ᠮᠠᠨ᠎ᠤ ᠤᠷᠤᠨ ᠭᠤᠤᠯᠳᠠᠯᠭ᠎ᠠ᠎ᠲᠠᠢ ᠠᠵᠢᠯ ᠲᠥᠷᠥᠯ᠎ᠤᠨ ᠠᠮᠤᠷ ᠲᠦᠪᠱᠢᠨ᠎ᠢ ᠴᠡᠭ᠌ᠴᠡᠯᠡᠨ ᠵᠠᠰᠠᠬᠤ᠎ᠪᠠᠷ ᠪᠠᠢᠨ᠎ᠠ
2021-06-20 11:57:41
ᠵᠣᠬᠢᠶᠠᠭ᠍ᠴᠢ᠄
ᠬᠠᠢᠷ᠎ᠠ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 17 ᠎ᠤ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠶᠦᠯᠬᠦᠢ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ᠎ᠠᠴᠠ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠶᠦᠯᠬᠦᠢ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠂ ᠥᠪᠥᠷ ᠮᠣᠩᠭᠤᠯ᠎ᠤᠨ ᠭᠠᠯ ᠤᠨᠲᠠᠷᠠᠭᠠᠵᠤ ᠭᠠᠯ ᠰᠡᠷᠭᠡᠢᠯᠡᠬᠦ᠌ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠮᠲᠤᠷᠠᠵᠤ᠂ ᠬᠤᠲᠠ ᠪᠠᠯᠭᠠᠰᠤᠨ᠎ᠤ ᠱᠢᠲᠠᠮᠠᠬᠠᠶ ᠬᠡᠶ ᠵᠡᠷᠭᠡ ᠭᠤᠤᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶ᠎ᠠ ᠴᠠᠷᠠᠭ᠎ᠠ᠎ᠳᠤ ᠠᠮᠦᠷ ᠲᠦᠪᠱᠢᠨ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠦᠷᠨᠢᠬᠦᠯᠬᠦ᠌᠎ᠪᠠᠷ ᠪᠠᠢᠨ᠎ᠡ᠃

ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠢ ᠭᠤᠤᠯᠳᠠᠯᠭ᠎ᠠ᠎ᠲᠠᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠭᠤᠯᠭ᠎ᠠ᠎ᠳᠤ᠂ ᠡᠯ᠎ᠡ ᠲᠠᠯ᠎ᠠ᠎ᠶ᠋ᠢᠨ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠲᠠᠯᠠᠪᠤᠷ ᠥᠷᠲᠡᠭᠡ ᠪᠠ ᠬᠤᠭᠤᠯᠠᠶ ᠲᠤᠤᠷ᠎ᠤᠨ ᠲᠥᠬᠦᠭᠡᠷᠦᠮᠵᠢ᠎ᠶ᠋ᠢ ᠠᠶᠦᠯᠬᠦᠢ ᠠᠵᠢᠯᠯᠠᠭᠤᠯᠤᠭ᠍ᠰᠠᠨ ᠪᠠᠢᠳᠠᠯ᠂ ᠬᠤᠲᠠ᠎ᠶ᠋ᠢᠨ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠬᠤᠭᠤᠯᠠᠶ᠎ᠶ᠋ᠢ ᠳᠠᠷᠤᠵᠤ ᠡᠵᠡᠯᠡᠭ᠌ᠰᠡᠨ ᠪᠠᠢᠳᠠᠯ ᠵᠡᠷᠭᠡ ᠠᠮᠤᠷ ᠲᠦᠪᠱᠢᠨ᠎ᠤ ᠭᠡᠮ ᠰᠤᠭᠤᠭ ᠵᠢᠴᠢ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠱᠢᠲᠠᠮᠠᠬᠠᠶ ᠬᠡᠶ᠎ᠶ᠋ᠢ ᠠᠶᠦᠯᠬᠦᠢ ᠠᠵᠢᠯᠯᠠᠭᠤᠯᠤᠭ᠍ᠰᠠᠨ ᠪᠠᠢᠳᠠᠯ᠎ᠢ ᠪᠠᠭ᠍ᠳᠠᠭᠠᠨ᠎ᠠ᠃ ᠪᠤᠰᠤᠳ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶ᠎ᠠ ᠴᠠᠷᠠᠭ᠎ᠠ᠎ᠶ᠋ᠢᠨ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠳᠤ ᠭᠤᠤᠯᠳᠠᠭᠤ ᠠᠶᠦᠯᠬᠦᠢ ᠦᠢᠯᠡᠳᠪᠦᠷᠢᠯᠡᠯ᠎ᠤᠨ ᠲᠤᠰᠭᠠᠶ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ᠎ᠲᠠᠢ ᠤᠶᠠᠯᠳᠤᠭᠤᠯᠤᠨ ᠲᠥᠪᠯᠡᠷᠡᠭᠦᠯᠦᠨ ᠪᠣᠭᠤᠮᠲᠠ ᠱᠢᠪᠲᠤᠯᠵᠤ᠂ ᠠᠶᠤᠯᠲᠠᠶ ᠬᠢᠮᠢ᠎ᠶ᠋ᠢᠨ ᠪᠣᠳᠠᠰ᠂ ᠨᠡᠭᠦᠷᠡᠰᠦᠨ ᠠᠭᠤᠷᠬᠠᠶ᠂ ᠨᠡᠭᠦᠷᠡᠰᠦᠨ᠎ᠤ ᠪᠤᠰᠤ ᠠᠭᠤᠷᠬᠠᠶ᠂ ᠲᠡᠮᠦᠷᠯᠢᠭ ᠬᠠᠢᠯᠤᠭᠤᠯᠬᠤ᠂ ᠪᠠᠷᠢᠯᠭ᠎ᠠ᠂ ᠵᠠᠮ ᠲᠡᠭᠡᠭᠡᠪᠦᠷᠢ᠂ ᠭᠠᠯ ᠤᠨᠲᠠᠷᠠᠭᠠᠵᠤ ᠭᠠᠯ ᠰᠡᠷᠭᠡᠢᠯᠡᠬᠦ᠌ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶ᠎ᠠ ᠴᠠᠷᠠᠭ᠎ᠠ᠎ᠶ᠋ᠢᠨ ᠠᠮᠤᠷ ᠲᠦᠪᠱᠢᠨ᠎ᠢ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃

ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠬᠢᠴᠠ᠎ᠳᠤ 《ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠂ ᠬᠤᠱᠢᠭᠤ ᠱᠢᠶᠠᠨ (ᠬᠤᠲᠠ᠂ ᠲᠣᠭᠤᠷᠢᠭ) ᠪᠥᠬᠦ᠌ ᠲᠠᠯ᠎ᠠ᠎ᠪᠠᠷ ᠵᠢᠬ᠍ᠰᠠᠭᠠᠨ ᠪᠠᠢᠴᠠᠭᠠᠬᠤ᠂ ᠠᠢᠮᠠᠭ ᠬᠤᠲᠠ ᠭᠤᠤᠯᠳᠠᠯᠭ᠎ᠠ᠎ᠲᠠᠢ ᠪᠠᠢᠴᠠᠭᠠᠵᠤ ᠰᠤᠭᠤᠴᠢᠨ ᠪᠠᠢᠴᠠᠭᠠᠬᠤ᠂ ᠥᠪᠡᠷᠲᠡᠭᠡᠨ ᠵᠠᠰᠠᠬᠤ ᠣᠷᠣᠨ᠎ᠤ ᠰᠠᠯᠠᠭ᠎ᠠ ᠮᠥᠴᠢᠷ ᠬᠠᠮᠲᠤᠷᠠᠵᠦ᠍ ᠱᠠᠯᠠᠪᠳᠠᠭᠤᠯᠤᠨ ᠪᠠᠢᠴᠠᠭᠠᠵᠤ ᠰᠤᠭᠤᠴᠢᠨ ᠪᠠᠢᠴᠠᠭᠠᠬᠤ》 ᠠᠷᠭ᠎ᠠ ᠬᠡᠯᠪᠡᠷᠢ᠎ᠪᠠᠷ ᠶᠠᠪᠤᠭ᠍ᠳᠠᠭᠤᠯᠤᠨ᠎ᠠ᠃ 《ᠱᠠᠲᠤ ᠬᠤᠪᠢᠶᠠᠨ ᠬᠠᠷᠢᠶ᠎ᠠ ᠭᠠᠵᠠᠷ᠎ᠲᠤ᠎ᠨᠢ ᠬᠠᠷᠢᠶᠠᠯᠠᠭᠤᠯᠬᠤ᠂ ᠱᠢᠰᠲ᠋ᠧᠮ ᠪᠠ ᠬᠡᠰᠡᠭ᠎ᠢ ᠤᠶᠠᠯᠳᠤᠭᠤᠯᠬᠤ》 ᠪᠠ 《ᠬᠡᠨ ᠭᠤᠣᠯᠴᠢᠯᠠᠨ ᠬᠠᠮᠢᠶᠠᠷᠴᠤ᠌ ᠪᠠᠢᠪᠠᠯ ᠬᠡᠨ ᠬᠠᠷᠢᠭᠤᠴᠠᠬᠤ》 ᠵᠠᠷᠴᠢᠮ ᠶᠣᠰᠣᠭᠠᠷ᠂ ᠡᠯ᠎ᠡ ᠭᠠᠵᠠᠷ ᠣᠷᠣᠨ᠎ᠤ᠎ᠬᠢᠨ ᠲᠤᠬᠠᠢ᠎ᠶ᠋ᠢᠨ ᠭᠠᠵᠠᠷ ᠤᠷᠤᠨ᠎ᠤ᠎ᠪᠠᠨ ᠪᠠᠢᠭᠠᠯᠢ᠎ᠶ᠋ᠢᠨ ᠱᠢᠲᠠᠮᠠᠬᠠᠶ ᠬᠡᠢ ᠵᠡᠷᠭᠡ ᠬᠦᠷᠢᠶ᠎ᠠ ᠴᠠᠷᠠᠭ᠎ᠠ᠎ᠶ᠋ᠢᠨ ᠠᠮᠤᠷ ᠲᠦᠪᠱᠢᠨ᠎ᠢ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠤᠨ ᠶᠡᠷᠦᠩᠬᠡᠶ ᠬᠠᠷᠢᠭᠤᠴᠠᠯᠭ᠎ᠠ᠎ᠶ᠋ᠢ ᠬᠠᠷᠢᠭᠤᠴᠠᠵᠤ᠂ ᠲᠤᠬᠠᠢ᠎ᠶ᠋ᠢᠨ ᠭᠠᠵᠠᠷ ᠣᠷᠣᠨ᠎ᠤ᠎ᠪᠠᠨ ᠪᠠᠢᠭᠠᠯᠢ᠎ᠶ᠋ᠢᠨ ᠱᠢᠲᠠᠮᠠᠬᠠᠶ ᠬᠡᠢ ᠵᠡᠷᠭᠡ ᠬᠦᠷᠢᠶ᠎ᠠ ᠴᠠᠷᠠᠭ᠎ᠠ᠎ᠶ᠋ᠢᠨ ᠠᠮᠤᠷ ᠲᠦᠪᠱᠢᠨ᠎ᠢ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠪᠣᠳᠠᠲᠠᠶ ᠵᠣᠬᠢᠶᠠᠨ ᠪᠠᠢᠭᠤᠯᠤᠨ ᠬᠡᠷᠡᠭ᠌ᠵᠢᠭᠦᠯᠤᠨ᠂ ᠡᠯ᠎ᠡ ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ ᠪᠣᠯ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ ᠪᠠᠢᠵᠦ᠍᠂ ᠲᠣᠰ ᠨᠢᠭᠡᠴᠢ᠎ᠶ᠋ᠢᠨ᠎ᠢᠶᠠᠨ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠍᠂ ᠲᠣᠰ ᠨᠢᠭᠡᠴᠢ᠎ᠶ᠋ᠢᠨ᠎ᠢᠶᠠᠨ ᠲᠤᠰᠭᠠᠶ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠪᠣᠳᠠᠲᠠᠶ ᠬᠡᠷᠡᠭ᠌ᠵᠢᠭᠦᠯᠬᠦ᠌ ᠪᠤᠯᠤᠨ᠎ᠠ᠃ ᠲᠣᠰ ᠤᠳᠠᠭᠠᠨ᠎ᠤ ᠪᠠᠢᠴᠠᠭᠠᠯᠲᠠ᠎ᠳᠤ ᠢᠯᠡᠷᠡᠭᠦᠯᠦᠭ᠌ᠰᠡᠨ ᠬᠠᠤᠯᠢ ᠲᠦᠷᠢᠮ᠎ᠠᠴᠠ ᠵᠥᠷᠢᠴᠡᠭ᠌ᠰᠡᠨ ᠦᠶᠯᠡ ᠠᠵᠢᠯᠯᠠᠭ᠎ᠠ ᠪᠦᠷᠢ᠎ᠳᠤ ᠬᠠᠤᠯᠢ ᠶᠣᠰᠣᠭᠠᠷ ᠦᠢᠯᠡᠳᠪᠦᠷᠢᠯᠡᠯ᠎ᠢ᠎ᠨᠢ ᠵᠣᠭ᠍ᠰᠣᠭᠠᠨ ᠴᠡᠭ᠌ᠴᠡᠯᠡᠬᠦ᠂ ᠡᠭᠦᠳᠡ᠎ᠶ᠋ᠢ᠎ᠨᠢ ᠬᠠᠭᠠᠯᠭᠠᠵᠤ ᠬᠦᠴᠦᠨ ᠥᠬᠡᠶ ᠪᠣᠯᠭᠠᠬᠤ᠂ ᠬᠠᠤᠯᠢ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠬᠦ᠌ ᠵᠡᠷᠭᠡ ᠬᠦᠴᠤᠳᠠᠢ ᠠᠷᠭ᠎ᠠ ᠬᠡᠮᠵᠢᠶ᠎ᠡ ᠠᠪᠬᠤ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号