ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶ᠋ᠢᠨ 《ᠡᠭᠦᠳᠡ ᠰᠠᠬᠢᠭ᠍ᠴᠢ》
2021-06-21 18:26:05
ᠵᠣᠬᠢᠶᠠᠭ᠍ᠴᠢ᠄
ᠳ᠋ᠢᠩ ᠶᠠᠨ ᠭᠦᠸᠧ ᠬᠤᠢ ᠴᠤᠤ ᠸᠠᠩ ᠫᠧᠩ ᠢᠦᠢ ᠬᠠᠢ ᠳ᠋ᠦᠩ ᠵᠤᠤ ᠨᠠ ᠪᠠᠨᠳᠢ ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠪᠦᠭᠦᠳᠡᠭᠡᠷ᠎ᠢᠶᠠᠨ ᠰᠠᠢᠬᠠᠨ ᠮᠥᠷᠯᠡᠴᠢᠬᠡ

ᠪᠢᠲᠡᠭᠡᠶ ᠱᠢᠬᠠᠯᠳᠤᠭᠠᠴᠢ

ᠪᠡᠶ᠎ᠡ᠎ᠶ᠋ᠢᠨ ᠪᠠᠢᠴᠠᠭᠠᠯᠲᠠ᠎ᠶ᠋ᠢᠨ

ᠬᠦᠰᠦᠨᠦᠭ᠌ᠲᠦ᠎ᠪᠠᠨ ᠰᠠᠢᠨ ᠠᠪᠤᠭᠠᠷᠠᠢ

6 ᠰᠠᠷ᠎ᠠ᠎ᠶ᠋ᠢᠨ 16 ᠎ᠤ ᠡᠳᠦᠷ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ 《ᠡᠭᠦᠷᠢᠲᠡ ᠨᠠᠮ᠎ᠢᠶᠠᠨ ᠳᠠᠭᠠᠶ᠎ᠠ — ᠡᠭᠦᠯᠡᠨ ᠬᠦᠯᠦᠭ • ᠵᠠᠭᠤᠨ ᠰᠤᠷᠪᠤᠯᠵᠢᠯᠠᠬ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠲᠤᠮᠤ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠪᠤᠯᠵᠢᠯᠡᠨ ᠮᠡᠳᠡᠭᠡᠯᠡᠬᠦ᠌ ᠳᠤᠭᠤᠢ᠍ᠢᠯᠠᠩ᠎ᠤᠨ ᠰᠤᠷᠪᠤᠯᠵᠢᠯᠠᠬ᠍ᠴᠢ ᠦᠬᠠᠶ ᠬᠤᠲᠠ᠎ᠶ᠋ᠢᠨ ᠬᠠᠢᠨᠠᠨ ᠲᠣᠭᠤᠷᠢᠭ᠎ᠤᠨ ᠰᠠᠢᠬᠠᠬᠤᠰᠤ ᠲᠣᠰᠭᠤᠨ᠎ᠳᠤ ᠬᠦᠷᠴᠡᠢ᠃ ᠬᠥᠳᠡᠭᠡ ᠲᠣᠰᠭᠤᠨ᠎ᠤ ᠡᠮᠴᠢ ᠪᠠᠶ ᠱᠢᠶᠤᠤ ᠮᠧᠶ 65 ᠨᠠᠰᠤᠨ᠎ᠠᠴᠠ ᠳᠡᠭᠡᠭ᠌ᠰᠢᠬᠢ ᠲᠣᠰᠭᠤᠨ᠎ᠤ ᠠᠷᠠᠳ᠎ᠤᠨ ᠪᠡᠶ᠎ᠡ᠎ᠶ᠋ᠢᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠵᠤ ᠪᠠᠢᠵᠠᠢ᠃


IMG_6028(20210621-181756).JPG


ᠪᠡᠶ᠎ᠡ᠎ᠶ᠋ᠢᠨ ᠪᠠᠢᠴᠠᠭᠠᠯᠲᠠ᠎ᠶ᠋ᠢ ᠬᠠᠢᠨᠠᠨ ᠲᠣᠭᠤᠷᠢᠭ᠎ᠤᠨ ᠠᠷᠠᠳ᠎ᠤᠨ ᠡᠮᠨᠡᠯᠭᠡ᠎ᠶ᠋ᠢᠨ ᠬᠤᠷᠢᠶ᠎ᠠ ᠪᠣᠯᠤᠨ ᠪᠠᠶᠠᠨᠲᠣᠬᠤᠶ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠬᠠᠮᠲᠤ᠎ᠪᠠᠷ ᠵᠣᠬᠢᠶᠠᠨ ᠪᠠᠢᠭᠤᠯᠪᠠ᠃ ᠰᠠᠢᠬᠠᠬᠤᠰᠤ ᠲᠣᠰᠭᠤᠨ᠎ᠳᠤ 65 ᠨᠠᠰᠤᠨ᠎ᠠᠴᠠ ᠳᠡᠭᠡᠭ᠌ᠰᠢᠬᠢ ᠨᠠᠰᠤᠲᠠᠨ ᠨᠡᠢᠲᠡ 246 ᠪᠠᠢᠨ᠎ᠠ᠃ ᠴᠢᠰᠤᠨ᠎ᠤ ᠡᠩ᠎ᠤᠨ ᠪᠠᠢᠴᠠᠭᠠᠯᠲᠠ᠂ ᠵᠢᠷᠦᠬᠡᠨ᠎ᠤ ᠯᠤᠭ᠍ᠰᠢᠯᠲᠠ᠎ᠶ᠋ᠢᠨ ᠵᠢᠷᠤᠬ᠎ᠤᠨ ᠪᠠᠢᠴᠠᠭᠠᠯᠲᠠ᠂ ᠴᠡᠭᠡᠵᠢᠨ᠎ᠤ X ᠰᠠᠴᠤᠷᠠᠬ᠎ᠤᠨ ᠪᠠᠢᠴᠠᠭᠠᠯᠲᠠ ᠁ ᠡᠳᠡᠭᠡᠷ ᠪᠠᠢᠴᠠᠭᠠᠯᠲᠠ᠎ᠶ᠋ᠢ ᠪᠦᠷ ᠭᠡᠷ᠎ᠤᠨ ᠡᠭᠦᠳᠡᠨ᠎ᠳᠡᠭᠡᠨ ᠬᠢᠵᠦ᠍ ᠪᠣᠯᠬᠤ ᠪᠤᠯᠵᠠᠢ᠃ ᠨᠠᠰᠤᠲᠠᠢᠴᠤᠳ ᠡᠭᠦᠨ᠎ᠤ ᠲᠤᠬᠠᠢ ᠠᠮᠠ ᠬᠠᠮᠬᠢᠯ ᠦᠭᠡᠢ ᠮᠠᠭ᠍ᠲᠠᠵᠤ ᠪᠠᠢᠪᠠ᠃

2002 ᠣᠨ᠎ᠳᠤ ᠪᠠᠶ ᠱᠢᠶᠤᠤ ᠮᠧᠶ ᠨᠢᠭᠡᠨ ᠬᠥᠳᠡᠭᠡ ᠲᠣᠰᠭᠤᠨ᠎ᠤ ᠡᠮᠴᠢ ᠪᠣᠯᠵᠣ᠂ ᠳᠠᠷᠢᠯᠭ᠎ᠠ ᠬᠢᠵᠦ᠍ ᠡᠮ ᠶᠡᠭᠦᠯᠡᠬᠦ᠂ ᠠᠷᠬᠠᠭ ᠡᠪᠡᠳᠴᠢᠨ᠎ᠤ ᠬᠠᠮᠢᠶᠠᠷᠤᠯᠲᠠ᠂ ᠡᠷᠡᠭᠦᠯ ᠮᠡᠨᠳᠦ᠎ᠶ᠋ᠢᠨ ᠤᠬᠠᠭᠤᠯᠭ᠎ᠠ ᠬᠥᠮᠦᠵᠢᠯ ᠵᠡᠷᠭᠡ᠎ᠨᠢ ᠴᠥᠮ ᠲᠡᠭᠦᠨ᠎ᠤ ᠡᠳᠦᠷ ᠲᠤᠲᠤᠮ᠎ᠤᠨ ᠠᠵᠢᠯ ᠪᠣᠯᠪᠠ᠃ ᠬᠥᠳᠡᠭᠡ ᠲᠣᠰᠭᠤᠨ᠎ᠳᠤ ᠲᠥᠷᠥᠵᠦ᠍ ᠥᠰᠦᠭ᠌ᠰᠡᠨ ᠪᠠᠶ ᠱᠢᠶᠤᠤ ᠮᠧᠶ ᠡᠮ ᠡᠮᠨᠡᠯᠭᠡ ᠳᠤᠲᠠᠭ᠍ᠳᠠᠵᠤ ᠪᠠᠢᠭ᠍ᠰᠠᠨ ᠡᠳᠦᠷ ᠬᠤᠨᠤᠭ᠎ᠤᠳ᠎ᠢ ᠲᠣᠪ ᠲᠣᠳᠣᠷᠬᠠᠶ ᠴᠡᠭᠡᠵᠢᠯᠡᠭ᠌ᠰᠡᠭᠡᠷ ᠪᠠᠢᠯ᠎ᠠ᠃ ᠨᠤᠲᠤᠬ᠎ᠤᠨ ᠠᠬ᠎ᠠ ᠳᠡᠭᠦᠦ ᠨᠠᠷ᠎ᠲᠡᠭᠡᠨ ᠭᠦᠨ ᠵᠤᠵᠠᠭᠠᠨ ᠬᠠᠢᠷ᠎ᠠ ᠰᠡᠳᠭᠢᠯᠭᠡ᠎ᠲᠠᠢ ᠲᠡᠷᠡ ᠬᠥᠳᠡᠭᠡ ᠲᠣᠰᠭᠤᠨ᠎ᠤ ᠨᠢᠭᠡᠨ ᠱᠢᠯᠢᠳᠡᠭ ᠡᠮᠴᠢ ᠪᠣᠯᠬᠤ᠎ᠪᠠᠷ ᠴᠢᠷᠮᠠᠢᠵᠤ᠂ ᠤᠯᠤᠰ᠎ᠠᠴᠠ ᠬᠥᠳᠡᠭᠡ ᠲᠣᠰᠭᠤᠨ᠎ᠤ ᠡᠮᠴᠢ᠎ᠳᠤ ᠴᠢᠭ᠌ᠯᠡᠭᠦᠯᠦᠭ᠌ᠰᠡᠨ ᠰᠠᠢᠨ ᠲᠥᠷᠥ᠎ᠶ᠋ᠢᠨ ᠪᠣᠳᠣᠯᠭ᠎ᠠ᠎ᠶ᠋ᠢ ᠠᠷᠤ ᠠᠷᠤ᠎ᠠᠴᠠ᠎ᠨᠢ ᠨᠡᠢᠲᠡᠯᠡᠵᠤ᠂ ᠲᠡᠭᠦᠨ᠎ᠤ ᠬᠥᠳᠡᠭᠡ᠎ᠳᠤ ᠨᠤᠲᠤᠭ᠍ᠰᠢᠬᠤ ᠵᠣᠷᠢᠭ᠎ᠢ ᠤᠯᠠᠮ ᠴᠢᠨᠠᠬ᠍ᠰᠢᠲᠠ ᠪᠠᠲᠤᠳᠭᠠᠪᠠ᠃


IMG_6029(20210621-181802).JPG


ᠬᠤᠷᠢᠨ ᠵᠢᠯ ᠱᠢᠷᠭᠠᠭᠤ ᠬᠢᠴᠢᠶᠡᠩᠭᠦᠢ ᠠᠵᠢᠯᠯᠠᠭ᠍ᠰᠠᠨ ᠪᠠᠢ ᠱᠢᠶᠤᠤ ᠮᠧᠢ ᠲᠣᠰᠭᠤᠨ᠎ᠤ ᠠᠷᠠᠳ᠎ᠤᠨ ᠬᠦᠷᠢᠶᠡᠯᠡᠯ᠎ᠢ ᠤᠯᠪᠠ᠃ 78 ᠨᠠᠰᠤᠲᠠᠶ ᠵᠠᠩ ᠱᠢᠶᠠᠩ ᠯᠠᠨ ᠨᠠᠰᠤᠲᠠᠨ᠄ 《ᠪᠠᠶ ᠡᠮᠴᠢ ᠦᠨᠡᠬᠡᠷ ᠰᠠᠢᠨ ᠬᠥᠮᠦᠨ! ᠦᠷᠭᠦᠯᠵᠢ ᠭᠡᠷ᠎ᠲᠤ ᠢᠷᠡᠵᠦ᠍ ᠮᠢᠨᠦ᠍ ᠡᠪᠡᠳᠴᠢᠨ᠎ᠢ ᠦᠵᠡᠵᠤ ᠦᠭ᠌ᠳᠡᠭ! ᠲᠡᠷᠡ ᠲᠣᠰᠭᠤᠨ᠎ᠤ ᠬᠥᠮᠦᠰ᠎ᠲᠤ ᠪᠦᠷ ᠮᠠᠰᠢ ᠰᠠᠢᠨ!》 ᠭᠡᠵᠦ᠍ ᠪᠠᠢ ᠱᠢᠶᠤᠤ ᠮᠧᠢ ᠡᠮᠴᠢ᠎ᠶ᠋ᠢ ᠠᠬᠢᠨ ᠳᠠᠬᠢᠨ ᠮᠠᠬ᠍ᠲᠠᠬ᠍ᠰᠠᠭᠠᠷ᠃


IMG_6030(20210621-181805).JPG


《2019 ᠣᠨ᠎ᠤ ᠮᠠᠨ᠎ᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠪᠦᠷᠢᠳᠭᠡᠯ᠎ᠤᠨ ᠠᠯᠪᠠᠨ ᠮᠡᠳᠡᠭᠡ》 ᠎ᠶ᠋ᠢ ᠦᠨᠳᠦᠰᠦᠯᠡᠪᠡᠯ᠂ 2019 ᠣᠨ᠎ᠤ ᠡᠴᠦᠰ ᠪᠣᠯᠬᠤ᠎ᠳᠤ ᠪᠥᠬᠦ᠌ ᠤᠯᠤᠰ᠎ᠲᠤ ᠬᠥᠳᠡᠭᠡ ᠲᠣᠰᠭᠤᠨ᠎ᠤ ᠡᠮᠴᠢ ᠨᠡᠢᠲᠡ 79.2 ᠲᠦᠮᠡ ᠪᠠᠢᠵᠤ᠂ ᠲᠡᠳᠡ ᠴᠦᠮ ᠲᠦᠭ ᠲᠦᠮᠡᠨ ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶ᠋ᠢᠨ 《ᠡᠭᠦᠳᠡ ᠰᠠᠬᠢᠭ᠍ᠴᠢ》 ᠪᠣᠯᠤᠨ᠎ᠠ᠃


IMG_6031.PNG


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号