ᠤᠢ᠍ᠢᠷ᠎ᠠ᠎ᠳᠤ᠂ 《ᠴᠢᠪ ᠬᠡᠮᠡᠨ ᠵᠠᠭᠤᠨ ᠤᠨ᠎ᠤ ᠴᠤᠭ ᠪᠢᠯᠢᠭ》 ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠤᠷᠠᠨ ᠵᠢᠷᠤᠭ᠎ᠤᠨ ᠪᠦᠳᠦᠭᠡᠯ᠎ᠤᠨ ᠤᠷᠢᠯᠭ᠎ᠠ᠎ᠶ᠋ᠢᠨ ᠦᠵᠡᠰᠭᠦᠯᠡᠩ ᠪᠤᠭᠤᠲᠤ᠎ᠶ᠋ᠢᠨ ᠤᠷᠠᠨ ᠵᠢᠷᠤᠭ᠎ᠤᠨ ᠤᠷᠳᠤᠨ᠎ᠳᠤ ᠲᠡᠯᠭᠡᠭ᠌ᠳᠡᠵᠦ᠍᠂ ᠪᠤᠭᠤᠲᠤ ᠬᠤᠳᠠ᠎ᠶ᠋ᠢᠨ ᠠᠬᠠᠮᠠᠳ ᠢᠳᠡᠷ ᠵᠠᠯᠠᠭᠤ ᠭᠤᠷᠪᠠᠨ ᠦᠶ᠎ᠠ᠎ᠶ᠋ᠢᠨ ᠤᠷᠠᠨ ᠵᠢᠷᠤᠬ᠍ᠴᠢᠨᠤ 100 ᠬᠤᠪᠢ ᠲᠦᠯᠦᠭᠡᠯᠡᠬᠦ᠌ ᠪᠦᠳᠦᠭᠡᠯ᠎ᠢ ᠲᠡᠯᠭᠡᠨ ᠦᠵᠡᠬᠦᠯᠵᠦ᠍᠂ ᠠᠭᠤᠤ ᠨᠠᠮ᠎ᠤᠨ᠎ᠢᠶᠠᠨ ᠵᠠᠭᠤᠨ ᠵᠢᠯ᠎ᠤᠨ ᠤᠢ᠎ᠶ᠋ᠢᠨ ᠪᠠᠶᠠᠷᠲᠤ ᠪᠡᠯᠡᠭ ᠡᠷᠬᠦᠭ᠌ᠰᠡᠨ ᠪᠠᠢᠨ᠎ᠠ᠃
ᠲᠤᠰ ᠤᠳᠠᠭ᠎ᠠ᠎ᠶ᠋ᠢᠨ ᠦᠵᠡᠰᠭᠦᠯᠡᠩ᠎ᠨᠢ ᠬᠢᠳᠠᠳ ᠵᠢᠷᠤᠭ᠂ ᠲᠤᠰ᠎ᠤᠨ ᠪᠤᠳᠤᠭ᠎ᠤᠨ ᠵᠢᠷᠤᠭ᠂ ᠱᠤᠭᠤᠮᠠᠯ᠎ᠤᠨ ᠪᠦᠳᠦᠭᠡᠯ᠎ᠢᠶᠠᠷ ᠪᠦᠷᠢᠯᠳᠤᠵᠦ᠍᠂ ᠨᠡᠢᠳᠡ 69 ᠤᠷᠠᠨ ᠵᠢᠷᠤᠬ᠍ᠴᠢᠨᠤ ᠪᠦᠳᠦᠭᠡᠯ᠎ᠢ ᠲᠡᠯᠭᠡᠨ ᠦᠵᠡᠬᠦᠯᠵᠠᠢ᠃ ᠡᠳᠡᠭᠡᠷ ᠪᠦᠳᠦᠭᠡᠯ᠎ᠤᠳ᠎ᠨᠢ ᠭᠤᠤᠯ ᠰᠡᠳᠤᠪ᠎ᠨᠢ ᠲᠤᠳᠤ᠂ ᠤᠷᠠᠯᠢᠭ᠎ᠤᠨ ᠲᠦᠪᠱᠢᠨ᠎ᠢᠶᠠᠷ ᠦᠨᠳᠤᠷ ᠪᠠᠢᠵᠦ᠍᠂ ᠪᠤᠭᠤᠲᠤ ᠬᠤᠳᠠ᠎ᠶ᠋ᠢᠨ ᠤᠷᠠᠨ ᠵᠢᠷᠤᠬ᠍ᠴᠢᠳᠤᠨ ᠨᠠᠮ᠎ᠢᠶᠠᠨ ᠬᠠᠢᠷᠠᠯᠠᠬᠤ᠂ ᠡᠬᠡ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠪᠦᠷᠢᠨ ᠢᠯᠡᠷᠡᠭᠦᠯᠦᠭ᠌ᠰᠡᠨ ᠪᠠᠢᠨ᠎ᠠ᠃ ᠲᠤᠰ᠎ᠤᠨ ᠪᠤᠳᠤᠭ᠎ᠤᠨ ᠪᠦᠳᠦᠭᠡᠯ 《ᠸᠠᠩ ᠷᠦᠸᠧ ᠹᠧᠢ ᠬᠢᠨᠳᠠᠨ᠎ᠳᠤ》᠂ 《ᠦᠷ᠎ᠤᠨ ᠲᠤᠶᠠᠭ᠎ᠠ》᠂ 《ᠨᠠᠢ᠍ᠮᠠᠳᠤᠭᠠᠷ ᠵᠠᠮ᠎ᠤᠨ ᠴᠡᠷᠢᠭ᠎ᠤᠨ ᠠᠪᠠᠭ᠎ᠠ ᠶᠠᠪᠤᠯ᠎ᠠ》 ᠵᠡᠷᠬᠡ᠎ᠨᠢ ᠬᠤᠪᠢᠰᠭᠠᠯᠳᠤ ᠲᠡᠮᠡᠴᠡᠯ᠎ᠤᠨ ᠴᠠᠭ ᠦᠶ᠎ᠠ᠎ᠶ᠋ᠢ ᠲᠤᠰᠭᠠᠬ᠍ᠰᠠᠨ ᠪᠤᠯ᠂ ᠲᠤᠰ᠎ᠤᠨ ᠪᠤᠳᠤᠭ᠎ᠤᠨ ᠵᠢᠷᠤᠭ 《ᠲᠤᠰᠭᠤᠨ᠎ᠤ ᠶᠠᠪᠤᠳᠠᠯ᠎ᠢ ᠢᠯᠡ ᠪᠤᠯᠭᠠᠬᠤ》᠂ 《ᠪᠢᠳᠡ ᠪᠦᠭᠦᠳᠡᠭᠡᠷ ᠬᠦᠰᠡᠯ ᠵᠡᠬᠦᠳᠤ᠎ᠪᠠᠨ ᠲᠡᠷᠭᠡᠯᠱᠢᠬᠦᠯᠦᠭ᠌ᠴᠢ》 ᠵᠡᠷᠭᠡ ᠪᠦᠳᠦᠭᠡᠯ᠎ᠨᠢ ᠱᠢᠨ᠎ᠠ ᠲᠤᠮᠳᠠᠳᠤ ᠤᠯᠤᠰ᠎ᠤᠨ ᠬᠦᠭ᠌ᠵᠢᠯᠳᠡ᠎ᠶ᠋ᠢᠨ ᠶᠠᠪᠤᠴᠠ ᠪᠤᠯᠤᠨ ᠱᠢᠨ᠎ᠠ ᠴᠠᠭ ᠦᠶ᠎ᠠ᠎ᠶ᠋ᠢᠨ ᠬᠦᠭ᠌ᠵᠢᠯᠳᠡ᠎ᠶ᠋ᠢᠨ ᠬᠦᠴᠦᠳᠤ ᠤᠷᠢᠶ᠎ᠠ᠎ᠶ᠋ᠢ ᠤᠷᠠᠯᠢᠭ᠎ᠢᠶᠠᠷ ᠲᠤᠰᠭᠠᠬ᠍ᠰᠠᠨ ᠪᠠᠢᠨ᠎ᠠ᠃ ᠱᠤᠭᠤᠮᠠᠯ᠎ᠤᠨ ᠪᠦᠳᠦᠭᠡᠯ 《ᠪᠤᠯᠤᠳ ᠲᠡᠮᠦᠷ᠎ᠤᠨ ᠠᠵᠢᠯᠴᠢᠨ ᠬᠦᠴᠤᠨ ᠴᠢᠳᠠᠯ᠎ᠲᠠᠢ》 ᠨᠢ 1959 ᠤᠨ᠎ᠳᠤ ᠵᠧᠦ ᠡᠧᠨ ᠯᠠᠢ ᠶᠡᠷᠦᠩᠬᠡᠢ ᠰᠠᠢᠳ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠪᠤᠯᠤᠳ ᠬᠠᠢᠯᠤᠭᠤᠯᠬᠤ ᠨᠢᠭᠡᠳᠦᠭᠡᠷ ᠵᠤᠤᠬ᠎ᠠ᠎ᠳᠤ ᠲᠤᠤᠵᠠ ᠬᠠᠢᠴᠢᠯᠠᠬ᠍ᠰᠠᠨ ᠲᠡᠤᠬᠡᠳᠤ ᠦᠢᠯᠡ ᠬᠡᠷᠡᠭ᠎ᠢᠶᠠᠷ ᠰᠡᠳᠤᠪᠯᠠᠵᠦ᠍᠂ ᠠᠭᠤᠤ ᠨᠠᠮ᠎ᠤᠨ᠎ᠢᠶᠠᠨ ᠠᠴᠢ ᠡᠨᠡᠷᠢᠯ᠎ᠢᠶᠠᠷ ᠲᠠᠯ᠎ᠠ ᠨᠤᠳᠤᠭ᠎ᠤᠨ ᠪᠤᠯᠤᠳ ᠬᠤᠳᠠ — ᠪᠤᠭᠤᠲᠤ ᠡᠬᠡ ᠤᠯᠤᠰ᠎ᠤᠨ ᠤᠮᠠᠷᠠᠳᠤ᠎ᠳᠤ ᠰᠦᠨᠳᠡᠷᠯᠡᠨ ᠪᠤᠰᠴᠦ᠍ ᠴᠡᠴᠡᠭ᠌ᠯᠡᠨ ᠬᠦᠭ᠌ᠵᠢᠭ᠌ᠰᠡᠨ ᠲᠡᠤᠬᠡ᠎ᠶ᠋ᠢ ᠠᠮᠢᠳᠤᠯᠢᠭ᠎ᠢᠶᠠᠷ ᠲᠤᠰᠭᠠᠬ᠍ᠰᠠᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号