ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠭᠢᠮ᠎ᠠᠴᠠ ᠭᠤᠤᠯᠯᠠᠨ ᠡᠷᠬᠢᠯᠡᠭ᠌ᠰᠡᠨ ᠨᠡᠢᠭᠡᠮ᠎ᠤᠨ ᠵᠤᠬᠢᠶᠠᠨ ᠪᠠᠢᠭᠤᠯᠤᠯᠳᠠ᠎ᠶ᠋ᠢᠨ 《ᠲᠠᠪᠤ᠎ᠶ᠋ᠢ ᠬᠤᠯᠪᠤᠭᠠᠯᠠᠭᠤᠯᠵᠦ᠍ ᠦᠨᠳᠦᠰᠦᠨ ᠱᠠᠲᠤ᠎ᠶ᠋ᠢ ᠳᠤᠯᠠᠭᠠᠴᠠᠭᠤᠯᠬᠤ》 2021 ᠣᠨ᠎ᠤ 《ᠲᠠᠨ᠎ᠳᠤ ᠲᠤᠰᠠᠯᠠᠶ᠎ᠠ》 ᠭᠤᠤᠯ ᠰᠡᠳᠦᠪᠲᠦ ᠠᠵᠢᠯᠯᠠᠭ᠎ᠠ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠲᠡᠷᠭᠡᠨ ᠥᠷᠲᠡᠭᠡᠨ᠎ᠤ ᠵᠡᠭᠦᠨ ᠵᠡᠭᠡᠯᠢ ᠨᠡᠢᠭᠡᠮ ᠲᠣᠭᠤᠷᠢᠭ᠎ᠲᠤ ᠶᠠᠪᠤᠭ᠍ᠳᠠᠪᠠ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠥᠪᠥᠷ ᠮᠣᠩᠭᠤᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠨᠡᠢᠭᠡᠮᠯᠢᠭ᠎ᠤᠨ ᠨᠡᠢᠭᠡᠮ ᠲᠣᠭᠤᠷᠢᠭ᠎ᠤᠨ ᠶᠡᠭᠡ ᠰᠤᠷᠭᠠᠭᠤᠯᠢ᠂ ᠳᠡᠳᠮ᠎ᠠ ᠤᠷᠠᠯᠢᠭ᠎ᠤᠨ ᠳᠡᠭᠡᠳᠦ ᠰᠤᠷᠭᠠᠭᠤᠯᠢ᠂ ᠲᠡᠷᠭᠡᠨ ᠥᠷᠲᠡᠭᠡᠨ᠎ᠤ ᠵᠡᠭᠦᠨ ᠵᠡᠭᠡᠯᠢ ᠨᠡᠢᠭᠡᠮ ᠲᠣᠭᠤᠷᠢᠭ᠎ᠤᠨ ᠤᠳᠭ᠎ᠠ ᠤᠷᠠᠯᠢᠭ᠎ᠤᠨ ᠠᠩᠭᠢ ᠢᠷᠠᠭᠤ ᠰᠠᠢᠬᠠᠨ ᠱᠢᠯᠦᠭ ᠤᠶᠠᠩᠭᠠᠯᠠᠬᠤ᠂ ᠳᠠᠭᠤᠤ ᠪᠥᠵᠢᠭ᠂ ᠢᠷᠠᠭᠤ ᠬᠦᠭ᠌ᠵᠢᠮ᠂ ᠰᠢ ᠵᠦᠴᠦᠭᠡ᠂ ᠬᠤᠪᠴᠠᠰᠤ ᠵᠠᠰᠠᠯ᠎ᠤᠨ ᠊ᠦᠵᠡᠭᠦᠯᠭᠡ ᠵᠡᠷᠭᠡ ᠤᠷᠠᠨ ᠰᠠᠢᠬᠠᠨ᠎ᠤ ᠲᠣᠭ᠍ᠯᠠᠯᠲᠠ ᠭᠠᠷᠭᠠᠪᠠ᠃ ᠥᠪᠥᠷ ᠮᠣᠩᠭᠤᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠦᠨ᠎ᠤ ᠨᠡᠢᠭᠡᠮᠯᠢᠭ ᠬᠦᠴᠢᠷᠳᠡᠯ᠎ᠲᠠᠢ ᠬᠡᠦᠬᠡᠳ᠎ᠤᠨ ᠰᠤᠷᠤᠯᠭ᠎ᠠ᠎ᠶ᠋ᠢ ᠲᠡᠳᠬᠦᠬᠦ᠌ ᠨᠢᠭᠦᠯᠡᠰᠦᠩᠭᠦᠶ᠎ᠶ᠋ᠢᠨ ᠠᠵᠢᠯᠯᠠᠭ᠎ᠠ ᠥᠷᠨᠢᠭᠦᠯᠵᠦ᠍᠂ ᠬᠦᠴᠢᠷᠳᠡᠯ᠎ᠲᠠᠢ ᠬᠡᠦᠬᠡᠳ᠎ᠲᠤ 3.6 ᠲᠦᠮᠡᠨ ᠲᠥᠭᠦᠷᠢᠭ᠎ᠤᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠦ᠌ ᠬᠠᠨᠳᠢᠪᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠬᠡᠬᠤᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠱᠢᠨ᠎ᠡ ᠬᠤᠲᠠ ᠲᠣᠭᠤᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ᠎ᠶ᠋ᠢᠨ ᠦᠢᠯᠡᠰ᠎ᠤᠨ ᠶᠡᠷᠦᠩᠬᠡᠶ ᠡᠪᠯᠡᠯ᠂ ᠬᠥᠬᠡᠬᠤᠲᠠ᠎ᠶ᠋ᠢᠨ ᠨᠢᠭᠦᠯᠡᠰᠦᠩᠭᠦᠶ᠎ᠶ᠋ᠢᠨ ᠦᠢᠯᠡᠰ᠎ᠤᠨ ᠶᠡᠷᠦᠩᠬᠡᠶ ᠡᠪᠯᠡᠯ᠎ᠤᠨ ᠠᠵᠢᠯᠲᠠᠳ ᠨᠢᠭᠦᠯᠡᠰᠦᠩᠭᠦᠶ᠎ᠶ᠋ᠢᠨ ᠦᠢᠯᠡᠰ᠎ᠤᠨ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠪᠠ᠃ ᠡᠭᠦᠨ᠎ᠠᠴᠠ ᠭᠠᠳᠠᠨ᠎ᠠ᠂ ᠲᠤᠬᠠᠢ᠎ᠶ᠋ᠢᠨ ᠲᠠᠯᠠᠪᠠᠢ᠎ᠳᠤ ᠪᠠᠰᠠ ᠤᠯᠠᠮᠵᠢᠯᠠᠯᠲᠤ ᠪᠠᠶᠠᠷ᠎ᠤᠨ ᠡᠳᠦᠷ᠎ᠤᠨ ᠰᠣᠶᠣᠯ᠎ᠢ ᠤᠬᠠᠭᠤᠯᠬᠤ᠂ ᠡᠳ᠋ ᠪᠤᠳᠠᠰ ᠬᠠᠨᠳᠢᠪᠯᠠᠬᠤ᠂ ᠢᠳᠡᠭᠡᠨ ᠤᠮᠳᠠᠭᠠᠨ ᠬᠦᠷᠭᠡᠭᠦ᠌᠂ ᠵᠡᠭᠦᠦ ᠲᠠᠷᠢᠯᠭ᠎ᠠ ᠬᠢᠭᠦ᠌ ᠵᠡᠷᠭᠡ ᠠᠵᠢᠯᠯᠠᠭ᠎ᠠ ᠵᠢᠴᠢ ᠤᠷᠠᠨ ᠪᠢᠴᠢᠯᠭᠡ ᠤᠷᠠᠨ ᠵᠢᠷᠤᠭ᠂ ᠪᠣᠳᠠᠰ᠎ᠤᠨ ᠪᠤᠰᠤ ᠰᠣᠶᠣᠯ᠎ᠤᠨ ᠦᠪ᠎ᠢ ᠤᠬᠠᠭᠤᠯᠵᠦ᠍ ᠳᠡᠯᠭᠡᠨ ᠦᠵᠡᠭᠦᠯᠬᠦ᠌ ᠠᠵᠢᠯᠯᠠᠭ᠎ᠠ ᠥᠷᠨᠢᠭᠦᠯᠵᠦ᠍᠂ ᠬᠤᠳᠠ᠎ᠶ᠋ᠢᠨ ᠠᠷᠠᠳ᠎ᠲᠤ ᠰᠣᠶᠣᠯ᠎ᠤᠨ ᠥᠪᠡᠷᠮᠢᠴᠡ ᠭᠠᠢᠬᠠᠮᠱᠢᠭ᠎ᠢ ᠮᠡᠳᠡᠷᠡᠭᠦᠯᠵᠦ᠍᠂ ᠤᠯᠠᠨ ᠲᠦᠮᠡᠨ᠎ᠤ ᠠᠩᠬᠠᠷᠤᠯ᠎ᠢ ᠲᠠᠲᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠵᠢᠷᠭᠤᠳᠤᠭᠠᠷ ᠵᠢᠯᠣᠭᠤᠳᠭᠤ ᠳᠤᠭᠤᠢᠯᠠᠩ᠂ ᠬᠥᠬᠡᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠪᠠᠰᠠ ᠡᠷᠦᠬᠡ᠎ᠳᠤ ᠬᠦᠨᠵᠡᠭᠡᠢᠷᠡᠵᠦ᠍ ᠨᠡᠢᠭᠡᠮ ᠲᠣᠭᠤᠷᠢᠭ᠎ᠤᠨ ᠬᠦᠴᠢᠷᠳᠡᠯᠲᠡᠶ ᠣᠯᠠᠨ ᠲᠦᠮᠡᠨ᠎ᠢ ᠲᠣᠬᠤᠨᠢᠭᠤᠯᠵᠠᠢ᠃