᠤ ᠨᠠ ᠪᠠᠨᠳᠢ
ᠣᠩᠱᠢᠭ᠍ᠰᠠᠨ ᠣᠳᠠᠭ᠎ᠠ᠄
★★★☆☆

ᠡᠵᠢ  ᠡ᠂ ᠬᠤᠷᠳᠤᠨ ᠰᠡᠭᠦᠳᠡᠷᠯᠡᠭᠡᠴᠢ! ᠱᠢᠪᠠᠭᠤ ᠵᠢᠭᠠᠰᠤ ᠪᠠᠷᠢᠵᠤ ᠪᠠᠢᠨ᠎ᠠ᠃

ᠠᠳᠡ᠂ ᠵᠥᠭᠡᠯᠡᠨ ᠰᠠᠯᠬᠢ ᠬᠠᠴᠠᠷ᠎ᠢ ᠢᠯᠪᠢᠨ᠂ ᠡᠪᠡᠰᠦᠨ᠎ᠤ ᠦᠨᠦᠷ ᠬᠠᠮᠠᠷ ᠰᠡᠩᠭᠢᠨᠡᠭᠦᠯᠵᠤ᠂ ᠰᠡᠳᠭᠢᠯ ᠰᠡᠷᠭᠦᠭᠡᠨ᠎ᠠ ᠁



QQ截图20210619123729.png


6 ᠰᠠᠷ᠎ᠠ᠎ᠶ᠋ᠢᠨ 17 ᠎ᠤ ᠡᠳᠦᠷ᠂ 《〈 ᠡᠭᠦᠷᠢᠳᠡ ᠨᠠᠮ᠎ᠢᠶᠠᠨ ᠲᠠᠭᠠᠶ᠎ᠠ 〉 ᠡᠭᠦᠯᠡ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠡ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠮᠡᠳᠡᠭᠡᠯᠡᠬᠦ᠌ ᠳᠤᠭᠤᠢᠯᠠᠩ᠎ᠤᠨ᠎ᠬᠢᠨ ᠦᠬᠠᠶ᠎ᠶ᠋ᠢᠨ ᠯᠦᠩ ᠶᠢᠦ ᠸᠠᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠲᠤ ᠬᠦᠷᠴᠤ᠌ ᠤᠴᠢᠯ᠎ᠠ᠂ ᠵᠢᠭᠤᠯᠴᠢᠯᠠᠭ᠍ᠰᠠᠳ ᠠᠳᠡᠬᠢ ᠦᠵᠡᠮᠵᠢ ᠪᠠᠢᠳᠠᠯ᠎ᠢ ᠦᠭᠡ ᠬᠠᠢᠷᠠᠯᠠᠯ ᠦᠭᠡᠢ ᠮᠠᠬ᠍ᠳᠠᠵᠠᠭᠠᠨ᠎ᠠ᠃

ᠦᠬᠠᠶ ᠬᠤᠲᠠ᠎ᠶ᠋ᠢᠨ ᠨᠤᠭᠤ ᠭᠠᠵᠠᠷ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠣᠶ ᠱᠢᠭᠤᠶ᠎ᠶ᠋ᠢᠨ ᠳᠡᠭᠡᠳᠦ ᠵᠡᠷᠭᠡ᠎ᠶ᠋ᠢᠨ ᠢᠨᠵᠧᠨᠧᠷ ᠸᠠᠩ ᠶᠦᠨ ᠱᠢᠶᠠ᠄ 《ᠱᠢᠪᠠᠭᠤ ᠵᠢᠭᠠᠰᠤ ᠪᠠᠷᠢᠬᠤ᠎ᠨᠢ ᠯᠦᠩ ᠶᠢᠦ ᠸᠠᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠲᠤ  ᠵᠦᠡᠭ᠌ᠳᠡᠭᠡᠨ ᠬᠠᠷᠠᠳᠠᠳᠠᠭ ᠦᠵᠡᠭ᠌ᠳᠡᠯ ᠶᠤᠮᠰᠠᠨ᠃ ᠨᠤᠭᠤ ᠭᠠᠵᠠᠷ᠎ᠤᠨ ᠴᠡᠴᠡᠷᠯᠢᠭ᠎ᠤᠨ ᠥᠪᠡᠷᠮᠢᠴᠡ ᠠᠮᠢ ᠠᠬᠤᠶ ᠣᠷᠴᠢᠨ ᠲᠣᠭᠤᠷᠢᠨ᠎ᠨᠢ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠪᠤᠢᠵᠢᠭᠤᠯᠪᠠ᠃ ᠪᠠᠢᠴᠠᠭᠠᠯᠲᠠ᠎ᠶ᠋ᠢ ᠦᠨᠳᠦᠰᠦᠯᠡᠪᠡᠯ᠂ ᠠᠳᠡᠬᠢ ᠨᠢᠭᠡᠨᠳᠠ ᠲᠡᠮᠳᠡᠭ᠌ᠯᠡᠭ᠌ᠰᠡᠨ ᠬᠡᠭᠡᠷ᠎ᠡ᠎ᠶ᠋ᠢᠨ ᠰᠡᠭᠡᠷᠲᠡᠨ 152 ᠲᠥᠷᠥᠯ ᠪᠠᠢᠳᠠᠭ᠂ ᠡᠭᠦᠨ᠎ᠳᠤ ᠱᠢᠪᠠᠭᠤᠨ᠎ᠤ ᠲᠥᠷᠥᠯ᠎ᠨᠢ 16 ᠪᠠᠭ᠎ᠤᠨ 38 ᠢᠵᠠᠭᠤᠷ᠎ᠤᠨ 108 ᠵᠦᠢᠯ ᠪᠠᠢᠵᠤ᠂ ᠤᠯᠤᠰ᠎ᠤᠨ ᠭᠤᠤᠯᠲᠠᠯᠭ᠎ᠠ᠎ᠲᠠᠢ ᠬᠠᠮᠠᠭᠠᠯᠠᠵᠦ᠍ ᠪᠠᠢᠭ᠎ᠠ ᠠᠮᠢᠲᠠᠠ 29 ᠲᠦᠷᠦᠯ ᠪᠠᠢᠨ᠎ᠠ᠂ ᠡᠭᠦᠨ᠎ᠳᠤ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠲᠠᠢ ᠱᠢᠪᠠᠭᠤᠨ᠎ᠤ ᠲᠥᠷᠥᠯ᠎ᠤᠨ ᠬᠠᠷ᠎ᠠ ᠥᠷᠪᠢ ᠂ ᠵᠠᠭᠠᠯᠠᠢ᠂ ᠲᠣᠭᠤᠳᠠᠭ᠂ ᠴᠠᠬᠤᠯᠠᠶ᠂ ᠬᠠᠯᠵᠠᠠ ᠪᠦᠷᠭᠦᠳ ᠵᠡᠷᠭᠡ 5 ᠵᠦᠢᠯ ᠪᠠᠭ᠍ᠲᠠᠨ᠎ᠠ; ᠤᠯᠤᠰ᠎ᠤᠨ ᠬᠤᠶᠠᠳᠤᠭᠠᠷ ᠳᠡᠰ᠎ᠤᠨ ᠬᠠᠮᠠᠭᠠᠯᠠᠯᠲᠠ᠎ᠲᠠᠢ ᠱᠢᠪᠠᠭᠤᠨ᠎ᠤ ᠲᠥᠷᠥᠯ 24 ᠵᠦᠢᠯ ᠪᠠᠢᠨ᠎ᠠ᠃ ᠤᠷᠭᠤᠮᠠᠯ᠎ᠳᠤ ᠲᠤᠷᠤᠭ ᠮᠣᠳᠣ᠂ ᠪᠣᠳᠠ ᠮᠣᠳᠣ᠂ ᠬᠠᠭᠠᠰ ᠪᠣᠳᠠ ᠮᠣᠳᠣ ᠪᠠ ᠡᠪᠡᠰᠦᠯᠢᠭ ᠤᠷᠭᠤᠮᠠᠯ 157 ᠵᠦᠢᠯ ᠪᠠᠢᠨ᠎ᠠ᠃


QQ截图20210619123707.png

QQ截图20210619123636.png


1995 ᠣᠨ᠎ᠳᠤ᠂ ᠸᠠᠩ ᠶᠦᠨ ᠱᠢᠶᠠ ᠶᠡᠭᠡ ᠰᠤᠷᠭᠠᠭᠤᠯᠢ᠎ᠪᠠᠨ ᠲᠡᠭᠦᠰᠦᠭ᠌ᠰᠡᠨ᠎ᠤ ᠳᠠᠷᠠᠭ᠎ᠠ ᠦᠬᠠᠢ᠎ᠳᠤ ᠬᠦᠷᠴᠦ᠍ ᠠᠵᠢᠯᠯᠠᠪᠠ᠃ 26 ᠵᠢᠯ᠎ᠤᠨ ᠲᠤᠷᠰᠢ᠂ ᠲᠡᠷᠡ ᠡᠨᠡ ᠨᠤᠳᠤᠭ᠎ᠤᠨ ᠬᠦᠭ᠌ᠵᠢᠯᠳᠠ ᠬᠤᠪᠢᠷᠠᠯᠲᠠ᠎ᠶ᠋ᠢ ᠪᠡᠶ᠎ᠡ᠎ᠪᠠᠷ᠎ᠢᠶᠠᠨ ᠥᠩᠭᠡᠷᠡᠭᠦᠯᠪᠡ᠃ 2018 ᠣᠨ᠎ᠤ ᠰᠡᠭᠦᠯᠴᠢ᠎ᠳᠤ᠂ ᠯᠦᠩ ᠶᠢᠦ ᠸᠠᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠲᠤᠷᠱᠢᠯᠲᠠ᠎ᠶ᠋ᠢᠨ ᠴᠡᠭ᠎ᠤᠨ ᠪᠦᠲᠦᠭᠡᠨ ᠪᠠᠢᠭᠤᠯᠤᠯᠲᠠ ᠤᠯᠤᠰ᠎ᠤᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ᠍᠂ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠪᠣᠯᠵᠦ᠍᠂ ᠥᠩᠭᠡᠷᠡᠭ᠌ᠰᠡᠨ᠎ᠳᠤ ᠡᠯᠦᠶ ᠬᠤᠯᠤᠶ ᠪᠠᠢᠭ᠍ᠰᠠᠠ ᠭᠠᠵᠠᠷ ᠦᠨᠦ᠍ ᠦᠵᠡᠮᠵᠢᠲᠦ ᠤᠷᠤᠨ ᠪᠤᠯᠵᠠᠢ᠃ ᠬᠤᠲᠠ᠎ᠶ᠋ᠢᠨ ᠠᠷᠠᠳ᠎ᠲᠤ ᠡᠬᠡ ᠪᠠᠢᠭᠠᠯᠢ᠎ᠲᠠᠢ ᠤᠢ᠍ᠢᠷᠠᠲᠤᠬᠤ ᠤᠷᠤᠨ ᠵᠠᠢ ᠬᠠᠨᠭ᠌ᠭᠠᠬ᠍ᠰᠡᠨ᠎ᠢᠶᠠᠷ ᠪᠠᠷᠠᠬᠤ ᠦᠭᠡᠢ  ᠪᠠᠰᠠ  ᠬᠤᠲᠠ᠎ᠠᠴᠠ ᠭᠠᠷᠬᠤ ᠥᠬᠡᠶ᠎ᠪᠠᠷ ᠠᠭᠤᠯᠠ ᠪᠠ ᠡᠯᠡᠰᠦᠷᠭᠡᠭ ᠭᠠᠵᠠᠷ᠎ᠤᠨ ᠬᠠᠪᠤ ᠴᠡᠩᠭᠡᠯ᠎ᠢ ᠡᠳ᠋ᠯᠡᠵᠦ᠍᠂ ᠨᠠᠷᠬᠢᠶᠠᠠᠲᠦ ᠬᠤᠲᠠ᠎ᠳᠤ ᠠᠮᠢᠳᠤᠷᠠᠵᠦ᠍ ᠠᠲᠠᠯ᠎ᠠ  ᠎ᠪᠠᠨ ᠣᠶ ᠮᠣᠳᠣ ᠨᠠᠭᠤᠷ ᠴᠦᠬᠦᠷᠦᠮ᠎ᠤᠨ ᠦᠵᠡᠮᠵᠢ ᠪᠦᠷᠢᠲᠦᠭ᠌ᠰᠡᠡ ᠰᠣᠶᠣᠯ ᠢᠷᠭᠡᠨᠱᠢᠯ᠎ᠤᠨ ᠦᠵᠡᠮᠵᠢ᠎ᠶ᠋ᠢ ᠤᠯᠵᠦ᠍ ᠰᠤᠨᠢᠷᠬᠠᠬᠤ ᠪᠤᠯᠭᠠᠬ᠍ᠰᠡᠨ ᠪᠠᠢᠨ᠎ᠠ᠃


QQ截图20210619123649.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号