ᠳᠤᠮᠳᠠᠳᠤ᠎ᠶ᠋ᠢᠨ ᠬᠠᠮᠤᠭ᠎ᠤᠨ ᠭᠤᠶᠤ ᠲᠣᠰᠭᠤᠨ — ᠯᠢᠶᠠᠨ ᠱᠢᠩ ᠬᠡᠷᠡᠯᠴᠢ ᠴᠡᠨᠡᠭ᠎ᠤᠨ ᠱᠢᠨ᠎ᠡ ᠲᠣᠰᠭᠤᠨ
2021-06-21 11:33:50
ᠵᠣᠬᠢᠶᠠᠭ᠍ᠴᠢ᠄
ᠬᠠᠨ ᠵᠢᠶ ᠸᠠᠩ ᠵᠣᠣ ᠸᠧᠨ ᠼᠦᠢ ᠱᠢᠤᠸᠠᠢ ᠯᠠᠶ ᠶᠢᠦ ᠺᠦᠨ ᠯᠦ᠍ ᠱᠢᠩ ᠮᠡᠷᠭᠡᠨᠪᠢᠯᠢᠭ ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

457 ᠥᠨᠳᠥᠷ ᠪᠠᠷᠢᠮᠵᠢᠶᠠᠲᠤ ᠬᠡᠷᠡᠯᠴᠢ ᠴᠡᠨᠡᠭ᠎ᠤᠨ ᠣᠷᠣᠨ ᠰᠠᠭᠤᠴᠠ᠂ ᠲᠦᠮᠡ᠎ᠪᠠᠷ ᠲᠤᠭᠠᠯᠠᠬᠤ ᠬᠡᠷᠡᠯᠴᠢ ᠴᠡᠨᠡᠭ᠎ᠤᠨ ᠴᠠᠬᠢᠯᠭᠠᠨ ᠭᠠᠷᠭᠠᠬᠤ ᠬᠠᠪᠲᠠᠰᠤ᠎ᠨᠢ ᠲᠤᠩᠭᠠᠯᠠᠭ ᠡᠳᠦᠷ᠎ᠤᠳ᠎ᠲᠤ ᠶᠠᠭ ᠯᠠ 《ᠴᠡᠩᠬᠡᠷ ᠲᠡᠯᠡᠶ》 ᠱᠢᠭ᠋ ᠬᠠᠷᠠᠭ᠍ᠳᠠᠨ᠎ᠠ᠃


mmexport1624245695544.jpg


6 ᠳ᠋ᠤᠭᠠᠷ ᠰᠠᠷ᠎ᠠ᠎ᠶ᠋ᠢᠨ 17 ᠎ᠤ ᠡᠳᠦᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ 《〈ᠡᠭᠦᠷᠢᠳᠡ ᠨᠠᠮ᠎ᠢᠶᠠᠨ ᠳᠠᠭᠠᠶ᠎ᠠ〉 ᠡᠬᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠰᠤᠷᠪᠤᠯᠵᠢᠯᠠᠨ ᠮᠡᠳᠡᠭᠡᠯᠡᠬᠦ᠌ ᠳᠤᠭᠤᠢᠯᠠᠩ ᠪᠠᠶᠠᠨᠨᠠᠭᠤᠷ ᠬᠤᠲᠠ᠎ᠶ᠋ᠢᠨ ᠦᠶᠤᠸᠠᠨ ᠱᠢᠶᠠᠨ᠎ᠤ ᠯᠢᠶᠠᠨ ᠱᠢᠩ ᠬᠡᠷᠡᠯᠴᠢ ᠴᠡᠨᠡᠭ᠎ᠤᠨ ᠱᠢᠨ᠎ᠡ ᠲᠣᠰᠭᠤᠨ᠎ᠳᠤ ᠬᠥᠷᠪᠡ᠃


mmexport1624245698303.jpg


《ᠯᠢᠶᠠᠨ ᠱᠢᠩ ᠬᠡᠷᠡᠯᠴᠢ ᠴᠡᠨᠡᠭ᠎ᠤᠨ ᠱᠢᠨ᠎ᠡ ᠲᠣᠰᠭᠤᠨ ᠪᠣᠯ ᠲᠦᠩ ᠯᠢᠶᠠᠨ ᠲᠣᠰᠭᠤᠨ ᠪᠣᠯᠤᠨ ᠦ᠋ ᠱᠢᠩ ᠲᠣᠰᠭᠤᠨ᠎ᠢ ᠪᠦᠬᠦ᠋ᠢᠯᠡ ᠲᠣᠰᠭᠤᠨ᠎ᠢᠶᠠᠷ᠎ᠨᠢ ᠨᠡᠭᠦᠯᠭᠡᠨ ᠱᠢᠨ᠎ᠡ᠎ᠪᠠᠷ ᠪᠠᠢᠭᠤᠯᠤᠭ᠍ᠰᠠᠨ᠎ᠠᠴᠠ ᠨᠡᠷᠡᠢᠳᠦᠭ᠌ᠳᠡᠵᠦ᠍᠂ 〈ᠵᠠᠰᠠᠭ᠎ᠤᠨ ᠣᠷᠳᠣᠨ ᠬᠥᠲᠥᠯᠥᠨ ᠵᠢᠯᠣᠭᠤᠳᠭᠤ᠂ ᠠᠵᠤ ᠠᠬᠤᠢᠯᠠᠯ ᠭᠤᠤᠯ ᠴᠣᠭ᠍ᠴᠠ ᠪᠣᠯᠬᠤ᠂ ᠲᠠᠷᠢᠶᠠᠴᠢᠳ ᠰᠠᠢᠨ ᠳᠤᠷ᠎ᠠ᠎ᠠᠴᠠ᠎ᠪᠠᠨ ᠤᠷᠤᠯᠴᠠᠬᠤ〉 ᠵᠠᠷᠴᠢᠮ ᠶᠣᠰᠣᠭᠠᠷ ᠪᠠᠢᠭᠤᠯᠤᠭ᠍ᠰᠠᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠣᠲᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠬᠦᠯᠬᠦ᠌ ᠲᠣᠰᠭᠤᠨ ᠪᠠᠢᠵᠤ᠂ ᠶᠡᠷᠦᠩᠬᠡᠶ ᠪᠠᠯᠠ ᠣᠷᠣᠭᠤᠯᠤᠯᠲᠠ᠎ᠨᠢ 8.5 ᠳ᠋ᠦᠩᠱᠢᠭᠤᠷ ᠲᠥᠭᠦᠷᠢᠭ᠎ᠲᠤ ᠬᠦᠷᠴᠡᠶ᠃ ᠬᠡᠷᠡᠯᠴᠢ ᠴᠡᠨᠡᠭ᠎ᠢᠶᠠᠷ ᠵᠢᠯ᠎ᠤᠨ ᠭᠠᠷᠭᠠᠭ᠍ᠰᠠᠨ ᠴᠠᠬᠢᠯᠭᠠᠨ 5400 ᠲᠦᠮᠡᠨ ᠭᠷᠠᠳᠦ᠋ᠰ᠎ᠲᠤ ᠬᠦᠷᠴᠦ᠍᠂ ᠬᠡᠷ ᠪᠠᠢᠱᠢᠩ᠎ᠤᠨ ᠲᠠᠯᠠᠪᠠᠶ᠎ᠶ᠋ᠢ ᠦᠨᠳᠦᠰᠦᠯᠡᠨ 20 ᠵᠢᠯ ᠳᠠᠷᠠᠭᠠᠯᠠᠨ ᠲᠠᠷᠢᠶᠠᠴᠢᠳ᠎ᠲᠤ ᠨᠥᠬᠦᠪᠥᠷᠢ ᠣᠯᠭᠤᠪᠠ᠃ ᠡᠭᠦᠨ᠎ᠳᠤ᠂ ᠭᠡᠷ ᠪᠠᠢᠱᠢᠩ᠎ᠨᠢ 88 ᠲᠡᠭ᠌ᠰᠢ ᠳᠥᠷᠪᠡᠯᠵᠢᠨ ᠮᠧᠲᠷ᠎ᠠᠴᠠ ᠳᠡᠭᠡᠭ᠌ᠰᠢᠬᠢ ᠡᠷᠦᠭᠡ᠎ᠳᠤ 8100 ᠲᠥᠭᠦᠷᠢᠭ ᠨᠥᠬᠦᠪᠥᠷᠢᠯᠡᠵᠦ᠍᠂ 88 ᠲᠡᠭ᠌ᠰᠢ ᠳᠥᠷᠪᠡᠯᠵᠢᠨ ᠮᠧᠲᠷ᠎ᠠᠴᠠ ᠳᠣᠷᠣᠭ᠍ᠰᠢᠬᠢ ᠡᠷᠦᠭᠡ᠎ᠳᠤ 4050 ᠲᠥᠭᠦᠷᠢᠭ ᠨᠥᠬᠦᠪᠥᠷᠢᠯᠡᠪᠠ》᠃ ᠯᠢᠶᠠᠨ ᠱᠢᠩ ᠲᠣᠰᠭᠤᠨ᠎ᠤ ᠨᠠᠮ᠎ᠤᠨ ᠡᠭᠦᠷ᠎ᠤᠨ ᠱᠦᠵᠢ ᠯᠢ ᠶᠦᠩ ᠹᠦ᠍᠄ 《ᠱᠢᠨ᠎ᠡ ᠲᠣᠰᠭᠤᠨ᠎ᠨᠢ 2 ᠵᠠᠰᠠᠭ ᠵᠠᠬᠢᠷᠭᠠᠨ᠎ᠤ ᠲᠣᠰᠭᠤᠨ᠂ 4 ᠲᠣᠰᠭᠤᠨ᠎ᠤ ᠠᠷᠠᠳ᠎ᠤᠨ ᠳᠤᠭᠤᠢᠯᠠᠩ᠎ᠢ ᠪᠦᠬᠦᠯᠢ ᠴᠣᠭ᠍ᠴᠠ᠎ᠪᠠᠷ᠎ᠨᠢ ᠳᠠᠬᠢᠨ ᠵᠠᠰᠠᠨ ᠰᠡᠷᠬᠦᠭᠡᠵᠤ ᠨᠡᠭᠦᠯᠭᠡᠨ ᠱᠢᠨ᠎ᠡ᠎ᠪᠠᠷ ᠪᠠᠢᠭᠤᠯᠵᠤ᠂ ᠱᠢᠨ᠎ᠡ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠨᠢ 320 ᠮᠥ᠎ᠠᠴᠠ ᠭᠠᠳᠠᠨ᠎ᠠ᠂ ᠬᠠᠭᠤᠴᠢᠨ ᠲᠣᠰᠭᠤᠨ᠎ᠤ ᠤᠤᠯ᠎ᠤᠨ 2300 ᠮᠥ᠍ ᠭᠠᠵᠠᠷ ᠱᠢᠷᠣᠶ᠎ᠶ᠋ᠢ ᠪᠦᠬᠦᠨ᠎ᠢ ᠳᠠᠬᠢᠨ ᠠᠳᠠᠷ ᠬᠠᠭᠠᠯᠪᠤᠷᠢᠯᠠᠯᠳᠠ᠎ᠶ᠋ᠢ ᠰᠡᠷᠬᠦᠭᠡᠵᠦ᠍᠂ ᠲᠠᠷᠢᠶᠠᠨ ᠭᠠᠵᠠᠷ᠎ᠢ 1570 ᠮᠥ᠍ ᠨᠡᠮᠡᠭ᠌ᠳᠡᠭᠦᠯᠵᠦ᠍᠂ ᠭᠠᠵᠠᠷ ᠱᠢᠷᠣᠶ᠎ᠶ᠋ᠢ ᠡᠷᠴᠢᠮᠵᠢᠭᠦᠯᠦᠨ ᠠᠱᠢᠬ᠍ᠯᠠᠬᠤ᠎ᠶ᠋ᠢ ᠪᠡᠶᠡᠯᠡᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠵᠠᠭ᠍ᠪᠤᠷ᠎ᠢ ᠬᠠᠢᠨ ᠰᠦᠪᠡᠭ᠌ᠴᠢᠯᠡᠵᠠᠢ》 ᠭᠡᠵᠤ ᠲᠠᠨᠢᠯᠴᠠᠭᠤᠯᠪᠠ᠃



ᠯᠢᠶᠠᠨ ᠱᠢᠩ ᠲᠣᠰᠭᠤᠨ᠎ᠤ ᠠᠷᠠᠳ ᠶᠠᠩ ᠭᠠᠢ ᡁᠢ᠂ ᠥᠩᠭᠡᠷᠡᠭ᠌ᠰᠡᠨ᠎ᠳᠤ ᠪᠣᠷᠣᠭᠠᠨ ᠤᠷᠤᠪᠡᠯ ᠱᠢᠪᠡᠷ ᠱᠠᠯᠴᠢᠭ ᠪᠤᠯᠳᠠᠭ᠂ ᠴᠠᠷᠳᠠᠮᠠᠯ ᠵᠠᠮ᠎ᠢ ᠭᠡᠷ᠎ᠤᠨ ᠡᠬᠦᠳᠡᠨ᠎ᠳᠤ ᠬᠦᠷᠳᠡᠯ᠎ᠠ ᠲᠠᠪᠢᠰᠴᠠᠢ᠂ ᠥᠩᠭᠡᠷᠡᠭ᠌ᠰᠡᠨ᠎ᠳᠤ ᠬᠤᠭᠤᠯᠠ ᠬᠢᠭᠦ᠎ᠳᠤ ᠳᠤᠯᠠᠭᠠᠯᠠᠬᠤ᠎ᠳᠤ ᠲᠦᠯᠡᠰᠢ᠎ᠶ᠋ᠢᠨ ᠵᠤᠤᠬ᠎ᠠ᠎ᠳᠤ ᠲᠦᠱᠢᠭ᠌ᠯᠡᠵᠦ᠍ ᠪᠠᠢᠵᠠᠢ᠂ ᠤᠳᠤ ᠱᠢᠨ᠎ᠡ ᠭᠡᠷ᠎ᠲᠤ ᠬᠤᠯᠠᠩ ᠴᠤ᠌ ᠪᠠᠢᠬᠤ ᠦᠭᠡᠢ᠂ ᠪᠠᠢᠭᠠᠯᠢ᠎ᠶ᠋ᠢᠨ ᠱᠢᠲᠠᠮᠠᠬᠠᠢ ᠬᠡᠢ᠎ᠪᠠᠷ ᠬᠤᠭᠤᠯᠠ ᠬᠢᠵᠦ᠍᠂ ᠨᠢᠭᠡᠳᠦᠯᠲᠡᠢ ᠳᠤᠯᠠᠭᠠᠯᠠᠭ᠎ᠠ ᠬᠠᠩᠭᠠᠵᠤ ᠪᠠᠢᠨ᠎ᠠ᠃ ᠲᠩᠷᠢ᠎ᠶ᠋ᠢᠨ ᠴᠢᠷᠠᠢ᠎ᠶ᠋ᠢ ᠬᠠᠷᠠᠳᠠᠭ ᠪᠤᠯᠬᠤᠷ ᠤᠨᠠᠯᠳᠠ ᠬᠤᠷᠢᠶᠠᠯᠳᠠ ᠲᠤᠭ᠍ᠳᠠᠪᠤᠷᠢ ᠦᠭᠡᠢ ᠪᠠᠢᠬ᠍ᠰᠠᠨ ᠶᠤᠮ᠂ ᠤᠳᠤ ᠭᠠᠵᠠᠷ ᠱᠢᠷᠣᠢ᠎ᠶ᠋ᠢᠨ ᠡᠵᠡᠩᠨᠡᠯᠳᠠ᠎ᠶ᠋ᠢᠨ ᠡᠷᠭᠡ᠎ᠶ᠋ᠢ ᠦᠨ᠎ᠠ ᠲᠦᠯᠦᠪᠦᠷᠢ᠎ᠲᠠᠢ᠎ᠪᠠᠷ ᠱᠢᠯᠵᠢᠭᠦᠯᠦᠭ᠌ᠰᠡᠨ᠎ᠤ ᠳᠠᠷᠠᠭ᠎ᠠ᠂ ᠲᠣᠰᠭᠤᠨ᠎ᠳᠠᠭᠠᠨ ᠲᠦᠷ ᠴᠠᠭ᠎ᠤᠨ ᠠᠵᠢᠯ ᠬᠢᠨ᠎ᠠ᠂ ᠪᠠᠰᠠ ᠲᠡᠵᠢᠭᠡᠪᠦᠷᠢ᠎ᠶ᠋ᠢ ᠦᠢᠯᠡᠰ ᠡᠷᠬᠢᠯᠡᠵᠤ ᠪᠠᠢᠭ᠎ᠠ ᠪᠤᠯᠬᠤᠷ᠂ ᠵᠢᠯ᠎ᠳᠡᠭᠡᠨ 20 ᠭᠠᠷᠤᠢ ᠲᠦᠮᠡᠨ ᠲᠥᠭᠦᠷᠢᠭ᠎ᠤᠨ ᠣᠷᠣᠯᠭ᠎ᠠ ᠣᠯᠵᠤ ᠪᠠᠢᠨ᠎ᠠ ᠭᠡᠵᠤ ᠪᠠᠶᠠᠷᠯᠡᠨ ᠬᠡᠯᠡᠨ᠎ᠡ᠃


mmexport1624245698303.jpg


mmexport1624245704171.jpg


2014 ᠣᠨ᠎ᠳᠤ ᠠᠵᠢᠯ ᠡᠬᠢᠯᠡᠭᠦᠯᠦᠨ ᠪᠦᠲᠦᠭᠡᠨ ᠪᠠᠢᠭᠤᠯᠪᠠ

2015 ᠣᠨ᠎ᠤ ᠵᠢᠯ᠎ᠤᠨ ᠡᠴᠦᠰ᠎ᠲᠤ ᠪᠠᠢᠭᠤᠯᠵᠤ ᠳᠠᠭᠤᠰᠭᠠᠭᠠᠳ ᠨᠡᠭᠦᠯᠭᠡᠪᠠ

457 ᠥᠨᠳᠥᠷ ᠪᠠᠷᠢᠮᠵᠢᠶᠠᠲᠤ ᠬᠡᠷᠡᠯᠴᠢ ᠴᠡᠨᠡᠭ᠎ᠤᠨ ᠣᠷᠣᠨ ᠰᠠᠭᠤᠴᠠ

7 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠮᠠᠯ᠎ᠤᠨ ᠰᠠᠭᠤᠷᠢᠨ

10 ᠲᠦᠮᠡᠨ ᠰᠠᠭᠠᠯᠢ᠎ᠶ᠋ᠢᠨ ᠢᠮᠠᠭ᠎ᠠ᠎ᠶ᠋ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠬᠦᠷᠢᠶᠡᠯᠡᠩ ᠲᠣᠭᠤᠷᠢᠭ

ᠢᠵᠢ ᠪᠦᠷᠢᠳᠦᠭ᠌ᠰᠡᠨ ᠲᠥᠬᠦᠭᠡᠷᠦᠮᠵᠢ᠎ᠨᠢ ᠪᠦᠷᠢᠨ ᠲᠡᠭᠦᠯᠳᠡᠷ ᠠᠮᠢᠳᠤᠷᠠᠯ᠎ᠤᠨ ᠨᠡᠢᠭᠡᠮ ᠲᠣᠭᠤᠷᠢᠭ

2016 ᠣᠨ᠎ᠳᠤ 《ᠳᠤᠮᠳᠠᠳᠤ ᠤᠯᠤᠰ᠎ᠤᠨ ᠬᠠᠮᠤᠭ᠎ᠤᠨ ᠭᠤᠶᠣ ᠲᠣᠰᠭᠤᠨ》 ᠎ᠢᠶᠠᠷ ᠦᠨᠡᠯᠡᠭ᠌ᠳᠡᠪᠡ

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠯᠢᠶᠠᠨ ᠱᠢᠩ ᠬᠡᠷᠡᠯᠴᠢ ᠴᠡᠨᠡᠭ᠎ᠤᠨ ᠱᠢᠨ᠎ᠡ ᠲᠣᠰᠭᠤᠨ᠎ᠢ ᠦᠵᠡᠨ᠎ᠡ


                      ᠰᠤᠷᠪᠤᠯᠵᠢᠯᠠᠭ᠍ᠴᠢ᠄ ᠬᠠᠨ ᠵᠢᠶ ᠸᠠᠩ ᠵᠣᠣ ᠸᠧᠨ ᠼᠦᠢ ᠱᠢᠤᠸᠠᠢ ᠯᠠᠶ ᠶᠢᠦ ᠺᠦᠨ 

                      ᠸᠢᠳᠢᠣ᠋ ᠰᠡᠭᠦᠳᠡᠷᠯᠡᠨ ᠦᠢᠯᠡᠳᠦᠭ᠌ᠴᠢ᠄ ᠯᠦ᠍ ᠱᠢᠩ 

                      ᠭᠡᠷᠡᠯ ᠵᠢᠷᠤᠭ᠄ ᠮᠡᠷᠭᠡᠨᠪᠢᠯᠢᠭ ᠲᠡᠭᠦᠰᠪᠢᠯᠢᠭ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号