ᠲᠠᠷᠬᠠᠨ ᠮᠤᠤᠮᠢᠩᠭᠠᠨ ᠬᠤᠯᠪᠤᠭᠠᠳᠤ ᠬᠤᠱᠢᠭᠤ 《ᠲᠠᠨ᠎ᠳᠤ ᠲᠤᠰᠠᠯᠠᠶ᠎ᠡ》 ᠱᠢᠨ᠎ᠡ ᠴᠠᠭ ᠦᠶ᠎ᠠ᠎ᠶ᠋ᠢᠨ ᠪᠤᠯᠪᠠᠰᠤᠨ᠎ᠢ ᠦᠢᠯᠡᠳᠤᠯᠭᠡᠵᠢᠭᠦᠯᠵᠦ᠍ ᠪᠠᠢᠨ᠎ᠠ
2021-06-21 10:18:14
ᠵᠣᠬᠢᠶᠠᠭ᠍ᠴᠢ᠄
ᠸᠡᠩ ᠸᠧᠨ ᠶᠢᠩ
ᠣᠩᠱᠢᠭ᠍ᠰᠠᠨ ᠣᠳᠠᠭ᠎ᠠ᠄
★★★☆☆

ᠦᠢᠷ᠎ᠠ᠎ᠳᠤ᠂ ᠲᠠᠷᠬᠠᠨ ᠮᠤᠤᠮᠢᠩᠭᠠᠨ ᠬᠤᠯᠪᠤᠭᠠᠳᠤ ᠬᠤᠱᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ ᠲᠦᠷᠦᠭᠦᠯᠡᠨ᠂ ᠬᠤᠱᠢᠭᠤᠨ᠎ᠤ ᠠᠵᠢᠯᠴᠢᠨ᠎ᠤ ᠶᠡᠷᠤᠩᠭᠡᠢ ᠡᠪᠯᠡᠯ᠂ ᠬᠤᠱᠢᠭᠤᠨ᠎ᠤ ᠠᠵᠢᠯ ᠤᠯᠭᠤᠯᠳᠠ᠎ᠶ᠋ᠢᠨ ᠦᠢᠯᠡᠴᠢᠯᠡᠭᠡᠨ᠎ᠤ ᠲᠦᠪ ᠵᠡᠷᠭᠡ ᠰᠠᠯᠠᠭ᠎ᠠ ᠮᠦᠴᠢᠷ ᠬᠤᠯᠪᠤᠭᠠᠯᠠᠨ ᠲᠤᠰ ᠬᠤᠱᠢᠭᠤᠨ᠎ᠤ ᠦᠭᠡᠷᠬᠤᠤᠡᠳᠤᠭ ᠪᠠᠯᠭᠠᠰᠤᠨ᠎ᠳᠤ 《ᠪᠢ ᠤᠯᠠᠨ ᠲᠦᠮᠡᠨ᠎ᠳᠤ ᠪᠤᠳᠡᠳᠤ ᠶᠠᠪᠤᠳᠠᠯ ᠬᠢᠵᠦ᠍ ᠦᠭ᠌ᠬᠦᠨ᠎ᠡ》᠂ 《ᠲᠠᠨ᠎ᠳᠤ ᠲᠤᠰᠠᠯᠠᠶ᠎ᠡ》 ᠱᠢᠨ᠎ᠡ ᠴᠠᠭ ᠦᠶ᠎ᠠ᠎ᠶ᠋ᠢᠨ ᠪᠤᠯᠪᠠᠰᠤᠨ᠎ᠢ ᠦᠢᠯᠡᠳᠤᠯᠭᠡᠵᠢᠬᠦᠯᠬᠦ᠌ ᠦᠨᠳᠦᠰᠦᠨ ᠱᠠᠳᠤᠨ᠎ᠳᠤ ᠦᠢᠯᠡᠴᠢᠯᠡᠬᠦ᠌ ᠠᠵᠢᠯᠯᠠᠭ᠎ᠠ ᠦᠷᠨᠢᠬᠦᠯᠵᠠᠢ᠃

ᠠᠵᠢᠯᠯᠠᠭ᠎ᠠ᠎ᠳᠤ ᠬᠤᠱᠢᠭᠤᠨ᠎ᠤ ᠨᠠᠮ᠎ᠤᠨ ᠬᠤᠷᠢᠶᠠᠨ᠎ᠤ ᠤᠨᠤᠯ ᠲᠠᠢᠯᠤᠮᠵᠢ᠎ᠶ᠋ᠢᠨ ᠪᠦᠯᠬᠦᠮ᠎ᠠᠴᠠ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠭᠡᠷᠡᠯ ᠰᠠᠴᠤᠷᠠᠩᠭᠤᠢ ᠵᠠᠭᠤᠨ ᠵᠢᠯ》 ᠭᠡᠬᠦ᠌ ᠭᠤᠤᠯ ᠰᠡᠳᠤᠪ᠎ᠢᠶᠠᠷ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠭ ᠰᠠᠨᠠᠭ᠎ᠠ᠎ᠪᠠᠨ ᠪᠠᠷᠢᠮᠳᠠᠯᠠᠵᠤ᠂ ᠦᠨᠳᠦᠰᠦᠳᠡᠨ ᠪᠦᠬᠦᠨ᠎ᠤ ᠠᠷᠡᠳ ᠲᠦᠮᠡᠨ᠎ᠢ ᠪᠦᠯᠬᠦᠮᠳᠡᠭᠦᠯᠦᠨ ᠲᠠᠢᠴᠢᠯᠠᠵᠤ᠂ ᠬᠦᠴᠢᠷ ᠪᠡᠷᠭᠡᠱᠢᠶᠡᠯ᠎ᠢ ᠢᠯᠠᠨ ᠲᠠᠪᠠᠵᠤ᠂ ᠠᠷᠡᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠦᠯᠦᠭᠡ ᠴᠢᠰᠦ ᠬᠦᠯᠦᠰᠦ᠎ᠪᠠᠨ ᠤᠷᠤᠰᠭᠠᠭ᠍ᠰᠠᠨ ᠭᠠᠢᠬᠠᠮᠱᠢᠭ᠍ᠳᠤ ᠲᠡᠤᠭᠡ᠎ᠶ᠋ᠢ ᠬᠦᠳᠡᠭᠡ ᠲᠤᠰᠭᠤᠨ᠎ᠤ ᠤᠯᠠᠨ ᠲᠦᠮᠡᠨ᠎ᠳᠤ ᠮᠠᠰᠢ ᠠᠮᠢᠳᠤᠯᠢᠭ ᠲᠦᠷᠰᠦᠯᠢᠭ᠎ᠢᠶᠠᠷ ᠲᠠᠢᠯᠪᠤᠷᠢᠯᠠᠵᠤ ᠦᠭ᠌ᠭᠦᠭ᠌ᠰᠡᠨ ᠪᠠᠢᠨ᠎ᠠ᠃ ᠡᠭᠦᠨ᠎ᠤ ᠬᠠᠮᠳᠤ ᠪᠠᠰᠠ ᠡᠯ᠎ᠡ ᠪᠠᠢᠭᠤᠯᠭ᠎ᠠ ᠨᠢᠭᠡᠴᠢ ᠠᠰᠠᠭᠤᠨ ᠯᠠᠪᠯᠠᠬᠤ ᠲᠠᠪᠴᠡᠩ ᠲᠤᠬᠢᠷᠠᠭᠤᠯᠬᠤ᠂ ᠤᠬᠠᠭᠤᠯᠬᠤ ᠬᠠᠭᠤᠳᠠᠰᠤ ᠲᠠᠷᠬᠠᠭᠠᠬᠤ᠂ ᠲᠤᠬᠠᠢ᠎ᠶ᠋ᠢᠨ ᠲᠠᠯᠠᠪᠠᠢ᠎ᠳᠤ ᠲᠠᠢᠯᠤᠮᠵᠢ ᠬᠢᠵᠦ᠍ ᠬᠠᠷᠢᠭᠤᠯᠳᠠ ᠦᠭ᠌ᠬᠦ᠂ ᠬᠠᠷᠠᠮᠵᠢ ᠦᠭᠡᠢ᠎ᠪᠠᠷ ᠦᠰᠦ ᠵᠠᠰᠠᠬᠤ ᠵᠡᠷᠭᠡ ᠤᠢᠯᠡᠴᠢᠯᠡᠭᠡ ᠦᠷᠨᠢᠬᠦᠯᠵᠤ᠂ ᠤᠯᠠᠭᠠᠠᠮᠦᠴᠢᠷ᠎ᠠᠴᠠ ᠤᠷᠠᠨ ᠰᠠᠢᠬᠠᠨ᠎ᠤ ᠲᠤᠭ᠍ᠯᠠᠯᠳᠠ ᠭᠠᠷᠭᠠᠵᠤ᠂ ᠮᠠᠯᠴᠢᠨ ᠲᠠᠷᠢᠶᠡᠴᠢᠨ᠎ᠤ ᠤᠶᠤᠨ᠎ᠤ ᠠᠮᠢᠳᠤᠷᠡᠯ᠎ᠢ ᠪᠠᠶᠠᠯᠢᠭ᠍ᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号