3 ᠲᠦᠮᠡ ᠭᠠᠷᠤᠶ ᠥᠰᠥᠭ᠂ 1000 ᠭᠠᠷᠤᠶ ᠬᠡᠷᠡᠯ ᠵᠢᠷᠤᠭ᠂ 400 ᠭᠠᠷᠤᠶ ᠶᠠᠫᠣᠨ᠎ᠢ ᠡᠰᠡᠷᠭᠦᠴᠡᠬᠦ᠌ ᠲᠡᠢᠨ᠎ᠤ ᠡᠳ᠋᠂ ᠲᠡᠥᠬᠡ᠎ᠶ᠋ᠢᠨ ᠦᠵᠡᠭ᠌ᠳᠡᠯ᠎ᠤᠨ ᠰᠡᠷᠭᠦᠭᠡᠯᠳᠠ᠂ ᠱᠤᠭᠤᠮᠠᠯ᠂ ᠲᠣᠰᠣᠨ ᠪᠤᠳᠤᠭ᠎ᠤᠨ ᠬᠠᠨᠠᠨ ᠵᠢᠷᠤᠭ᠂ ᠣᠯᠠᠨ ᠵᠠᠭᠤᠴᠢ᠎ᠳᠤ ᠳᠡᠯᠭᠡᠴᠡ ᠁
6 ᠰᠠᠷ᠎ᠠ᠎ᠶ᠋ᠢᠨ 17 ᠤ ᠡᠳᠦᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ 《ᠡᠭᠦᠷᠢᠳᠡ ᠨᠠᠮ᠎ᠢᠶᠠᠨ ᠳᠠᠭᠠᠨ᠎ᠠ — ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠮᠡᠳᠡᠭᠡᠯᠡᠬᠦ᠌ ᠳᠤᠭᠤᠢᠯᠠᠩ ᠪᠠᠶᠠᠨᠨᠠᠭᠤᠷ ᠬᠤᠲᠠ᠎ᠶ᠋ᠢᠨ ᠦᠶᠤᠸᠠᠨ ᠱᠢᠶᠠᠨ᠎ᠳᠤ ᠪᠠᠢᠭ᠎ᠠ ᠥᠪᠥᠷ ᠮᠣᠩᠭᠤᠯ᠎ᠤᠨ ᠶᠠᠫᠣᠨ᠎ᠢ ᠡᠰᠡᠷᠭᠦᠴᠡᠬᠦ᠌ ᠲᠡᠢᠨ᠎ᠤ ᠳᠤᠷᠠᠰᠭᠠᠯ᠎ᠤᠨ ᠣᠷᠳᠣᠨ᠎ᠳᠤ ᠬᠦᠷᠴᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ᠂ ᠨᠠᠮ᠎ᠤᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠤ ᠨᠢᠭᠡᠳᠦᠮᠡᠯ ᠹᠷᠣᠨᠲ᠎ᠤᠨ ᠴᠢᠭ᠌ᠯᠡᠯᠲᠡ᠎ᠶ᠋ᠢᠨ ᠵᠢᠯᠣᠭᠤᠳᠣᠯᠭ᠎ᠠ ᠳᠤᠤᠷ᠎ᠠ᠂ 1931 ᠣᠨ᠎ᠠᠴᠠ 1945 ᠤᠨ ᠪᠣᠯᠲᠠᠯ᠎ᠠ ᠥᠪᠥᠷ ᠮᠣᠩᠭᠤᠯ ᠣᠷᠣᠨ᠎ᠳᠤ 14 ᠵᠢᠯ ᠦᠷᠭᠦᠯᠵᠢᠯᠡᠭ᠌ᠰᠡᠨ ᠶᠠᠫᠣᠨ᠎ᠢ ᠡᠰᠡᠷᠭᠦᠴᠡᠬᠦ᠌ ᠲᠡᠢᠨ᠎ᠤ ᠶᠠᠪᠤᠴᠠ᠎ᠶ᠋ᠢ ᠤᠢ᠍ᠢᠯᠠᠭᠠᠵᠦ᠍᠂ ᠳᠤᠷᠠᠰᠭᠠᠯ᠎ᠤᠨ ᠣᠷᠳᠣᠨ᠎ᠳᠤ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢ ᠡᠷᠬᠢᠴᠡᠬᠦᠯᠦᠨ ᠤᠩᠱᠢᠵᠦ᠍᠂ ᠨᠠᠮ᠎ᠳᠤ ᠣᠷᠣᠬᠤ ᠤᠭ ᠰᠠᠨᠠᠭ᠎ᠠ᠎ᠪᠠᠨ ᠡᠷᠭᠢᠴᠡᠭᠦᠯᠪᠡ᠃
ᠥᠪᠥᠷ ᠮᠣᠩᠭᠤᠯ᠎ᠤᠨ ᠶᠠᠫᠣᠨ᠎ᠢ ᠡᠰᠡᠷᠭᠦᠴᠡᠬᠦ᠌ ᠲᠡᠢᠨ᠎ᠤ ᠳᠤᠷᠠᠰᠭᠠᠯ᠎ᠤᠨ ᠣᠷᠳᠣᠨ ᠪᠣᠯ ᠥᠪᠥᠷ ᠮᠣᠩᠭᠤᠯ᠎ᠤᠨ ᠦᠶᠤᠸᠠᠨ᠎ᠤ ᠶᠠᠫᠣᠨ᠎ᠢ ᠡᠰᠡᠷᠭᠦᠴᠡᠬᠦ᠌ ᠲᠡᠢᠨ᠎ᠤ ᠳᠤᠷᠠᠰᠭᠠᠯ᠎ᠤᠨ ᠬᠦᠷᠢᠶᠡᠯᠡᠩ᠎ᠤᠨ ᠬᠤᠶᠠᠳᠤᠭᠠᠷ ᠬᠤᠭᠤᠴᠠᠭᠠᠨ᠎ᠤ ᠥᠷᠭᠡᠳᠭᠡᠨ ᠪᠠᠢᠭᠤᠯᠬᠤ ᠲᠥᠷᠥᠯ ᠵᠦᠢᠯ᠎ᠤᠨ ᠭᠤᠤᠯᠳᠠᠯᠭ᠎ᠠ᠎ᠲᠠᠢ ᠢᠨᠵᠧᠨᠧᠷᠢᠩ ᠪᠣᠯᠤᠨ᠎ᠠ᠂ 2017 ᠣᠨ᠎ᠤ 4 ᠰᠠᠷ᠎ᠠ᠎ᠳᠤ ᠪᠠᠷᠢᠯᠭ᠎ᠠ ᠡᠬᠢᠯᠡᠵᠦ᠍᠂ ᠲᠣᠰ ᠵᠢᠯ᠎ᠤᠨ 12 ᠰᠠᠷ᠎ᠠ᠎ᠳᠤ ᠭᠤᠤᠯ ᠴᠣᠭ᠍ᠴᠠ᠎ᠶ᠋ᠢᠨ ᠪᠠᠷᠢᠯᠭ᠎ᠠ ᠳᠠᠭᠤᠰᠴᠤ᠌᠂ 2018 ᠣᠨ᠎ᠤ 8 ᠰᠠᠷ᠎ᠠ᠎ᠳᠤ ᠦᠵᠡᠰᠭᠦᠯᠡᠩ᠎ᠢ ᠳᠡᠯᠭᠡᠵᠦ᠍ ᠳᠠᠭᠤᠰᠭᠠᠵᠠᠶ᠃ ᠳᠤᠷᠠᠰᠭᠠᠯ᠎ᠤᠨ ᠣᠷᠳᠣᠨ᠎ᠨᠢ ᠳᠤᠮᠳᠠᠳᠤ᠎ᠶ᠋ᠢᠨ ᠦᠨᠳᠦᠰᠦᠲᠡᠨ᠎ᠤ ᠪᠦᠯᠬᠦᠮᠳᠡᠨ ᠨᠢᠭᠡᠳᠴᠦ᠍᠂ ᠶᠠᠫᠣᠨ᠎ᠤ ᠡᠵᠡᠷᠬᠡᠭ ᠲᠦᠷᠢᠮᠡᠬᠡᠢᠲᠡᠳᠢ ᠬᠠᠮᠲᠤ᠎ᠪᠠᠷ ᠡᠰᠡᠷᠭᠦᠴᠡᠭ᠌ᠰᠡᠨ ᠪᠠᠭᠠᠲᠤᠷᠯᠢᠭ ᠲᠡᠦᠬᠡ᠎ᠶ᠋ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠬᠤᠵᠢᠮ᠎ᠤᠨ ᠬᠥᠮᠦᠰ᠎ᠢ ᠲᠡᠦᠬᠡ᠎ᠪᠠᠨ ᠪᠠᠲᠤ ᠴᠡᠭᠡᠵᠢᠯᠡᠨ᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠨ᠂ ᠢᠷᠡᠭᠡᠳᠦᠢ᠎ᠪᠠᠨ ᠴᠤᠭ᠍ᠴᠠᠯᠠᠰᠤᠭᠠᠢ ᠭᠡᠵᠦ᠍ ᠤᠷᠢᠶᠠᠯᠠᠵᠠᠢ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号