ᠯᠧᠢ ᠵᠢᠶᠦ᠋ᠨ᠄ ᠦᠭᠡᠷ ᠲᠡᠵᠢᠭᠡᠵᠦ᠍ ᠵᠢᠷᠭᠠᠯᠳᠤ ᠠᠮᠢᠳᠤᠷᠠᠯ᠎ᠢᠶᠠᠨ ᠴᠤᠭ᠍ᠴᠠᠯᠠᠯ᠎ᠠ
2021-06-21 09:23:02
ᠵᠣᠬᠢᠶᠠᠭ᠍ᠴᠢ᠄
ᠬᠤᠸᠠᠩ ᠹᠦ᠋ ᠮᠧᠶ ᠱᠢᠶᠠᠨ ᠵᠠᠩ ᠱᠦ᠍ ᠵᠢᠶᠦ᠋ᠨ
ᠣᠩᠱᠢᠭ᠍ᠰᠠᠨ ᠣᠳᠠᠭ᠎ᠠ᠄
★★★☆☆

《ᠬᠡᠷᠪᠡ ᠤᠯᠤᠰ᠎ᠤᠨ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ ᠪᠠᠢᠭ᠍ᠰᠠᠨ ᠦᠭᠡᠢ ᠪᠣᠯ ᠪᠢ ᠡᠨᠡ ᠨᠠᠰᠤᠨ᠎ᠳᠠᠭᠠᠨ ᠡᠢᠮᠦ᠍ ᠰᠠᠢᠬᠠᠨ ᠭᠡᠷ᠎ᠲᠤ ᠰᠠᠭᠤᠵᠤ᠂ ᠡᠢᠮᠦ᠍ ᠤᠯᠠᠨ ᠦᠬᠡᠷ ᠲᠡᠵᠢᠭᠡᠵᠦ᠍᠂ ᠡᠢᠮᠦ᠍ ᠰᠠᠢᠬᠠᠨ ᠠᠮᠢᠳᠤᠷᠠᠯ᠎ᠢ ᠡᠳ᠋ᠯᠡᠵᠦ᠍ ᠴᠢᠳᠠᠬᠤ ᠦᠭᠡᠢ ᠱᠢᠦ!》 ᠬᠡᠮᠡᠨ ᠱᠢᠨ᠎ᠡ ᠤᠷᠤᠨ ᠰᠠᠭᠤᠴᠠ᠎ᠳᠠᠭᠠᠨ ᠨᠡᠭᠦᠵᠦ᠍ ᠤᠷᠤᠭ᠍ᠰᠠᠨ ᠯᠸᠢ ᠵᠢᠶᠦ᠋ᠨ ᠠᠭᠤᠯᠵᠠᠭ᠍ᠰᠠᠨ ᠪᠤᠯᠭᠠᠨ᠎ᠳᠤ ᠤᠴᠢᠷᠯᠠᠨ᠎ᠠ᠃

ᠯᠧᠢ ᠵᠢᠶᠦ᠋ᠨ ᠪᠣᠯ ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠬᠤᠮ᠎ᠤᠨ ᠠᠢᠯ ᠱᠢᠶᠠᠩ᠎ᠤᠨ ᠪᠠᠷᠠᠭᠤᠨ ᠭᠤᠤᠯ ᠲᠣᠰᠭᠤᠨ᠎ᠤ ᠬᠥᠮᠦᠨ ᠪᠤᠯᠤᠨ᠎ᠠ᠃ ᠳᠡᠳᠡᠨᠠᠢᠬᠢᠨ ᠭᠠᠵᠠᠷ ᠱᠢᠷᠣᠶ ᠴᠥᠭᠡᠨ᠂ ᠮᠡᠷᠭᠡᠵᠢᠯ ᠳᠤᠲᠠᠮᠠᠭ ᠳᠡᠭᠡᠷ᠎ᠡ ᠬᠤᠶᠠᠷ ᠬᠡᠦᠬᠡᠳ᠎ᠨᠢ ᠰᠤᠷᠭᠠᠭᠤᠯᠢ᠎ᠳᠤ ᠰᠤᠷᠤᠯᠴᠠᠵᠤ ᠪᠠᠢᠬᠤ ᠪᠣᠯᠬᠤᠷ ᠠᠮᠢᠳᠤᠷᠠᠯ᠎ᠨᠢ ᠮᠠᠰᠢ ᠬᠦᠴᠢᠷᠳᠡᠯᠲᠡᠢ ᠪᠠᠢᠵᠤ᠂ 2016 ᠣᠨ᠎ᠳᠤ ᠳᠡᠩᠰᠡᠯᠡᠵᠦ᠍ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠡᠷᠦᠬᠡ᠎ᠪᠠᠷ ᠲᠤᠳᠤᠯᠠᠭ᠍ᠳᠠᠪᠠ᠃


QQ截图20210621091203.png01.png

2019 ᠣᠨ᠎ᠳᠤ᠂ ᠯᠧᠢ ᠵᠢᠶᠦ᠋ᠨ᠎ᠤ᠎ᠬᠢᠨ ᠤᠨᠳᠤᠤ ᠭᠠᠵᠠᠷ᠎ᠲᠤ ᠨᠡᠭᠦᠯᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠰᠠᠢᠨ᠎ᠢᠶᠠᠷ ᠬᠡᠭᠡᠨ ᠰᠠᠷᠠᠭᠤᠯ ᠱᠢᠨ᠎ᠡ ᠪᠠᠢᠱᠢᠩ᠎ᠳᠤ ᠤᠷᠤᠵᠤ ᠰᠠᠭᠤᠭ᠍ᠰᠠᠨ᠎ᠢᠶᠠᠷ ᠰᠡᠳᠭᠢᠯ ᠬᠠᠩᠬᠤᠯᠤᠭᠤᠨ ᠪᠤᠯᠵᠤ᠂ ᠶᠠᠳᠠᠭᠤ ᠬᠦᠴᠢᠷᠳᠡᠯ᠎ᠢ ᠢᠯᠡᠨ ᠳᠠᠪᠠᠭ᠍ᠤ ᠢᠲᠡᠭᠡᠯ ᠵᠣᠷᠢᠭ᠎ᠨᠢ ᠴᠦ᠍ ᠬᠥᠪᠴᠢᠯᠡᠭ᠌ᠳᠡᠪᠡ᠃

《ᠥᠩᠭᠡᠷᠡᠭ᠌ᠰᠡᠨ᠎ᠳᠤ ᠪᠢᠳᠡ ᠵᠢᠯ᠎ᠳᠤ ᠠᠬᠠᠳᠠᠬᠤ᠎ᠳᠠᠭᠠᠨ ᠬᠤᠶᠠᠷ ᠤᠳᠠᠭ᠎ᠠ ᠬᠤᠳᠠ ᠤᠷᠤᠳᠠᠭ᠂ ᠵᠦᠩᠳᠡᠭᠡᠨ ᠱᠢᠨ᠎ᠡ ᠰᠣᠷᠭᠤᠭ ᠢᠳᠡᠱᠢᠨ ᠨᠣᠭᠤᠭ᠎ᠠ ᠣᠯᠵᠤ ᠢᠳᠡᠳᠡᠭ ᠦᠭᠡᠢ ᠁》 ᠭᠡᠵᠦ᠍ ᠯᠸᠢ ᠵᠢᠶᠦ᠋ᠨ ᠦᠩᠭᠡᠷᠡᠬᠦᠯᠵᠦ᠍ ᠢᠷᠡᠭ᠌ᠰᠡᠨ ᠵᠣᠪᠠᠭᠤᠷᠢ ᠵᠦᠳᠡᠭᠦᠷᠢ᠎ᠪᠠᠨ ᠲᠣᠭᠠᠴᠢᠨ᠎ᠠ᠃ ᠲᠩᠷᠢ᠎ᠶ᠋ᠢᠨ ᠴᠢᠷᠠᠢ ᠬᠠᠷᠠᠵᠦ᠍ ᠠᠮᠢᠳᠤᠷᠠᠨ᠎ᠠ᠂ ᠶᠠᠪᠤᠵᠤ ᠰᠠᠭᠤᠬᠤ᠎ᠳᠤ ᠬᠦᠴᠢᠷ᠂ ᠰᠤᠷᠭᠠᠭᠤᠯᠢ᠎ᠳᠤ ᠰᠤᠷᠤᠯᠴᠠᠬᠤ᠎ᠳᠤ ᠬᠦᠴᠢᠷ᠂ ᠴᠠᠬᠢᠯᠭᠠᠨ ᠬᠡᠷᠡᠭ᠌ᠯᠡᠬᠦ᠌᠎ᠳᠤ ᠬᠦᠴᠢᠷ᠂ ᠤᠰᠤ ᠤᠤᠭᠤᠬᠤ᠎ᠳᠤ ᠴᠦ᠍ ᠪᠦᠷ ᠬᠦᠴᠢᠷ᠎ᠲᠠᠢ ᠪᠠᠢᠵᠤ᠂ ᠶᠠᠳᠠᠭᠤ᠎ᠠᠴᠠ ᠠᠩᠭᠢᠵᠢᠷᠠᠵᠤ ᠴᠢᠨᠡᠭᠡᠯᠢᠭ᠌ᠵᠢᠬᠦ᠌᠎ᠨᠢ 《ᠲᠡᠷᠡ ᠬᠤᠯᠠ ᠲᠡᠭ᠌ᠷᠢ ᠤᠢ᠍ᠢᠷ᠎ᠠ》 ᠵᠤᠭᠤᠭ ᠪᠠᠢᠵᠠᠢ᠃ ᠠᠭᠤᠯᠠᠨ ᠭᠦᠨ᠎ᠳᠠᠬᠢ ᠲᠣᠰᠭᠤᠨ᠎ᠤ ᠠᠷᠠᠳ᠎ᠲᠤ ᠠᠪᠴᠤ᠌ ᠬᠡᠯᠡᠪᠡᠯ᠂ ᠠᠯᠢ ᠨᠢᠭᠡᠨ ᠡᠳᠦᠷ ᠠᠭᠤᠯᠠᠨ᠎ᠠᠴᠠ ᠭᠠᠷᠴᠤ᠌᠂ ᠶᠠᠳᠠᠭᠤ᠎ᠠᠴᠠ ᠠᠩᠭᠢᠵᠢᠷᠠᠬᠤ᠎ᠨᠢ ᠬᠠᠮᠤᠭ᠎ᠤᠨ ᠶᠡᠭᠡ ᠬᠦᠰᠡᠯ ᠪᠠᠢᠪᠠ᠃

ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌᠎ᠳᠤ 《ᠨᠡᠭᠦᠯᠭᠡᠵᠦ᠍ ᠳᠡᠢᠯᠬᠦ᠌》 ᠪᠣᠯ ᠵᠠᠩᠭᠢᠯᠠᠭ᠎ᠠ᠂ 《ᠲᠣᠭ᠍ᠲᠠᠪᠤᠷᠢᠵᠢᠭᠤᠯᠵᠤ ᠳᠡᠢᠯᠬᠦ᠂ ᠴᠢᠨᠡᠭᠡᠯᠢᠭ᠌ᠵᠢᠭᠦᠯᠵᠦ᠍ ᠳᠡᠢᠯᠬᠦ᠌》 ᠪᠣᠯ ᠬᠠᠲᠠᠭᠤ ᠶᠣᠰᠣ ᠪᠣᠯᠤᠨ᠎ᠠ᠃ ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠨ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠭᠤᠯᠬᠤ᠎ᠶ᠋ᠢᠨ ᠲᠥᠯᠥᠭᠡ᠂ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤ ᠲᠤᠬᠠᠶ᠎ᠶ᠋ᠢᠨ ᠭᠠᠵᠠᠷ᠎ᠤᠨ ᠪᠠᠢᠳᠠᠯ᠎ᠳᠠᠭᠠᠨ ᠲᠣᠬᠢᠷᠠᠭᠤᠯᠤᠨ᠂ ᠣᠨᠴᠠᠯᠢᠭ᠎ᠲᠠᠢ᠂ ᠴᠢᠨᠠᠷ ᠰᠠᠢᠲᠠᠶ ᠲᠡᠵᠢᠭᠡᠨ ᠦᠷᠡᠵᠢᠭᠦᠯᠬᠦ᠌ ᠦᠢᠯᠡᠰ᠎ᠢ ᠬᠥᠭ᠌ᠵᠢᠭᠦᠯᠬᠦ᠌ ᠳᠡᠭᠡᠷ᠎ᠡ ᠬᠦᠴᠦ᠍ ᠲᠠᠯᠪᠢᠵᠤ᠂ ᠠᠩᠭᠧᠰ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠠᠯᠢ ᠣᠯᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠨᠡᠢᠲᠡᠯᠡᠵᠦ᠍ ᠲᠠᠷᠢᠶᠠᠴᠢᠨ ᠡᠷᠦᠬᠡ ᠎ᠶ᠋ᠢᠨ ᠪᠠᠯᠠ ᠮᠥᠩᠭᠦ᠎ᠶ᠋ᠢᠨ ᠠᠰᠠᠭᠤᠳᠠᠯ᠎ᠢ  ᠱᠢᠢᠳᠪᠦᠷᠢᠯᠡᠪᠡ᠃ ᠬᠥᠳᠡᠯᠮᠦᠷᠢᠯᠡᠬᠦ᠌ ᠴᠢᠳᠠᠪᠤᠷᠢ᠎ᠲᠠᠢ᠂ ᠬᠥᠭ᠌ᠵᠢᠯᠲᠡ᠎ᠶ᠋ᠢᠨ ᠬᠦᠰᠡᠯ ᠡᠷᠡᠮᠡᠯᠵᠡᠯ᠎ᠲᠠᠢ ᠲᠠᠷᠢᠶᠠᠴᠢᠨ ᠡᠷᠦᠬᠡ ᠪᠠ ᠤᠨᠳᠤᠤ ᠭᠠᠵᠠᠷ᠎ᠲᠤ ᠨᠡᠭᠦᠯᠭᠡᠭ᠌ᠰᠡᠨ ᠡᠷᠦᠬᠡ ᠪᠦᠬᠦᠨ ᠴᠥᠮ ᠠᠩᠭᠧᠰ ᠮᠢᠬᠠᠨ᠎ᠤ ᠦᠬᠡᠷ ᠬᠤᠳᠠᠯᠳᠤᠨ ᠠᠪᠴᠤ᠌ ᠪᠣᠯᠤᠨ᠎ᠠ᠂ ᠦᠬᠡᠷ ᠪᠦᠷᠢ᠎ᠶ᠋ᠢᠨ ᠦᠨ᠎ᠡ᠎ᠨᠢ 1.65 ᠲᠦᠮᠡᠨ ᠲᠥᠭᠦᠷᠢᠭ᠃ ᠡᠬᠦᠨ᠎ᠳᠤ᠂ 1 ᠲᠦᠮᠡᠨ ᠲᠥᠭᠦᠷᠢᠭ᠎ᠤᠨ ᠪᠠᠭ᠎ᠠ ᠲᠤᠭᠠᠨ᠎ᠤ ᠢᠳᠡᠭᠡᠮᠵᠢᠳᠦ ᠵᠢᠭᠡᠯᠡᠯᠭᠡ ᠤᠯᠭᠤᠵᠤ᠂ ᠵᠠᠰᠠᠭ᠎ᠤᠨ ᠣᠷᠳᠣᠨ᠎ᠠᠴᠠ ᠬᠦᠦ ᠮᠦᠩᠭᠦ᠎ᠶ᠋ᠢ 3 ᠵᠢᠯ ᠤᠷᠤᠯᠠᠨ ᠲᠦᠯᠦᠵᠦ᠍ ᠦᠭ᠌ᠬᠦᠨ᠎ᠡ᠂ ᠶᠠᠳᠠᠭᠤ ᠬᠦᠴᠢᠷᠳᠡᠯᠲᠡᠶ ᠡᠷᠦᠬᠡ ᠪᠠᠰᠠ ᠲᠣᠪᠶᠤᠭ ᠬᠡᠯᠪᠡᠷᠢ᠎ᠶ᠋ᠢᠨ ᠨᠥᠬᠦᠪᠥᠷᠢ᠎ᠶ᠋ᠢ 4000 ᠲᠥᠭᠦᠷᠢᠭ ᠭᠥᠷᠳᠡᠵᠦ᠍ ᠪᠣᠯᠤᠨ᠎ᠠ᠂ ᠡᠢᠨ ᠬᠦ᠌ ᠬᠤᠪᠢ ᠬᠥᠮᠦᠨ ᠵᠥᠪᠬᠡᠨ 2500 ᠲᠥᠭᠦᠷᠢᠭ ᠵᠠᠷᠤᠴᠠᠭᠤᠯᠪᠠᠯ ᠳᠠᠷᠤᠶ 1 ᠲᠣᠯᠣᠭᠠᠶ ᠬᠡᠭᠡᠯᠲᠦᠭ᠌ᠰᠡᠨ ᠦᠨᠢᠶ᠎ᠡ ᠬᠤᠳᠠᠯᠳᠤᠨ ᠠᠪᠴᠤ᠌ ᠪᠣᠯᠤᠨ᠎ᠠ᠃ ᠮᠢᠬᠠᠨ᠎ᠤ ᠦᠬᠡᠷ᠎ᠢ ᠪᠣᠷᠣᠯᠠᠭᠤᠯᠬᠤ ᠪᠤᠯᠤᠭ᠍ᠰᠠᠨ᠎ᠤ ᠳᠠᠷᠠᠭ᠎ᠠ᠂ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠺᠣᠮᠫᠠᠨᠢ ᠵᠠᠬ᠎ᠠ ᠳᠡᠯᠭᠡᠭᠦᠷ᠎ᠤᠨ ᠬᠠᠩᠰᠢ᠎ᠠᠴᠠ ᠥᠨᠳᠥᠷ ᠦᠨ᠎ᠡ᠎ᠪᠠᠷ ᠬᠡᠯᠡᠯᠴᠡᠭᠡᠷ ᠲᠤᠭ᠍ᠳᠠᠬᠤ ᠬᠡᠯᠪᠡᠷᠢ᠎ᠪᠠᠷ ᠬᠤᠳᠠᠯᠳᠤᠨ ᠠᠪᠴᠤ᠌᠂ ᠶᠠᠳᠠᠭᠤ ᠬᠦᠴᠢᠷᠳᠡᠯᠲᠡᠶ ᠡᠷᠦᠬᠡ᠎ᠶ᠋ᠢᠨ ᠡᠷᠡᠭᠡᠯᠵᠡᠭᠡ᠎ᠶ᠋ᠢ ᠲᠦᠢᠯᠪᠤᠷᠢᠲᠠᠶ ᠠᠷᠢᠯᠭᠠᠪᠠ᠃

ᠯᠸᠢ ᠵᠢᠶᠦ᠋ᠨ᠎ᠤ᠎ᠬᠢᠨ ᠪᠤᠯ ᠳᠠᠷᠤᠶ ᠡᠨᠡ ᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭ᠌ᠴᠢ ᠮᠦᠨ᠂ 2020 ᠣᠨ᠎ᠤ 3 ᠰᠠᠷ᠎ᠠ᠎ᠳᠤ᠂ ᠲᠡᠷᠡ ᠨᠢᠭᠡ ᠯᠡ ᠳᠡᠭᠡᠷ᠎ᠡ 5 ᠠᠩᠭᠧᠰ ᠮᠢᠬᠠᠨ᠎ᠤ ᠦᠬᠡᠷ ᠬᠤᠳᠠᠯᠳᠤᠨ ᠠᠪᠴᠤ᠌᠂ ᠣᠲᠣ ᠪᠤᠯᠬᠤ᠎ᠳᠤ 15 ᠦᠬᠡᠷ᠎ᠲᠠᠢ ᠪᠣᠯᠵᠠᠶ᠂ ᠡᠷ᠎ᠡ ᠨᠥᠬᠦᠷ᠎ᠲᠠᠢ᠎ᠪᠠᠨ ᠬᠠᠮᠲᠤ ᠵᠢᠷᠭᠠᠯᠳᠦ ᠠᠮᠢᠳᠤᠷᠠᠯ᠎ᠢᠶᠠᠨ ᠴᠤᠭ᠍ᠴᠠᠯᠠᠬᠤ᠎ᠶ᠋ᠢᠨ ᠲᠦᠯᠦᠭᠡ ᠡᠬᠡᠨᠡᠷ᠎ᠨᠢ ᠡᠤ ᠱᠢᠤᠸᠠᠢ ᠹᠠᠩ ᠪᠠᠰᠠ ᠭᠠᠭ᠍ᠠᠶ ᠲᠡᠵᠢᠭᠡᠵᠦ᠍ ᠡᠬᠢᠯᠡᠪᠡ᠂ ᠡᠷ᠎ᠡ ᠡᠮ᠎ᠡ ᠬᠤᠶᠠᠭᠤᠯᠠ ᠡᠳᠦᠷ ᠪᠦᠷᠢ ᠥᠷᠯᠥᠭᠡ ᠡᠷᠲᠡ᠎ᠠᠴᠠ ᠡᠬᠢᠯᠡᠨ ᠠᠵᠢᠯ᠎ᠤᠨ ᠬᠤᠪᠢᠶᠠᠷᠢᠯᠠᠯ ᠲᠣᠳᠣᠷᠬᠠᠶ ᠠᠵᠢᠯᠯᠠᠨ᠎ᠠ᠂ ᠯᠸᠢ ᠵᠢᠶᠦ᠋ᠨ ᠦᠬᠡᠷ ᠲᠤᠳᠤᠮᠳᠠᠵᠤ᠂ ᠡᠤ ᠱᠢᠤᠸᠠᠢ ᠹᠠᠩ ᠭᠠᠭ᠍ᠠᠶ ᠲᠡᠵᠢᠭᠡᠵᠦ᠍᠂ ᠵᠠᠪ ᠴᠢᠯᠦᠭᠡ᠎ᠪᠠᠷ᠎ᠢᠶᠠᠨ ᠲᠡᠵᠢᠭᠡᠨ ᠦᠷᠡᠵᠢᠭᠦᠯᠬᠦ᠌ ᠤᠷ᠎ᠠ ᠮᠡᠷᠭᠡᠵᠢᠯ᠎ᠢᠶᠠᠨ ᠰᠣᠯᠢᠯᠴᠠᠵᠤ ᠪᠠᠢᠳᠠᠭ᠃

ᠣᠳᠣ᠂ ᠯᠧᠢ ᠵᠢᠶᠦ᠋ᠨ᠎ᠤ ᠬᠠᠮᠤᠭ᠎ᠤᠨ ᠪᠠᠶᠠᠷᠯᠠᠳᠠᠭ ᠶᠠᠪᠤᠳᠠᠯ ᠪᠤᠯ 15 ᠦᠬᠡᠷ᠎ᠲᠠᠢ ᠪᠤᠯᠤᠭ᠍ᠰᠠᠨ ᠶᠠᠪᠤᠳᠠᠯ ᠪᠤᠯᠤᠨ᠎ᠠ᠃ ᠯᠧᠢ ᠵᠢᠶᠦ᠋ᠨ᠎ᠤ ᠦᠵᠡᠬᠦ᠌᠎ᠪᠠᠷ᠂ ᠡᠨᠡ 15 ᠦᠬᠡᠷ᠎ᠨᠢ ᠵᠦᠪᠬᠡᠨ ᠦᠬᠡᠷ ᠲᠡᠳᠦᠶ ᠪᠢᠰᠢ᠂ ᠬᠠᠷᠢᠨ 15 ᠵᠣᠭᠤᠰ ᠭᠠᠷᠭᠠᠬᠤ ᠮᠠᠱᠢᠨ ᠪᠣᠯᠤᠨ᠎ᠠ᠃ ᠣᠳᠣ ᠯᠧᠢ ᠵᠢᠶᠦ᠋ᠨ ᠲᠡᠵᠢᠭᠡᠨ ᠦᠷᠡᠵᠢᠭᠦᠯᠬᠦ᠌ ᠬᠡᠪᠴᠢᠶ᠎ᠡ᠎ᠪᠠᠨ ᠥᠷᠭᠡᠳᠭᠡᠵᠦ᠍᠂ ᠵᠢᠯ᠎ᠤᠨ ᠣᠷᠣᠯᠭ᠎ᠠ᠎ᠪᠠᠨ 10 ᠲᠦᠮᠡᠨ ᠲᠥᠭᠦᠷᠢᠭ᠎ᠲᠤ ᠬᠦᠷᠭᠡᠬᠦ᠌ ᠱᠢᠨ᠎ᠡ ᠡᠭᠦᠷᠭᠡ ᠬᠠᠷᠠᠯᠲᠠ ᠲᠤᠭ᠍ᠲᠠᠭᠠᠪᠠ᠃ 2019 ᠣᠨ᠎ᠤ 12 ᠰᠠᠷ᠎ᠠ᠎ᠳᠤ ᠳᠡᠭᠡᠳᠦ ᠱᠠᠲᠤᠨ᠎ᠤ ᠰᠠᠯᠠᠭ᠎ᠠ ᠮᠥᠴᠢᠷ᠎ᠤᠨ ᠬᠢᠨᠠᠨ ᠱᠢᠯᠭᠠᠯᠲᠠ᠎ᠪᠠᠷ ᠳᠠᠮᠵᠢᠨ ᠳᠠᠳᠠᠨᠠᠢᠬᠢᠨ ᠶᠠᠳᠠᠭᠤ᠎ᠠᠴᠠ ᠠᠩᠭᠢᠵᠢᠷᠠᠭ᠍ᠰᠠᠨ ᠪᠠᠢᠨ᠎ᠠ᠃

《ᠯᠧᠢ ᠵᠢᠶᠦ᠋ᠨ᠎ᠤ ᠡᠨᠡ ᠬᠦ᠌ ᠠᠮᠢᠳᠤᠷᠠᠯ ᠪᠤᠯ 〈ᠲᠡᠵᠢᠭᠡᠵᠦ᠍〉 ᠪᠠᠢᠮᠠᠨᠵᠢᠨ ᠤᠯᠤᠭ᠍ᠰᠠᠨ ᠰᠠᠢᠨ ᠠᠮᠢᠳᠤᠷᠠᠯ ᠪᠤᠯᠤᠨ᠎ᠠ᠂ ᠲᠣᠰᠭᠤᠨ᠎ᠤ ᠬᠦᠮᠦᠰ ᠲᠡᠳᠡᠨ᠎ᠤ᠎ᠳᠤ ᠢᠷᠡᠵᠦ᠍ ᠲᠡᠵᠢᠭᠡᠨ ᠦᠷᠡᠵᠢᠭᠦᠯᠬᠦ᠌ ᠲᠤᠷᠱᠢᠯᠭ᠎ᠠ᠎ᠶ᠋ᠢ᠎ᠨᠢ ᠠᠰᠠᠭᠤᠵᠤ ᠰᠤᠷᠠᠳᠠᠭ ᠪᠤᠯᠪᠠ᠂ ᠲᠡᠷᠡ ᠥᠪᠡᠷ᠎ᠢᠶᠠᠨ ᠶᠠᠳᠠᠭᠤ᠎ᠠᠴᠠ ᠠᠩᠭᠢᠵᠢᠷᠠᠨ ᠪᠠᠶᠠᠵᠢᠭ᠍ᠰᠠᠨ᠎ᠢᠶᠠᠷ ᠪᠠᠷᠠᠬᠤ ᠦᠭᠡᠢ ᠪᠠᠰᠠ ᠮᠠᠰᠢ ᠣᠯᠠᠨ ᠬᠥᠮᠦᠰ᠎ᠢ ᠳᠠᠭᠠᠭᠤᠯᠤᠨ ᠴᠢᠨᠡᠭᠡᠯᠢᠭ᠌ᠵᠢᠵᠦ᠍ ᠪᠠᠢᠨ᠎ᠠ᠂ ᠣᠳᠣ ᠮᠠᠨ᠎ᠤ ᠪᠠᠷᠠᠭᠤᠨ ᠭᠤᠤᠯ ᠲᠣᠰᠭᠤᠨ᠎ᠤ ᠡᠷᠦᠬᠡ ᠪᠤᠯᠭᠠᠨ ᠪᠦᠷ ᠠᠵᠤ ᠦᠢᠯᠡᠰ᠎ᠲᠠᠢ ᠪᠤᠯᠵᠠᠢ》 ᠭᠡᠵᠦ᠍ ᠬᠤᠮ᠎ᠤᠨ ᠠᠢᠯ ᠱᠢᠶᠠᠩ᠎ᠤᠨ ᠪᠠᠷᠠᠭᠤᠨ ᠭᠤᠤᠯ ᠲᠣᠰᠭᠤᠨ᠎ᠤ ᠨᠠᠮ᠎ᠤᠨ ᠡᠭᠦᠷ᠎ᠤᠨ ᠱᠦᠵᠢ ᠵᠠᠩ ᠱᠢᠤᠸᠠᠨ ᠬᠡᠯᠡᠵᠦ᠍ ᠪᠠᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号