《ᠬᠤᠤᠰ ᠨᠡᠮᠡᠭ᠌ᠳᠡᠯ》 《ᠬᠤᠤᠰ ᠬᠠᠰᠤᠭ᠍ᠳᠠᠯ》 ᠎ᠢ ᠪᠡᠶᠡᠯᠡᠬᠦᠯᠵᠤ ᠦᠪᠤᠷ ᠮᠤᠩᠭᠤᠯ ᠤᠯᠠᠮ ᠦᠵᠡᠰᠭᠦᠯᠡᠩᠳᠤ ᠰᠠᠢᠬᠠᠨ ᠪᠤᠯᠤᠯ᠎ᠠ
2021-06-20 11:57:54
ᠵᠣᠬᠢᠶᠠᠭ᠍ᠴᠢ᠄
ᠡᡁᠦᠸᠧ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠭᠠᠨ ᠪᠥᠲᠥᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠴᠣᠭ᠍ᠴᠠᠯᠠᠬᠤ ᠪᠣᠯ ᠮᠠᠨ᠎ᠤ ᠤᠷᠤᠨ᠎ᠤ ᠡᠷᠬᠡᠪᠰᠢ ᠡᠭᠦᠷᠭᠡᠯᠡᠬᠦ᠌ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ ᠪᠠ ᠡᠭᠦᠷᠭᠡ ᠮᠥᠨ᠃


QQ图片20210620114014.png


ᠬᠦᠯᠦᠨ ᠪᠤᠢᠷ ᠬᠤᠳᠠ᠎ᠶ᠋ᠢᠨ ᠬᠠᠭᠤᠴᠢᠨ ᠪᠠᠷᠭᠤ ᠬᠤᠱᠢᠭᠤᠨ᠎ᠤ ᠺᠠᠳ᠋ᠷ ᠤᠯᠠᠨ ᠲᠦᠮᠡᠨ ᠡᠯᠡᠰᠦ ᠵᠠᠰᠠᠨ ᠶᠠᠭᠠᠷᠠᠨ᠎ᠠ


ᠬᠢᠯᠠᠰ ᠴᠡᠭ ᠨᠢᠭᠡ

ᠦᠵᠦ᠍ ᠲᠥᠯᠥᠪᠯᠡᠭᠡ᠎ᠪᠠᠷ ᠵᠢᠷᠤᠭ ᠲᠥᠰᠦᠪ᠎ᠢ ᠵᠢᠷᠤᠭ᠍ᠯᠠᠪᠠ

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠣᠷᠣᠨ᠎ᠤ ᠣᠶ ᠱᠢᠭᠤᠶ ᠨᠤᠳᠤᠭ ᠪᠡᠯᠴᠢᠬᠡᠷ᠎ᠤᠨ ᠦᠶᠯᠡᠰ᠎ᠤᠨ ᠬᠥᠭ᠌ᠵᠢᠯᠲᠡ᠎ᠶ᠋ᠢᠨ ᠶᠠᠪᠤᠴᠡ᠎ᠳᠠᠬᠢ ᠴᠢᠬᠤᠯᠠ ᠴᠠᠭ ᠬᠤᠭᠤᠴᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠢᠭᠤᠯᠬᠤ ᠲᠥᠯᠥᠪᠵᠢᠭᠦᠯᠭᠡ》 ᠎ᠶ᠋ᠢ ᠨᠠᠢᠷᠠᠭᠤᠯᠤᠨ ᠳᠠᠭᠤᠰᠭᠠᠵᠤ᠂ 《ᠨᠤᠭᠤ ᠭᠠᠵᠠᠷ᠎ᠢ ᠬᠠᠮᠠᠭᠠᠯᠠᠬᠤ ᠲᠦᠷᠢᠮ》 《ᠬᠤᠪᠣᠷ ᠴᠤᠬᠠᠭ ᠣᠶ ᠮᠣᠳᠣ᠎ᠶ᠋ᠢ ᠬᠠᠮᠠᠭᠠᠯᠠᠬᠤ ᠲᠦᠷᠢᠮ》 《ᠣᠶ ᠮᠣᠳᠣᠨ᠎ᠤ ᠦᠷ᠎ᠡ ᠪᠠ ᠴᠢᠬᠢ ᠮᠤᠳᠤᠨ᠎ᠤ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠦᠷᠢᠮ᠎ᠳᠤ ᠵᠠᠰᠠᠪᠤᠷᠢ ᠣᠷᠣᠭᠤᠯᠵᠤ᠂ 《ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠲᠠ᠎ᠶ᠋ᠢᠨ ᠠᠷᠭ᠎ᠠ》 《ᠭᠤᠤᠯᠳᠠᠯᠭ᠎ᠠ᠎ᠲᠠᠢ ᠬᠠᠮᠠᠭᠠᠯᠠᠬᠤ ᠡᠬᠡ ᠬᠠᠭᠤᠷᠠᠶ᠎ᠶ᠋ᠢᠨ ᠬᠡᠭᠡᠷ᠎ᠡ᠎ᠶ᠋ᠢᠨ ᠠᠮᠢᠲᠠᠨ᠎ᠤ ᠨᠡᠷᠡᠰ᠎ᠤᠨ ᠵᠢᠭ᠍ᠰᠠᠭᠠᠯᠲᠠ》 ᠵᠡᠷᠭᠡ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠥᠪᠥᠷ ᠮᠣᠩᠭᠤᠯ᠎ᠤᠨ ᠳᠤᠮᠳᠠᠳᠤ ᠤᠯᠤᠰ᠎ᠤᠨ ᠡᠪᠡᠰᠦᠨ᠎ᠤ ᠦᠷ᠎ᠡ᠎ᠶ᠋ᠢᠨ ᠡᠬᠢ ᠪᠠᠶᠠᠯᠢᠭ᠎ᠤᠨ ᠬᠥᠮᠥᠷᠭᠡ ᠪᠠᠢᠭᠤᠯᠬᠤ ᠠᠵᠢᠯᠯᠠᠭ᠎ᠠ ᠪᠤᠯᠤᠨ ᠪᠥᠬᠦ᠌ ᠣᠷᠣᠨ᠎ᠤ ᠠᠩᠬᠠᠳᠤᠭᠠᠷ ᠤᠳᠠᠭᠠᠨ᠎ᠤ ᠣᠶ ᠱᠢᠭᠤᠶ ᠡᠪᠡᠰᠦᠨ᠎ᠤ ᠊ᠦᠷ᠎ᠡ ᠡᠳ᠋᠎ᠤᠨ ᠡᠬᠢ ᠪᠠᠶᠠᠯᠢᠭ᠎ᠤᠨ ᠨᠡᠢᠳᠡᠮ ᠪᠠᠢᠴᠠᠭᠠᠯᠳᠡ᠎ᠶ᠋ᠢ ᠬᠡᠷᠡᠭ᠌ᠵᠢᠭᠦᠯᠪᠡ᠃

5 ᠵᠢᠯ᠎ᠤᠨ ᠲᠤᠷᠰᠢ᠂ ᠪᠥᠬᠦ᠌ ᠣᠷᠣᠨ᠎ᠤ ᠣᠶ ᠱᠢᠭᠤᠶ᠎ᠶ᠋ᠢᠨ ᠪᠦᠷᠬᠦᠴᠡ ᠪᠤᠯᠤᠨ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ 《ᠬᠤᠤᠰ ᠨᠡᠮᠡᠭ᠌ᠳᠡᠯ》 ᠎ᠢ ᠪᠡᠶᠡᠯᠡᠭᠦᠯᠵᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ ᠦᠷᠭᠦᠯᠵᠢᠯᠡᠨ 《ᠬᠤᠤᠰ ᠬᠠᠰᠤᠭ᠍ᠳᠠᠯ》 ᠎ᠲᠠᠢ ᠪᠤᠯᠪᠠ᠃


QQ图片20210620114021.png


  ᠬᠦᠯᠦᠨ ᠪᠤᠢᠷ ᠬᠤᠳᠠ᠎ᠶ᠋ᠢᠨ ᠡᠷᠭᠦᠨ᠎ᠡ᠎ᠶ᠋ᠢᠨ ᠨᠤᠭᠤ ᠭᠠᠵᠠᠷ


  ᠬᠢᠯᠠᠰ ᠴᠡᠭ ᠬᠤᠶᠠᠷ

ᠤᠯᠤᠰ᠎ᠤᠨ ᠨᠤᠲᠤᠭ ᠳᠡᠪᠢᠰᠭᠡᠷ᠎ᠤᠨ ᠨᠣᠭᠤᠭᠠᠷᠠᠭᠤᠯᠤᠯᠲᠠ ᠎ᠶ᠋ᠢᠨ ᠦᠷ᠎ᠠ ᠪᠦᠳᠦᠮᠵᠢ ᠦᠯᠡᠮᠵᠢ


4736.74 ᠲᠦᠮᠡᠨ ᠮᠥ᠍᠄ ᠨᠡᠢᠲᠡ 4736.74 ᠲᠦᠮᠡᠨ ᠮᠥ᠍ ᠣᠢᠵᠢᠭᠤᠯᠵᠤ᠂ ᠵᠢᠯ ᠳᠤᠮᠳᠠᠴᠢ᠎ᠪᠠᠷ 3000 ᠲᠦᠮᠡᠨ ᠮᠥ᠍ ᠡᠪᠡᠰᠦ ᠳᠠᠷᠢᠵᠤ᠂ ᠴᠥᠮ ᠪᠥᠬᠦ᠌ ᠤᠯᠤᠰ᠎ᠲᠤ ᠲᠦᠷᠦᠬᠦᠯᠡᠪᠡ᠃

676 ᠲᠦᠮᠡᠨ ᠮᠦ᠍᠄ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠨᠣᠭᠤᠭᠠᠷᠠᠭᠤᠯᠤᠯᠲᠠ᠎ᠶ᠋ᠢ 676 ᠲᠦᠮᠡᠨ ᠮᠦ᠍ ᠪᠡᠶᠡᠯᠡᠭᠦᠯᠪᠡ᠃

2141᠄ ᠬᠥᠳᠡᠭᠡ ᠲᠣᠰᠭᠤᠨ᠎ᠢ ᠨᠣᠭᠤᠭᠠᠷᠠᠭᠤᠯᠵᠤ ᠭᠤᠶᠤᠵᠢᠭᠤᠯᠬᠤ ᠠᠵᠢᠯ᠎ᠢ ᠦᠷᠨᠢᠬᠦᠯᠵᠤ᠂ 2141 ᠵᠢᠱ᠌ᠢᠶ᠎ᠡ ᠦᠵᠡᠭᠦᠯᠬᠦ᠌ ᠲᠣᠰᠭᠤᠨ᠎ᠢ ᠪᠦᠳᠦᠭᠡᠨ ᠪᠠᠢᠭᠤᠯᠪᠠ᠃

100 ᠭᠠᠷᠤᠶ ᠲᠦᠮᠡᠨ ᠮᠥ᠍᠄ 《ᠢᠨᠲ᠋ᠧᠷ ᠰᠦᠯᠵᠢᠶ᠎ᠡ + ᠪᠥᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍᠂ ᠨᠡᠢᠳᠡ 2.57 ᠳ᠋ᠦᠩᠱᠢᠭᠤᠷ ᠰᠠᠭᠤᠷᠢ ᠠᠯᠪᠠᠨ ᠵᠢᠷᠤᠮ᠎ᠤᠨ ᠮᠤᠳᠤ ᠲᠠᠷᠢᠵᠤ᠂ 《ᠱᠢᠷᠭᠤᠯᠵᠢ᠎ᠶ᠋ᠢᠨ ᠣᠶ》 ᠎ᠪᠠᠷ 100 ᠭᠠᠷᠤᠶ ᠲᠦᠮᠡᠨ ᠮᠥ᠍ ᠣᠢᠵᠢᠭᠤᠯᠪᠠ᠃

23 %᠄ ᠴᠥᠬᠦᠷᠡᠰᠢ ᠥᠭᠡᠢ ᠴᠢᠷᠮᠠᠢᠯᠭ᠎ᠠ᠎ᠪᠠᠷ ᠲᠠᠮᠵᠢᠨ᠂ ᠪᠥᠬᠦ᠌ ᠣᠷᠣᠨ᠎ᠤ ᠤᠢ ᠱᠢᠭᠤᠢ᠎ᠶ᠋ᠢᠨ ᠪᠦᠷᠬᠦᠴᠡ 23 % ᠎ᠳᠤ ᠬᠦᠷᠴᠦ᠍᠂ 2012 ᠤᠨ᠎ᠤ᠎ᠬᠢ᠎ᠠᠴᠠ ᠵᠠᠭᠤᠨ᠎ᠤ ᠬᠠᠷᠢᠴᠠᠯ᠎ᠢᠶᠠᠷ 1.97 ᠬᠤᠪᠢ ᠳᠡᠭᠡᠭ᠌ᠰᠢᠯᠡᠵᠦ᠍᠂ ᠨᠡᠮᠡᠭ᠌ᠳᠡᠯ᠎ᠤᠨ ᠬᠤᠷᠳᠤᠴᠠ᠎ᠨᠢ ᠪᠥᠬᠦ᠌ ᠤᠯᠤᠰ᠎ᠤᠨ ᠠᠳᠠᠯᠢ ᠬᠤᠭᠤᠴᠠᠭᠠᠨ᠎ᠤ ᠳᠤᠮᠳᠠᠴᠢ ᠬᠢᠷᠢ ᠲᠦᠪᠱᠢᠨ᠎ᠠᠴᠠ ᠳᠠᠪᠠᠪᠠ᠃

45 %᠄ ᠨᠤᠲᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠤᠷᠭᠤᠮᠠᠯ᠎ᠤᠨ ᠪᠦᠷᠬᠦᠴᠡ 45 % ᠎ᠳᠤ ᠬᠦᠷᠴᠤ᠌᠂ 1990 ᠣᠨ᠎ᠠᠴᠠ ᠨᠠᠭᠠᠱᠢᠬᠢ ᠬᠠᠮᠤᠭ᠎ᠤᠨ ᠰᠠᠢᠨ ᠬᠢᠷᠢ ᠲᠦᠪᠱᠢᠨ᠎ᠳᠤ ᠬᠦᠷᠪᠡ᠃


QQ图片20210620114026.png


ᠱᠢᠯᠢ᠎ᠶ᠋ᠢᠨ ᠭᠤᠣᠯ ᠠᠢᠮᠠᠭ᠎ᠤᠨ ᠱᠢᠯᠤᠭᠤᠨ ᠬᠥᠬᠡ ᠬᠤᠱᠢᠭᠤᠨ᠎ᠤ ᠬᠤᠯᠠᠨ ᠱᠢᠷᠭ᠎ᠠ ᠳᠠᠭ᠎ᠠ᠎ᠶ᠋ᠢᠨ ᠡᠯᠡᠰᠦ


ᠬᠢᠯᠠᠰ ᠴᠡᠭ ᠭᠤᠷᠪᠠ

ᠡᠯᠡᠰᠦᠷᠭᠡᠭ᠌ᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠭ᠍ᠰᠠᠨ ᠥᠯᠢᠭᠡᠷ ᠵᠢᠱ᠌ᠢᠶ᠎ᠡ ᠪᠤᠯᠪᠠ

 

7197.5 ᠲᠦᠮᠡᠨ ᠮᠥ᠍᠄ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ 7197.5 ᠲᠦᠮᠡᠨ ᠮᠥ᠍ ᠵᠠᠰᠠᠵᠤ᠂ ᠪᠥᠬᠦ᠌ ᠤᠯᠤᠰ᠎ᠤᠨ ᠵᠠᠰᠠᠯᠳᠡ᠎ᠶ᠋ᠢᠨ ᠡᠭᠦᠷᠭᠡ᠎ᠶ᠋ᠢᠨ 40 % ᠎ᠠᠴᠠ ᠳᠡᠭᠡᠭ᠌ᠰᠢᠬᠢ᠎ᠶ᠋ᠢ ᠡᠵᠡᠯᠡᠨ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠪᠡ᠃

25 ᠳ᠋ᠤᠭᠠᠷ᠄ 《ᠤᠯᠠᠨ ᠤᠯᠤᠰ᠎ᠤᠨ ᠬᠤᠯᠪᠣᠭᠠᠲᠤ ᠪᠠᠢᠭᠤᠯᠤᠯᠭ᠎ᠠ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠨᠡᠢᠲᠡ᠎ᠶ᠋ᠢᠨ ᠭᠡᠷ᠎ᠡ》 ᠎ᠶ᠋ᠢᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠭᠡᠷᠡᠲᠦ ᠲᠠᠯ᠎ᠠ᠎ᠶ᠋ᠢᠨ ᠶᠡᠭᠡ ᠬᠤᠷᠠᠯ ᠮᠠᠨ᠎ᠤ ᠣᠷᠣᠨ᠎ᠳᠤ ᠠᠮᠵᠢᠯᠲᠠ᠎ᠲᠠᠢ ᠬᠤᠷᠠᠯᠳᠤᠵᠤ᠂ ᠬᠤᠷᠢᠨ ᠲᠠᠪᠤᠳᠠᠬᠢ ᠳᠡᠯᠡᠬᠡᠢ᠎ᠶ᠋ᠢᠨ ᠴᠦᠯᠯᠡᠷᠭᠡᠭ᠌ᠵᠢᠯ ᠪᠣᠯᠤᠨ ᠭᠠᠩ ᠬᠠᠭ᠍ᠰᠠᠷᠠᠭᠠᠨ᠎ᠢ ᠰᠡᠷᠭᠡᠢᠯᠡᠨ ᠵᠠᠰᠠᠬᠤ ᠡᠳᠦᠷ᠎ᠢ ᠳᠤᠷᠠᠰᠭᠠᠬᠤ ᠪᠦᠬᠦ᠌ ᠤᠯᠤᠰ᠎ᠤᠨ ᠶᠡᠭᠡ ᠬᠤᠷᠠᠯ ᠵᠢᠴᠢ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠢ ᠳᠠᠭᠠᠭᠠᠴᠢᠯᠠᠨ ᠡᠷᠬᠢᠯᠡᠵᠥ᠍᠂ ᠳᠡᠯᠡᠬᠡᠢ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠦᠢᠯᠡᠰ᠎ᠲᠤ 《ᠳᠤᠮᠳᠠᠳᠤ ᠤᠯᠤᠰ᠎ᠤᠨ ᠲᠥᠰᠦᠯ》 ᠎ᠢ ᠬᠠᠩᠭᠠᠪᠠ᠃


QQ图片20210620114032.png


ᠤᠯᠠᠭᠠᠨᠬᠠᠳᠠ ᠬᠤᠳᠠ᠎ᠶ᠋ᠢᠨ ᠬᠤᠩᠭᠤ᠎ᠶ᠋ᠢᠨ ᠳᠠᠪᠠᠭ᠎ᠠ᠎ᠶ᠋ᠢᠨ ᠤᠯᠤᠰ᠎ᠤᠨ ᠤᠢ ᠱᠢᠭᠤᠢ  ᠴᠡᠴᠡᠷᠯᠢᠭ


ᠭᠢᠯᠠᠰ ᠴᠡᠭ ᠲᠦᠷᠪᠡ

ᠣᠶ ᠱᠢᠭᠤᠶ ᠨᠤᠳᠤᠭ ᠪᠡᠯᠴᠢᠭᠡᠷ᠎ᠤᠨ ᠥᠭᠡᠷᠡᠴᠢᠯᠡᠯᠲᠡ᠎ᠶ᠋ᠢᠨ ᠬᠠᠷᠰᠢ ᠰᠠᠭᠠᠳ᠎ᠢ ᠱᠢᠪᠲᠤᠯᠪᠠ


ᠨᠢᠭᠡᠳᠦᠭᠡᠷ᠄ ᠤᠯᠤᠰ᠎ᠤᠨ ᠦᠮᠴᠢᠯᠡᠯᠳᠤ ᠱᠢᠭᠤᠢᠲᠤ ᠣᠷᠣᠨ᠎ᠤ ᠥᠭᠡᠷᠡᠴᠢᠯᠡᠯᠲᠡ᠎ᠶ᠋ᠢᠨ ᠶᠡᠷᠦᠩᠬᠡᠶ ᠬᠠᠷᠠᠯᠲᠠ᠎ᠶ᠋ᠢ ᠪᠦᠬᠦᠨ᠎ᠢ ᠪᠡᠶᠡᠯᠡᠭᠦᠯᠵᠦ᠍᠂ ᠤᠯᠤᠰ᠎ᠤᠨ ᠱᠢᠯᠭᠠᠨ ᠪᠠᠢᠴᠠᠭᠠᠯᠳᠡ᠎ᠳᠤ ᠣᠯᠤᠭ᠍ᠰᠠᠨ ᠬᠤᠪᠢ᠎ᠨᠢ ᠭᠤᠷᠪᠠᠨ ᠮᠤᠵᠢ ᠣᠷᠣᠨ᠎ᠤ ᠨᠢᠭᠡᠳᠤᠭᠡᠷ᠎ᠲᠤ ᠤᠷᠤᠪᠠ᠃

ᠱᠢᠯᠢᠳᠡᠭ᠄ ᠤᠯᠤᠰ᠎ᠤᠨ ᠥᠮᠴᠢᠯᠡᠯᠲᠦ ᠣᠶ ᠱᠢᠭᠤᠶ᠎ᠶ᠋ᠢᠨ ᠲᠠᠯᠠᠪᠠᠶ᠎ᠶ᠋ᠢᠨ ᠥᠭᠡᠷᠡᠴᠢᠯᠡᠯᠲᠡ ᠤᠯᠤᠰ᠎ᠤᠨ ᠱᠢᠯᠭᠠᠨ ᠪᠠᠢᠴᠠᠭᠠᠯᠳᠡ᠎ᠶ᠋ᠢ ᠤᠷᠤᠭ᠍ᠰᠢᠲᠠᠶ ᠥᠩᠭᠡᠷᠡᠭᠦᠯᠦᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ᠎ᠶ᠋ᠢᠨ ᠱᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠤᠭ᠍ᠳᠠᠪᠠ᠃

ᠲᠦᠷᠦᠬᠦᠦ᠄ ᠨᠤᠲᠤᠭ ᠪᠡᠯᠴᠢᠭᠡᠷ᠎ᠤᠨ ᠥᠭᠡᠷᠡᠴᠢᠯᠡᠯᠲᠡ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠶᠠᠪᠤᠭ᠍ᠳᠠᠵᠤ᠂ ᠪᠦᠬᠦ᠌ ᠤᠯᠤᠰ᠎ᠲᠤ ᠦᠨᠳᠦᠰᠦᠨ ᠨᠤᠲᠤᠭ ᠪᠡᠯᠴᠢᠭᠡᠷ᠎ᠢ ᠬᠤᠪᠢᠶᠠᠷᠢᠯᠠᠨ ᠲᠣᠭ᠍ᠲᠠᠭᠠᠬᠤ ᠪᠠ ᠨᠤᠲᠤᠭ ᠪᠡᠯᠴᠢᠭᠡᠷ᠎ᠤᠨ ᠡᠷᠬᠡ᠎ᠶ᠋ᠢ ᠨᠤᠲᠠᠯᠠᠨ ᠲᠣᠭ᠍ᠲᠠᠭᠠᠵᠤ ᠳᠠᠩᠰᠠᠯᠠᠬᠤ ᠠᠵᠢᠯ᠎ᠢ ᠲᠦᠷᠦᠬᠦᠯᠡᠨ ᠪᠡᠶᠡᠯᠡᠭᠦᠯᠪᠡ᠃

ᠪᠦᠬᠦᠨ᠎ᠢ ᠬᠠᠮᠤᠷᠬᠤ᠄ ᠣᠶ ᠱᠢᠭᠤᠶ᠎ᠶ᠋ᠢᠨ ᠳᠠᠭᠠᠳᠭᠠᠯ᠎ᠤᠨ ᠬᠡᠪᠴᠢᠶ᠎ᠡ᠎ᠶ᠋ᠢ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠣᠶ ᠪᠣᠯᠤᠨ ᠤᠯᠤᠰ᠎ᠤᠨ ᠥᠮᠴᠢᠯᠡᠯᠲᠦ ᠭᠤᠤᠯᠳᠠᠯᠭ᠎ᠠ᠎ᠲᠠᠢ ᠱᠢᠭᠤᠢᠲᠤ ᠣᠷᠣᠨ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃ ᠪᠦᠬᠦ᠌ ᠤᠯᠤᠰ᠎ᠲᠤ ᠪᠠᠢᠭᠠᠯᠢ᠎ᠶ᠋ᠢᠨ ᠨᠤᠲᠤᠭ ᠪᠡᠯᠴᠢᠭᠡᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠳᠠᠭᠠᠳᠭᠠᠯ᠎ᠤᠨ ᠲᠤᠷᠱᠢᠯᠲᠠ᠎ᠶ᠋ᠢ ᠲᠦᠷᠦᠬᠦᠯᠡᠨ ᠦᠷᠨᠢᠬᠦᠯᠪᠡ᠃


QQ图片20210620114037.png


ᠣᠷᠳᠤᠰ ᠬᠤᠳᠠ᠎ᠶ᠋ᠢᠨ ᠠᠮᠢ ᠠᠬᠤᠢ᠎ᠶ᠋ᠢ ᠵᠠᠰᠠᠬᠤ ᠬᠠᠮ ᠳᠠᠢᠯᠠᠯᠳᠤᠭᠠᠨ


ᠬᠢᠯᠠᠰ ᠴᠡᠭ ᠲᠠᠪᠤ

ᠵᠠᠰᠠᠯᠲᠠ᠎ᠶ᠋ᠢᠨ ᠦᠷ᠎ᠡ ᠪᠦᠲᠦᠮᠵᠢ ᠶᠡᠭᠡ᠎ᠪᠠᠷ ᠳᠡᠭᠡᠭ᠌ᠰᠢᠯᠡᠪᠡ

 

474 ᠲᠦᠮᠡᠨ ᠪᠣᠰᠤᠭ᠎ᠠ ᠳᠥᠷᠪᠡᠯᠵᠢᠨ ᠮᠧᠲᠷ᠄ ᠪᠠᠢᠭᠠᠯᠢ᠎ᠶ᠋ᠢᠨ ᠣᠶ᠎ᠶ᠋ᠢ ᠬᠤᠳᠠᠯᠳᠤᠭᠠᠨ᠎ᠤ ᠴᠢᠨᠠᠷᠲᠠᠶ᠎ᠪᠠᠷ ᠣᠭ᠍ᠲᠣᠯᠬᠤ᠎ᠶ᠋ᠢ ᠵᠣᠭ᠍ᠰᠣᠭᠠᠭ᠍ᠰᠠᠨ ᠦᠷ᠎ᠡ ᠪᠦᠲᠦᠭᠡᠯ᠎ᠢ ᠪᠠᠬᠢᠵᠢᠭᠦᠯᠵᠦ᠍᠂ ᠵᠢᠯ ᠳᠤᠮᠳᠠᠴᠢ᠎ᠪᠠᠷ ᠤᠢ ᠮᠤᠳᠤ ᠤᠭ᠍ᠳᠤᠯᠬᠤ ᠬᠡᠮᠵᠢᠶ᠎ᠠ᠎ᠶ᠋ᠢ 474 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠭᠠᠪᠠ᠃

ᠡᠷᠭᠢᠵᠦ᠍ ᠬᠠᠷᠠᠬᠤ᠄ ᠲᠥᠪ᠎ᠤᠨ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ ᠵᠢᠴᠢ ᠡᠷᠭᠢᠵᠦ᠍ ᠬᠠᠷᠠᠬᠤ᠂ ᠨᠤᠲᠤᠭ ᠪᠡᠯᠴᠢᠭᠡᠷ᠎ᠤᠨ ᠲᠤᠰᠭᠠᠶ ᠱᠠᠯᠠᠪᠳᠠᠭᠤᠯᠤᠨ ᠪᠠᠢᠴᠠᠭᠠᠯᠲᠠ᠎ᠶ᠋ᠢᠨ ᠠᠰᠠᠭᠤᠳᠠᠯ᠎ᠢ ᠴᠡᠭ᠌ᠴᠡᠯᠡᠨ ᠦᠭᠡᠷᠡᠴᠢᠯᠡᠬᠦ᠌ ᠠᠵᠢᠯ᠎ᠢ ᠪᠦᠬᠦᠨ᠎ᠢ ᠲᠠᠭᠤᠰᠭᠠᠪᠠ᠃

29 ᠭᠠᠵᠠᠷ᠄ ᠬᠥᠯᠥᠨ ᠪᠤᠢᠷ᠂ ᠠᠯᠠᠱᠠ ᠠᠭᠤᠯᠠ᠎ᠶ᠋ᠢᠨ ᠤᠯᠤᠰ᠎ᠤᠨ ᠴᠡᠴᠡᠷᠯᠢᠭ᠎ᠢ ᠭᠤᠶᠤᠴᠢᠯᠠᠨ ᠮᠡᠳᠡᠭᠦᠯᠬᠦ᠌ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ 29 ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ ᠱᠢᠯᠭᠠᠨ ᠠᠪᠬᠤ᠎ᠶ᠋ᠢ ᠪᠡᠶᠡᠯᠡᠬᠦᠯᠵᠤ᠂ 10 ᠥᠪᠡᠷᠲᠡᠭᠡᠨ ᠵᠠᠰᠠᠬᠤ ᠣᠷᠣᠨ᠎ᠤ ᠨᠤᠭᠤ ᠭᠠᠵᠠᠷ᠎ᠤᠨ ᠴᠡᠴᠡᠷᠯᠢᠭ ᠪᠠᠢᠭᠤᠯᠵᠤ᠂ 16 ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ᠎ᠢ ᠨᠡᠢᠲᠡᠯᠡᠪᠡ᠃ 14 ᠲᠠᠯ᠎ᠠ ᠨᠤᠲᠤᠭ᠎ᠤᠨ ᠪᠠᠢᠭᠠᠯᠢ᠎ᠶ᠋ᠢᠨ ᠴᠡᠴᠡᠷᠯᠢᠭ᠎ᠢ ᠲᠦᠷᠦᠭᠦᠦ ᠪᠦᠯᠦᠭ᠎ᠤᠨ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠲᠤ ᠣᠷᠣᠭᠤᠯᠪᠠ᠃


QQ图片20210620115308.png


ᠬᠢᠩᠭᠠᠨ ᠠᠢᠮᠠᠭ᠎ᠤᠨ ᠪᠠᠢ ᠯᠠᠩ ᠤᠢ ᠱᠢᠭᠤᠢ᠎ᠶ᠋ᠢᠨ ᠲᠤᠪᠴᠢᠶ᠎ᠠ᠎ᠶ᠋ᠢᠨ ᠠᠵᠢᠯᠲᠠᠨ


ᠭᠢᠯᠠᠰ ᠴᠡᠭ ᠵᠢᠷᠭᠤᠭ᠎ᠠ

ᠠᠮᠢ ᠠᠬᠤᠶ᠎ᠪᠠᠷ ᠶᠠᠳᠠᠭᠤ᠎ᠶ᠋ᠢ ᠲᠡᠳᠬᠦᠭᠡᠳ ᠠᠷᠠᠳ᠎ᠲᠤ ᠠᠱᠢᠭ ᠬᠦᠷᠲᠡᠭᠡᠪᠡ

 

75.5 ᠳ᠋ᠦᠩᠱᠢᠭᠤᠷ ᠲᠥᠭᠦᠷᠢᠭ᠄ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠳᠤ ᠤᠯᠤᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠣᠶ ᠱᠢᠭᠤᠶ᠎ᠶ᠋ᠢᠨ ᠨᠥᠬᠦᠪᠥᠷᠢ ᠪᠠᠯᠠ ᠮᠥᠩᠭᠦ᠎ᠶ᠋ᠢ ᠨᠡᠢᠲᠡ 75.5 ᠳ᠋ᠦᠩᠱᠢᠭᠤᠷ ᠲᠥᠭᠦᠷᠢᠭ ᠪᠠᠭᠤᠯᠭᠠᠵᠤ᠂ 24.6 ᠲᠦᠮᠡᠨ ᠶᠠᠳᠠᠭᠤ ᠬᠦᠴᠢᠷᠳᠡᠯᠳᠡᠢ ᠬᠥᠮᠦᠨ ᠠᠮᠠ᠎ᠳᠤ ᠠᠱᠢᠬ ᠬᠦᠷᠳᠡᠭᠡᠪᠡ᠃

4.83 ᠲᠦᠮᠡᠨ ᠬᠥᠮᠦᠨ᠄ 1.73 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠠᠮᠢ ᠠᠬᠤᠶ᠎ᠶ᠋ᠢᠨ ᠣᠶ ᠬᠠᠮᠠᠭᠠᠯᠠᠭ᠍ᠴᠢ᠎ᠪᠠᠷ ᠰᠣᠩᠭᠤᠨ ᠤᠷᠢᠵᠤ᠂ 4 .83 ᠲᠦᠮᠡᠨ ᠬᠥᠮᠦᠨ᠎ᠢ ᠳᠠᠢᠴᠢᠯᠠᠨ ᠶᠠᠳᠠᠭᠤ᠎ᠠᠴᠠ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠲᠣᠭ᠍ᠲᠠᠭᠠᠭ᠍ᠰᠠᠨ ᠬᠠᠷᠠᠯᠲᠠᠲᠤ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠪᠡ᠃

2075 ᠲᠦᠮᠡᠨ ᠮᠥ᠍᠄ 70 % ᠎ᠠᠴᠠ ᠳᠡᠭᠡᠭ᠌ᠰᠢᠬᠢ ᠣᠶ ᠱᠢᠭᠤᠶ᠎ᠶ᠋ᠢᠨ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶᠯ᠎ᠢ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠳᠣᠭᠢᠷᠠᠭᠤᠯᠵᠤ᠂ 2018 — 2020 ᠣᠨ᠎ᠳᠤ ᠶᠠᠳᠠᠭᠤ ᠬᠦᠴᠢᠷᠳᠡᠯᠳᠡᠢ ᠭᠠᠵᠠᠷ ᠤᠷᠤᠨ ᠨᠡᠢᠲᠡ 2075 ᠲᠦᠮᠡᠨ ᠮᠥ᠍ ᠣᠶ ᠱᠢᠭᠤᠶ᠎ᠶ᠋ᠢᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠪᠠ᠃

1.5 ᠲᠦᠮᠡᠨ ᠬᠥᠮᠦᠨ᠄ ᠣᠨᠴᠠᠯᠢᠭ᠍ᠲᠤ ᠠᠵᠤ ᠠᠬᠤᠢ᠎ᠶ᠋ᠢᠨ ᠣᠢ᠂ ᠤᠢ ᠲᠤᠳᠤᠷᠠᠬᠢ ᠠᠵᠤ ᠠᠬᠤᠢ ᠪᠠ ᠬᠦᠷᠢᠶ᠎ᠡ ᠬᠠᠱᠢᠶᠠᠨ᠎ᠤ ᠵᠢᠮᠢᠰ᠎ᠤᠨ ᠮᠣᠳᠣᠨ᠎ᠤ ᠠᠵᠤ ᠠᠬᠤᠢ ᠵᠡᠷᠭᠡ ᠣᠨᠴᠠᠯᠢᠭ᠍ᠲᠤ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ 1.5 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠳᠤ ᠠᠱᠢᠭ ᠬᠦᠷᠳᠡᠭᠡᠪᠡ᠃


QQ图片20210620114109.png


ᠤᠯᠠᠭᠠᠨᠬᠠᠳᠠ ᠬᠤᠳᠠ᠎ᠶ᠋ᠢᠨ ᠨᠢᠩᠴᠧᠩ ᠱᠢᠶᠠᠨ᠎ᠤ ᠠᠯᠮᠤᠷᠠᠳ ᠡᠯᠪᠡᠭ ᠬᠤᠷᠢᠶᠠᠯᠲᠠ ᠤᠯᠤᠯ᠎ᠠ


ᠭᠢᠯᠠᠰ ᠴᠡᠭ ᠳᠤᠯᠤᠭ᠎ᠠ

ᠭᠠᠮᠱᠢᠭ᠎ᠢ ᠰᠡᠷᠭᠡᠢᠯᠡᠨ ᠡᠵᠡᠮᠳᠡᠬᠦ᠌ ᠠᠵᠢᠯ ᠦᠷᠭᠦᠯᠵᠢᠯᠡᠨ ᠪᠠᠬᠢᠵᠢᠪᠡ


0. 227 ‰᠄ ᠣᠶ ᠱᠢᠭᠤᠶ ᠨᠤᠲᠤᠭ ᠪᠡᠯᠴᠢᠭᠡᠷ᠎ᠤᠨ ᠲᠦᠢᠮᠡᠷ᠎ᠤᠨ ᠠᠶᠤᠯ᠎ᠢ ᠰᠡᠷᠭᠡᠢᠯᠡᠬᠦ᠂ ᠤᠨᠲᠠᠷᠠᠭᠠᠬᠤ᠂ ᠪᠠᠲᠤᠯᠠᠬᠤ ᠴᠢᠳᠠᠪᠤᠷᠢ ᠢᠯᠡᠷᠬᠡᠢ ᠲᠡᠭᠡᠭ᠌ᠰᠢᠯᠡᠵᠤ᠂ ᠣᠶ ᠱᠢᠭᠤᠶ᠎ᠶ᠋ᠢᠨ ᠲᠦᠢᠮᠡᠷ᠎ᠲᠤ ᠭᠠᠮᠱᠢᠬ᠍ᠳᠠᠭ᠍ᠰᠠᠨ ᠨᠤᠷᠮ᠎ᠠ 0.227 ‰᠂ ᠨᠤᠲᠤᠭ ᠪᠡᠯᠴᠢᠭᠡᠷ᠎ᠤᠨ ᠲᠦᠢᠮᠡᠷ᠎ᠲᠤ ᠭᠠᠮᠱᠢᠬ᠍ᠳᠠᠭ᠍ᠰᠠᠨ ᠨᠤᠷᠮ᠎ᠠ 0 .25 ‰ ᠎ᠳᠤ ᠬᠦᠷᠴᠤ᠌᠂ ᠤᠯᠤᠰ᠎ᠤᠨ ᠬᠢᠵᠠᠭᠠᠷᠯᠠᠭ᠍ᠰᠠᠨ ᠭᠦᠢᠴᠡᠳᠭᠡᠯ ᠲᠤᠭ᠎ᠠ᠎ᠠᠴᠠ ᠬᠤᠯᠠ ᠳᠣᠣᠷ᠎ᠠ ᠪᠤᠯᠪᠠ᠃

0 .23 ‰᠄ ᠣᠢ ᠱᠢᠭᠤᠶ᠎ᠶ᠋ᠢᠨ ᠬᠥᠨᠥᠭᠡᠯᠲᠦ ᠠᠮᠢᠳᠤ ᠪᠣᠳᠠᠰ᠎ᠤᠨ ᠭᠠᠮᠱᠢᠬ᠎ᠤᠨ ᠨᠣᠷᠮ᠎ᠠ᠎ᠶ᠋ᠢ 0.23 ‰ ᠪᠣᠯᠲᠠᠯ᠎ᠠ ᠪᠠᠭᠤᠷᠠᠭᠤᠯᠵᠤ᠂ ᠤᠯᠤᠰ᠎ᠤᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ 4 ‰ ᠎ᠠᠴᠠ ᠬᠤᠯᠠ ᠳᠣᠣᠷ᠎ᠠ ᠪᠤᠯᠪᠠ᠃ ᠨᠤᠲᠤᠭ ᠪᠡᠯᠴᠢᠭᠡᠷ᠎ᠤᠨ ᠬᠤᠯᠤᠭᠠᠨ᠎ᠠ ᠬᠤᠷᠣᠬᠠᠶ᠎ᠶ᠋ᠢᠨ ᠭᠠᠮᠱᠢᠭ᠎ᠢ 2.44 ᠳ᠋ᠦᠩᠱᠢᠭᠤᠷ ᠮᠥ᠍ ᠰᠡᠷᠭᠡᠢᠯᠡᠨ ᠡᠵᠡᠮᠳᠡᠵᠦ᠍᠂ ᠳᠤᠮᠳᠠᠴᠢ ᠰᠡᠷᠭᠡᠢᠯᠡᠨ ᠵᠠᠰᠠᠭ᠍ᠰᠠᠨ ᠦᠷ᠎ᠡ ᠪᠦᠲᠦᠮᠵᠢ 90 % ᠎ᠠᠴᠠ ᠳᠡᠭᠡᠭ᠌ᠰᠢ᠎ᠳᠤ ᠬᠥᠷᠪᠡ᠃


QQ图片20210620114117.png


ᠬᠦᠯᠦᠨ ᠪᠤᠢᠷ᠎ᠤᠨ ᠲᠠᠯ᠎ᠠ ᠨᠤᠲᠤᠭ


QQ图片20210620114124.png


ᠶᠡᠭᠡ ᠬᠢᠩᠭᠠᠨ ᠳᠠᠪᠠᠭ᠎ᠠ᠎ᠶ᠋ᠢᠨ ᠬᠤᠢᠳᠤ ᠬᠡᠰᠡᠭ᠎ᠤᠨ  ᠪᠠᠯᠠᠷ ᠤᠢ


ᠬᠤᠯᠪᠤᠭᠠᠰᠤ

ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠳᠤ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠬᠦᠯᠦᠨ᠎ᠠ

ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠭᠠᠨ ᠪᠥᠲᠥᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠴᠣᠭ᠍ᠴᠠᠯᠠᠬᠤ ᠪᠣᠯ ᠮᠠᠨ᠎ᠤ ᠤᠷᠤᠨ᠎ᠤ ᠡᠷᠬᠡᠪᠰᠢ ᠡᠭᠦᠷᠭᠡᠯᠡᠬᠦ᠌ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ ᠪᠠ ᠡᠭᠦᠷᠭᠡ ᠮᠥᠨ᠃ ᠡᠨᠡ ᠬᠦ᠌ ᠡᠭᠦᠷᠭᠡ ᠬᠠᠷᠢᠭᠤᠴᠠᠯᠭ᠎ᠠ᠎ᠶ᠋ᠢᠨ ᠲᠣᠭᠤᠷᠢᠨ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠷᠤᠨ᠎ᠤ ᠣᠶ ᠱᠢᠭᠤᠶ ᠨᠤᠳᠤᠭ ᠪᠡᠯᠴᠢᠭᠡᠷ᠎ᠤᠨ ᠬᠥᠭ᠌ᠵᠢᠯᠲᠡ᠎ᠶ᠋ᠢᠨ ᠰᠡᠳᠭᠢᠴᠡ ᠲᠤᠳᠤ᠂ ᠬᠠᠷᠠᠯᠲᠠ ᠲᠤᠳᠤᠷᠬᠠᠢ ᠪᠣᠯᠪᠠ᠃

ᠰᠡᠳᠭᠢᠴᠡ᠄ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ᠎ᠪᠠᠷ ᠵᠠᠰᠠᠬᠤ ᠣᠢᠯᠠᠭᠠᠭ᠍ᠳᠠᠬᠤᠨ᠎ᠢ ᠪᠠᠲᠤ ᠴᠤᠭ᠍ᠴᠠᠯᠠᠵᠤ᠂ ᠣᠶ ᠱᠢᠭᠤᠶ ᠨᠤᠲᠤᠭ ᠪᠡᠯᠴᠢᠭᠡᠷ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠠᠬᠢᠭᠤᠯᠵᠤ᠂ ᠭᠤᠤᠯᠳᠠᠯᠭ᠎ᠠ᠎ᠲᠠᠢ ᠣᠷᠣᠨ ᠪᠦᠰᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠦᠴᠦ᠎ᠪᠠᠨ ᠬᠠᠮᠲᠤᠳᠭᠠᠨ ᠪᠣᠭᠤᠮᠲᠠ ᠱᠢᠪᠲᠤᠯᠵᠤ᠂ ᠣᠶ ᠱᠢᠭᠤᠶ ᠨᠤᠲᠤᠭ ᠪᠡᠯᠴᠢᠭᠡᠷ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠨ᠎ᠠ᠃

ᠬᠠᠷᠠᠯᠲᠠ᠄ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠤ ᠡᠴᠤᠰ ᠪᠣᠯᠬᠤ᠎ᠳᠤ᠂ ᠪᠥᠬᠦ᠌ ᠣᠷᠣᠨ᠎ᠤ ᠣᠶ ᠱᠢᠭᠤᠶ᠎ᠶ᠋ᠢᠨ ᠪᠦᠷᠬᠦᠴᠡ᠎ᠶ᠋ᠢ 23. 5 % ᠎ᠳᠤ ᠬᠦᠷᠭᠡᠵᠦ᠍᠂ ᠨᠤᠲᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠤᠷᠭᠤᠮᠠᠯ᠎ᠤᠨ ᠪᠦᠷᠬᠦᠴᠡ᠎ᠶ᠋ᠢ 45 % ᠎ᠳᠤ ᠲᠣᠭ᠍ᠲᠠᠪᠤᠷᠢᠵᠢᠭᠤᠯᠵᠤ᠂ ᠨᠤᠭᠤ ᠭᠠᠵᠠᠷ᠎ᠤᠨ ᠬᠠᠮᠠᠭᠠᠯᠠᠯᠲᠠ᠎ᠶ᠋ᠢᠨ ᠨᠣᠷᠮ᠎ᠠ᠎ᠶ᠋ᠢ 38 % ᠎ᠳᠤ ᠬᠦᠷᠭᠡᠵᠦ᠍᠂ ᠥᠪᠡᠷᠲᠡᠭᠡᠨ ᠵᠠᠰᠠᠬᠤ ᠣᠷᠣᠨ᠎ᠠᠴᠠ ᠲᠣᠭ᠍ᠲᠠᠭᠠᠭ᠍ᠰᠠᠨ 《ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠬᠦᠯᠬᠦ᠌》 ᠬᠠᠷᠠᠯᠲᠠ᠎ᠶ᠋ᠢ ᠪᠡᠶᠡᠯᠡᠭᠦᠯᠬᠦ᠌᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ᠃

ᠪᠠᠢᠷᠢᠱᠢᠭᠤᠯᠤᠯᠲᠠ᠄ 《ᠨᠢᠭᠡ ᠱᠤᠭᠤᠮ ᠨᠢᠭᠡ ᠲᠣᠭᠤᠷᠢᠭ ᠬᠤᠶᠠᠷ ᠪᠦᠰᠡ》᠃ ᠨᠢᠭᠡ ᠱᠤᠭᠤᠮ ᠪᠣᠯ ᠳᠠᠷᠤᠢ ᠶᠡᠭᠡ ᠬᠢᠩᠭᠠᠨ ᠳᠠᠪᠠᠭ᠎ᠠ᠂ ᠮᠤᠨᠢ ᠠᠭᠤᠯᠠ᠂ ᠠᠯᠠᠱᠠ ᠠᠭᠤᠯᠠ᠎ᠪᠠᠷ ᠭᠤᠣᠯ ᠴᠣᠭ᠍ᠴᠠ ᠪᠣᠯᠭᠠᠭ᠍ᠰᠠᠨ ᠥᠪᠥᠷ ᠮᠣᠩᠭᠤᠯ᠎ᠤᠨ ᠠᠭᠤᠯᠠᠷᠬᠠᠭ ᠭᠠᠵᠠᠷ ᠪᠣᠯᠤᠨ᠎ᠠ᠂ ᠲᠡᠷᠡ᠎ᠨᠢ ᠵᠡᠭᠦᠨ᠎ᠠᠴᠠ ᠪᠠᠷᠠᠭᠤᠨᠰᠢ ᠪᠦᠬᠦ᠌ ᠬᠢᠯᠢ᠎ᠶ᠋ᠢ ᠰᠤᠨᠳᠠᠯᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠨᠢᠷᠤᠭᠤ ᠲᠤᠯᠭᠠᠭᠤᠷᠢ ᠪᠤᠯᠤᠨ᠎ᠠ᠃ ᠨᠢᠭᠡ ᠲᠤᠭᠤᠷᠢᠭ ᠬᠤᠶᠠᠷ ᠪᠦᠰᠡ ᠭᠡᠳᠡᠭ᠎ᠨᠢ ᠳᠠᠷᠤᠶ ᠡᠨᠡ ᠬᠦ᠌ ᠭᠤᠣᠯ ᠱᠤᠭᠤᠮ᠎ᠤᠨ ᠡᠷᠭᠢᠨ ᠲᠣᠭᠤᠷᠢᠨ᠎ᠳᠤ᠂ ᠤᠯᠤᠰ᠎ᠤᠨ 《ᠭᠤᠷᠪᠠᠨ ᠣᠷᠣᠨ ᠳᠥᠷᠪᠡᠨ ᠪᠦᠰᠡ》 ᠎ᠲᠠᠢ ᠵᠣᠬᠢᠴᠠᠯᠳᠤᠭᠤᠯᠤᠨ᠂ ᠬᠠᠲᠤᠨ ᠭᠤᠣᠯ᠎ᠤᠨ ᠭᠤᠣᠯᠳᠠᠯᠭ᠎ᠠ᠎ᠲᠠᠢ ᠠᠮᠢ ᠠᠬᠤᠶ᠎ᠶ᠋ᠢᠨ ᠣᠷᠣᠨ ᠪᠠ ᠵᠡᠭᠦᠨ ᠬᠤᠢᠲᠤ᠎ᠶ᠋ᠢᠨ ᠣᠶ ᠱᠢᠭᠤᠶ᠎ᠶ᠋ᠢᠨ ᠪᠦᠰᠡ᠂ ᠤᠮᠠᠷᠠᠲᠤ᠎ᠶ᠋ᠢᠨ ᠡᠯᠡᠰᠦᠷᠭᠡᠭ᠌ᠵᠢᠯ᠎ᠢ ᠰᠡᠷᠭᠡᠢᠯᠡᠬᠦ᠌ ᠪᠦᠰᠡ ᠵᠡᠷᠭᠡ ᠭᠤᠷᠪᠠᠨ ᠲᠣᠮᠣ ᠣᠷᠣᠨ ᠪᠦᠰᠡ ᠪᠠ ᠡᠳᠦᠶ ᠲᠡᠳᠦᠶ ᠵᠢᠵᠢᠭ ᠲᠣᠭᠤᠷᠢᠭ᠎ᠢ ᠬᠤᠪᠢᠶᠠᠷᠢᠯᠠᠵᠤ᠂ ᠮᠠᠨ᠎ᠤ ᠣᠷᠣᠨ᠎ᠤ ᠴᠢᠬᠤᠯᠠ ᠣᠶ ᠱᠢᠭᠤᠶ᠂ ᠨᠤᠲᠤᠭ ᠪᠡᠯᠴᠢᠭᠡᠷ᠂ ᠴᠦᠯᠯᠡᠷᠭᠡᠭ ᠭᠠᠵᠠᠷ᠂ ᠨᠤᠭᠤ ᠭᠠᠵᠠᠷ᠂ ᠲᠠᠷᠢᠶᠠᠨ ᠭᠠᠵᠠᠷ᠂ ᠬᠤᠲᠠ᠎ᠶ᠋ᠢᠨ ᠠᠮᠢ ᠠᠬᠤᠶ᠎ᠶ᠋ᠢᠨ ᠱᠢᠰᠲ᠋ᠧᠮ᠎ᠢ ᠬᠠᠮᠤᠷᠴᠤ᠌᠂ ᠱᠢᠰᠲ᠋ᠧᠮᠳᠤ ᠴᠢᠨᠠᠷᠲᠠᠶ ᠵᠠᠰᠠᠯᠲᠠ᠎ᠶ᠋ᠢ ᠨᠢᠭᠡᠳᠦᠯᠲᠡᠶ ᠲᠦᠯᠦᠪᠵᠢᠬᠦᠯᠦᠨ ᠦᠷᠨᠢᠬᠦᠯᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号