ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠨ ᠱᠠᠯᠠᠪᠳᠠᠭᠤᠯᠤᠨ ᠵᠢᠯᠣᠭᠤᠳᠴᠤ᠌ ᠣᠨᠢᠨ ᠳᠡᠭᠡᠷ᠎ᠡ᠎ᠨᠢ ᠤᠨᠤᠭᠠᠬᠤ ᠬᠡᠯᠪᠡᠷᠢ᠎ᠶ᠋ᠢᠨ 《ᠡᠷᠬᠢᠨ ᠬᠠᠷᠠᠬᠤ》 ᠎ᠶ᠋ᠢ ᠪᠦᠬᠦᠨ᠎ᠢ ᠪᠦᠷᠬᠦᠭᠦᠯᠵᠡᠢ
2021-06-22 08:55:24
ᠵᠣᠬᠢᠶᠠᠭ᠍ᠴᠢ᠄
ᠵᠶ᠋ᠢ ᠴᠢᠩ ᠯᠢᠩ
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠱᠠᠯᠠᠪᠳᠠᠭᠤᠯᠤᠨ ᠵᠢᠯᠣᠭᠤᠳᠭᠤ ᠲᠣᠬᠢᠷᠠᠭᠤᠯᠤᠯᠲᠠ᠎ᠶ᠋ᠢ ᠦᠨᠳᠦᠰᠦᠯᠡᠵᠤ᠂ ᠥᠪᠡᠷᠲᠡᠭᠡᠨ ᠵᠠᠰᠠᠬᠤ ᠣᠷᠣᠨ᠎ᠤ 12 ᠠᠢᠮᠠᠭ ᠬᠤᠲᠠ᠎ᠳᠤ 《ᠤᠷᠤᠵᠤ ᠰᠠᠭᠤᠬᠤ ᠬᠡᠯᠪᠡᠷᠢ》 ᠎ᠪᠠᠷ ᠴᠢᠩᠭ᠎ᠠ ᠭᠦᠨᠵᠡᠭᠡᠢ ᠱᠠᠯᠠᠪᠳᠠᠭᠤᠯᠤᠨ ᠵᠢᠯᠤᠭᠤᠳᠤᠭ᠍ᠰᠠᠨ ᠰᠠᠭᠤᠷᠢᠨ ᠳᠡᠭᠡᠷ᠎ᠠ᠂ 6 ᠰᠠᠷ᠎ᠠ᠎ᠶ᠋ᠢᠨ 16 ᠎ᠤ ᠡᠳᠦᠷ᠎ᠠᠴᠠ 21 ᠎ᠤ ᠡᠳᠦᠷ ᠪᠣᠯᠲᠠᠯ᠎ᠠ᠂ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ᠎ᠤᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠨ ᠪᠠᠢᠴᠠᠭᠠᠬᠤ ᠪᠠ ᠬᠠᠤᠯᠢ ᠴᠠᠭᠠᠵᠠ᠎ᠶ᠋ᠢᠨ ᠵᠦᠪᠯᠡᠯ᠎ᠤᠨ ᠳᠡᠳ᠋ ᠡᠷᠬᠢᠯᠡᠭ᠌ᠴᠢ ᠭᠡᠱᠢᠭᠦᠨ ᠴᠧ ᠵᠢᠶᠦ᠋ᠨ᠂ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ᠎ᠤᠨ ᠳᠡᠳ᠋ ᠳᠠᠷᠤᠭ᠎ᠠ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ᠎ᠤᠨ ᠭᠡᠱᠢᠭᠦᠨ ᠹᠠᠨ ᠱᠢᠤᠢ ᠶᠢᠨ ᠵᠢᠴᠢ ᠱᠠᠯᠠᠪᠳᠠᠭᠤᠯᠤᠨ ᠵᠢᠯᠣᠭᠤᠳᠭᠤ ᠳᠤᠭᠤᠢᠯᠠᠩ᠎ᠤᠨ ᠪᠦᠷᠢᠯᠳᠦᠬᠦᠨ ᠭᠤᠷᠪᠠᠨ ᠳᠤᠭᠤᠢᠯᠠᠩ ᠬᠤᠪᠢᠶᠠᠵᠤ᠂ ᠲᠤᠰ ᠲᠤᠰ ᠬᠥᠯᠥᠨ ᠪᠤᠢᠷ ᠬᠤᠲᠠ᠂ ᠬᠢᠩᠭᠠᠨ ᠠᠢᠮᠠᠭ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ ᠵᠡᠷᠭᠡ ᠭᠠᠵᠠᠷ᠎ᠤᠨ ᠭᠤᠤᠯᠳᠠᠯᠭ᠎ᠠ᠎ᠲᠠᠢ ᠬᠤᠱᠢᠭᠤ ᠱᠢᠶᠠᠨ ᠲᠣᠭᠤᠷᠢᠭ ᠪᠣᠯᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠨᠢᠭᠡᠴᠢ᠎ᠶ᠋ᠢ ᠰᠣᠩᠭᠤᠵᠤ᠂ ᠣᠨᠴᠠᠭᠠᠢᠯᠠᠨ ᠦᠨᠳᠦᠰᠦᠨ ᠱᠠᠲᠤᠨ᠎ᠤ ᠥᠷᠲᠡᠭᠡ ᠭᠠᠵᠠᠷ᠎ᠲᠤ ᠤᠨᠢᠨ ᠳᠡᠭᠡᠷ᠎ᠠ᠎ᠨᠢ ᠤᠨᠤᠭᠠᠬᠤ ᠬᠡᠯᠪᠡᠷᠢ᠎ᠪᠠᠷ 《ᠡᠷᠭᠢᠨ ᠬᠠᠷᠠᠵᠤ》᠂ ᠦᠨᠳᠦᠰᠦᠨ ᠱᠠᠲᠤᠨ᠎ᠳᠤ ᠭᠦᠨᠵᠡᠭᠡᠢᠷᠡᠨ ᠱᠠᠯᠠᠪᠳᠠᠭᠤᠯᠤᠨ ᠵᠢᠯᠣᠭᠤᠳᠭᠤ ᠱᠢᠨ᠎ᠠ ᠨᠢᠬᠡ ᠡᠬᠡᠯᠵᠢ᠎ᠶ᠋ᠢᠨ ᠪᠦᠬᠦᠨ᠎ᠢ ᠪᠦᠷᠬᠦᠭᠦᠯᠬᠦ᠌᠎ᠶ᠋ᠢ ᠪᠡᠶᠡᠯᠡᠬᠦᠯᠪᠡ᠃

ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ ᠬᠤᠯᠪᠣᠭ᠍ᠳᠠᠯ ᠪᠥᠬᠦᠶ ᠠᠢᠮᠠᠭ ᠬᠤᠲᠠ᠎ᠶ᠋ᠢᠨ ᠨᠢᠭᠡᠳᠦᠭᠡᠷ ᠡᠭᠡᠯᠵᠢ᠎ᠶ᠋ᠢᠨ ᠦᠨᠳᠦᠰᠦᠨ ᠱᠠᠳᠤᠨ᠎ᠳᠤ ᠬᠦᠨᠵᠡᠬᠡᠢᠷᠡᠵᠤ ᠱᠠᠯᠠᠪᠳᠠᠭᠤᠯᠤᠨ ᠵᠢᠯᠣᠭᠤᠳᠤᠭ᠍ᠰᠠᠨ ᠰᠠᠨᠠᠯ᠎ᠢᠶᠠᠷ ᠨᠠᠢᠳᠠᠪᠤᠷᠢᠵᠢᠭᠤᠯᠵᠤ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠨᠤᠲᠠᠯᠠᠭ᠍ᠰᠠᠨ᠎ᠤ ᠬᠠᠮᠳᠦ᠂ ᠡᠯ᠎ᠡ ᠭᠠᠵᠠᠷ᠎ᠤᠨ᠎ᠬᠢᠨ ᠨᠠᠮ᠎ᠤᠨ ᠲᠥᠪ ᠬᠤᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠥᠷᠨᠢᠭᠦᠯᠬᠦ᠌᠎ᠪᠠᠷ ᠲᠣᠭ᠍ᠲᠠᠭ᠍ᠰᠠᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ ᠲᠡᠭᠦᠨ᠎ᠤ ᠵᠠᠢᠯᠠᠰᠢ ᠦᠭᠡᠢ ᠴᠢᠨᠠᠷ᠂ ᠴᠢᠬᠤᠯᠠ ᠴᠢᠨᠠᠷ ᠪᠠ ᠲᠤᠯᠭᠠᠮ ᠴᠢᠨᠠᠷ᠎ᠢ ᠭᠦᠢᠴᠡᠳ ᠲᠠᠨᠢᠵᠤ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠰᠠᠢᠲᠤᠷ ᠬᠢᠬᠦ᠌ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠱᠢᠨ᠎ᠡ ᠳᠦᠷᠰᠦ ᠪᠠᠢᠳᠠᠯ᠂ ᠨᠠᠮ ᠪᠠ ᠠᠷᠠᠳ ᠲᠦᠮᠡᠨ᠎ᠤ ᠰᠡᠳᠭᠢᠯ ᠬᠠᠨᠤᠮᠵᠢᠲᠠᠶ ᠱᠢᠨ᠎ᠡ ᠠᠮᠵᠢᠯᠲᠠ ᠪᠦᠲᠦᠮᠵᠢ᠎ᠪᠠᠷ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠤᠭ᠍ᠲᠤᠬᠤ᠎ᠪᠠᠷ ᠴᠢᠷᠮᠠᠢᠬᠤ ᠬᠡᠷᠡᠭ᠌ᠲᠡᠶ ᠭᠡᠵᠦ᠍ ᠱᠠᠭᠠᠷᠳᠠᠪᠠ᠃

ᠴᠧ ᠵᠢᠶᠦ᠋ᠨ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠠ ᠪᠤᠯ ᠡᠭᠦᠷᠢᠳᠡ ᠵᠤᠬ᠍ᠰᠤᠰᠢ ᠦᠭᠡᠢ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠴᠢᠬᠤᠯᠠᠲᠠᠢ ᠶᠤᠮ᠃ ᠨᠢᠭᠡᠳᠦᠭᠡᠷ ᠪᠦᠯᠦᠭ ᠬᠤᠲᠠ ᠱᠢᠶᠠᠨ ᠬᠤᠶᠠᠷ ᠱᠠᠲᠤᠨ᠎ᠤ ᠲᠥᠪᠯᠡᠷᠡᠭᠦᠯᠦᠨ ᠬᠥᠮᠦᠵᠢᠭᠦᠯᠵᠦ᠍ ᠴᠡᠭ᠌ᠴᠡᠯᠡᠬᠦ᠌ ᠠᠵᠢᠯ ᠬᠡᠳᠦ᠋ᠢᠪᠡᠷ ᠱᠢᠪᠲᠤᠷᠠᠭᠠᠨ᠎ᠳᠠᠭᠠᠨ ᠤᠷᠤᠭ᠍ᠰᠠᠨ ᠪᠣᠯᠪᠠᠴᠤ᠌᠂ ᠶᠠᠭᠠᠬᠢᠬ᠍ᠰᠠᠨ ᠴᠤ᠌ 《ᠬᠢᠷᠢ ᠲᠡᠩᠴᠡᠴᠢᠬᠡᠯ᠎ᠡ》 《ᠠᠮᠤᠰᠭᠢᠵᠤ ᠠᠪᠤᠶ᠎ᠠ》 ᠭᠡᠬᠦ᠌ ᠦᠵᠡᠯ ᠰᠠᠨᠠᠭ᠎ᠠ᠎ᠲᠠᠢ ᠪᠠᠢᠵᠤ ᠪᠣᠯᠬᠤ ᠦᠭᠡᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠢᠮᠠᠭ᠍ᠲᠠ ᠮᠦᠷᠦᠨ᠎ᠳᠡᠭᠡᠨ ᠪᠠᠲᠤ ᠡᠭᠦᠷᠭᠡᠯᠡᠬᠦ᠌ ᠬᠡᠷᠡᠭ᠌ᠲᠡᠢ ᠬᠡᠵᠤ ᠵᠢᠭᠠᠵᠤ ᠭᠠᠷᠭᠠᠵᠠᠢ᠃

ᠨᠢᠭᠡ᠎ᠳᠤ᠂ ᠰᠤᠷᠤᠯᠴᠠᠯᠭ᠎ᠠ ᠬᠥᠮᠦᠵᠢᠯ᠎ᠢ ᠢᠮᠠᠭ᠍ᠲᠠ ᠲᠤᠭᠤᠱᠢᠯᠠᠭᠤᠯᠬᠤ ᠬᠡᠷᠡᠭ᠌ᠲᠡᠢ᠃ ᠪᠠᠢᠩᠭᠤᠵᠢᠭ᠍ᠰᠠᠨ᠂ ᠤᠷᠳᠤ ᠬᠤᠭᠤᠴᠠᠭᠠᠨ᠎ᠤ ᠪᠦᠲᠦᠮᠵᠢᠲᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠪᠠᠷ ᠲᠠᠮᠵᠢᠨ ᠵᠥᠪ ᠪᠤᠷᠤᠭᠤ ᠬᠤᠶᠠᠷ ᠲᠠᠯ᠎ᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠰᠠᠢᠲᠤᠷ ᠬᠡᠷᠡᠭ᠌ᠯᠡᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢᠨ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠱᠢᠳᠤᠷᠭᠤ᠂ ᠬᠠᠤᠯᠢ ᠴᠠᠭᠠᠵᠠ᠎ᠳᠤ ᠦᠨᠡᠨᠴᠢ ᠱᠢᠳᠤᠷᠭᠤ ᠪᠠᠢᠬᠤ᠎ᠶ᠋ᠢ ᠦᠨᠡᠨ ᠬᠦ᠌ ᠪᠠᠲᠤᠯᠠᠵᠤ᠂ ᠤᠯᠤᠰ ᠲᠦᠷᠦ᠎ᠶ᠋ᠢᠨ ᠬᠡᠪ ᠴᠢᠨᠠᠷ᠂ ᠲᠤᠬᠠᠢᠯᠠᠭ᠍ᠰᠠᠨ ᠠᠵᠢᠯ᠎ᠤᠨ ᠬᠡᠪ ᠴᠢᠨᠠᠷ᠂ ᠬᠠᠤᠯᠢ ᠴᠠᠭᠠᠵᠠ᠎ᠶ᠋ᠢᠨ ᠬᠡᠪ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃

ᠬᠤᠶᠠᠷ᠎ᠲᠤ᠌᠂ ᠠᠰᠠᠭᠤᠳᠠᠯ᠎ᠢ ᠪᠠᠢᠴᠠᠭᠠᠨ ᠵᠠᠯᠠᠷᠠᠭᠤᠯᠬᠤ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌᠎ᠶ᠋ᠢ ᠢᠮᠠᠭ᠍ᠲᠠ ᠲᠤᠭᠤᠱᠢᠯᠠᠭᠤᠯᠬᠤ ᠬᠡᠷᠡᠭ᠌ᠲᠡᠢ᠃ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠩ ᠤᠯᠠᠨ ᠪᠡᠯᠭᠡ ᠲᠡᠮᠳᠡᠭ᠎ᠤᠨ ᠴᠢᠨᠠᠷᠲᠠᠢ ᠬᠡᠷᠡᠭ᠎ᠢ ᠱᠢᠢᠳᠪᠦᠷᠢᠯᠡᠬᠦ᠌᠎ᠪᠠᠷ ᠴᠢᠷᠮᠠᠢᠬᠤ ᠬᠡᠷᠡᠭ᠌ᠲᠡᠢ᠃ ᠢᠯᠠᠩᠭᠤᠶ᠎ᠠ ᠲᠥᠪᠯᠡᠷᠡᠭᠦᠯᠦᠨ ᠬᠥᠮᠦᠵᠢᠭᠦᠯᠵᠦ᠍ ᠴᠡᠭ᠌ᠴᠡᠯᠡᠬᠦ᠌ ᠱᠠᠳᠤᠠ᠎ᠤ ᠠᠵᠢᠯ ᠳᠠᠭᠤᠰᠤᠭ᠍ᠰᠠᠨ᠎ᠤ ᠲᠠᠷᠠᠭ᠎ᠠ᠂ ᠬᠤᠯᠪᠣᠭ᠍ᠳᠠᠯ ᠪᠦᠬᠦᠢ ᠠᠵᠢᠯ᠎ᠢ ᠵᠣᠭ᠍ᠰᠣᠭᠠᠵᠤ ᠪᠣᠯᠬᠤ ᠦᠭᠡᠢ᠂ ᠦᠷᠭᠦᠯᠵᠢᠯᠡᠨ ᠴᠢᠩᠭ᠎ᠠ ᠠᠳᠭᠤᠵᠤ ᠪᠣᠳᠠᠲᠠᠢ ᠠᠳᠭᠤᠵᠤ ᠦᠷ᠎ᠡ ᠪᠦᠲᠦᠮᠵᠢ ᠭᠠᠷᠭᠠᠬᠤ ᠬᠡᠷᠡᠭ᠌ᠲᠡᠢ᠃

ᠭᠤᠷᠪᠠ᠎ᠳᠤ᠂ ᠠᠷᠬᠠᠭ ᠭᠡᠮ᠎ᠢ ᠵᠢᠬ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠪᠠ ᠳᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠠᠬᠢᠭᠤᠯᠬᠤ᠎ᠶ᠋ᠢ ᠢᠮᠠᠭ᠍ᠲᠠ ᠲᠤᠭᠤᠱᠢᠯᠠᠭᠤᠯᠬᠤ ᠬᠡᠷᠡᠭ᠌ᠲᠡᠶ᠃ ᠵᠢᠬ᠍ᠰᠠᠭᠠᠨ ᠪᠠᠢᠴᠠᠭᠠᠵᠤ ᠭᠠᠷᠭᠠᠭ᠍ᠰᠠᠨ ᠦᠪᠡᠷᠮᠢᠴᠡ ᠴᠢᠨᠠᠷ᠎ᠲᠠᠢ ᠠᠰᠠᠭᠤᠳᠠᠯ ᠪᠣᠯᠤᠨ ᠨᠡᠢᠲᠡᠯᠢᠭ ᠴᠢᠨᠠᠷ᠎ᠲᠠᠢ ᠠᠰᠠᠭᠤᠳᠠᠯ᠎ᠢ ᠰᠠᠢᠲᠤᠷ ᠡᠵᠡᠮᠳᠡᠵᠦ᠍᠂ ᠥᠪᠡᠷᠮᠢᠴᠡ ᠴᠢᠨᠠᠷ᠎ᠲᠠᠢ ᠠᠰᠠᠭᠤᠳᠠᠯ᠎ᠤᠨ ᠠᠷᠤ᠎ᠳᠠᠬᠢ ᠨᠡᠢᠲᠡᠯᠢᠭ ᠴᠢᠨᠠᠷ᠎ᠤᠨ ᠱᠢᠯᠲᠠᠭᠠᠨ᠎ᠢ ᠨᠠᠷᠢᠨ ᠬᠢᠨᠠᠮᠠᠭᠠᠢ ᠪᠦᠷᠢᠳᠭᠡᠵᠤ᠂ ᠭᠦᠨᠵᠡᠭᠡᠢ ᠰᠤᠳᠤᠯᠵᠤ᠂ ᠤᠷᠳᠤ ᠬᠤᠭᠤᠴᠠᠭᠠᠨ᠎ᠤ ᠴᠢᠨᠠᠷᠲᠠᠢ᠂ ᠲᠦᠭᠡᠮᠡᠯ ᠴᠢᠨᠠᠷᠲᠠᠢ᠂ ᠳᠠᠪᠲᠠᠬᠤ ᠴᠢᠨᠠᠷᠲᠠᠢ ᠠᠷᠬᠠᠭ ᠭᠡᠮ᠎ᠢ ᠵᠠᠳᠠᠯᠤᠨ ᠢᠯᠡᠷᠡᠭᠦᠯᠵᠦ᠍᠂ ᠴᠡᠭ᠌ᠴᠡᠯᠡᠨ ᠵᠠᠰᠠᠬᠤ ᠪᠠ ᠲᠦᠷᠢᠮ ᠲᠣᠭ᠍ᠲᠠᠭᠠᠯ ᠲᠣᠭ᠍ᠲᠠᠭᠠᠬᠤ ᠠᠵᠢᠯ᠎ᠢ ᠰᠠᠢᠲᠤᠷ ᠠᠳᠭᠤᠵᠤ᠂ 《ᠳᠠᠷᠤᠢ᠎ᠳᠤᠨᠢ ᠵᠠᠰᠠᠬᠤ》 ᠪᠠ 《ᠤᠷᠳᠤ ᠬᠤᠭᠤᠴᠠᠭ᠎ᠠ᠎ᠪᠠᠷ ᠪᠠᠷᠢᠮᠳᠠᠯᠠᠬᠤ》 ᠎ᠶ᠋ᠢ ᠤᠶᠠᠯᠳᠤᠭᠤᠯᠬᠤ ᠬᠡᠷᠡᠭ᠌ᠲᠡᠢ᠃

ᠳᠥᠷᠪᠡ᠎ᠳᠤ᠂ ᠠᠷᠠᠳ ᠲᠦᠮᠡᠨ᠎ᠳᠤ ᠪᠣᠳᠠᠲᠤ ᠶᠠᠪᠤᠳᠠᠯ ᠬᠢᠵᠤ ᠦᠭ᠌ᠬᠦ᠎ᠶ᠋ᠢ ᠢᠮᠠᠭ᠍ᠲᠠ ᠲᠤᠭᠤᠱᠢᠯᠠᠭᠤᠯᠬᠤ ᠬᠡᠷᠡᠭ᠌ᠲᠡᠢ᠃ ᠬᠥᠮᠦᠵᠢᠯ ᠴᠡᠭ᠌ᠴᠡᠯᠡᠯᠳᠠ᠎ᠶ᠋ᠢᠨ ᠦᠷ᠎ᠡ ᠪᠦᠲᠦᠭᠡᠯ᠎ᠢ ᠠᠷᠠᠳ ᠤᠯᠡᠠ᠎ᠢᠶᠠᠷ ᠦᠨᠡᠯᠡᠭᠦᠯᠬᠦ᠌ ᠬᠡᠷᠡᠭ᠌ᠲᠡᠢ᠃ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠡᠭᠦᠷᠭᠡ ᠲᠤᠱᠢᠶᠠᠯ ᠬᠠᠷᠢᠭᠤᠴᠠᠯᠭ᠎ᠠ᠎ᠲᠠᠢ ᠤᠶᠠᠯᠳᠤᠭᠤᠯᠤᠨ᠂ ᠬᠠᠤᠯᠢ ᠪᠠᠷᠢᠬᠤ᠎ᠳᠠᠭᠠᠨ ᠭᠤᠣᠯᠴᠢ ᠪᠤᠰᠤ ᠬᠠᠤᠯᠢ ᠬᠡᠷᠡᠭ᠌ᠵᠢᠭᠦᠯᠬᠦ᠌᠎ᠳᠡᠭᠡᠨ ᠴᠢᠩᠭ᠎ᠠ ᠪᠢᠰᠢ ᠪᠠᠢᠬᠤ᠂ ᠬᠡᠷᠡᠭ ᠪᠣᠯᠭᠠᠨ ᠳᠠᠩᠰᠠᠯᠠᠬᠤ᠎ᠳᠤ ᠬᠦᠴᠢᠷᠲᠡᠢ᠂ ᠭᠦᠢᠴᠡᠳᠭᠡᠬᠦ᠌᠎ᠳᠤ ᠬᠦᠴᠢᠷᠲᠡᠢ ᠪᠠᠢᠬᠤ ᠵᠡᠷᠭᠡ ᠲᠤᠪᠤᠢᠮ᠎ᠠ ᠠᠰᠠᠭᠤᠳᠠᠯ᠎ᠢ ᠭᠤᠣᠯᠴᠢᠯᠠᠨ ᠰᠠᠢᠲᠤᠷ ᠱᠢᠢᠳᠪᠦᠷᠢᠯᠡᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠦᠪᠡᠷᠮᠢᠴᠠ ᠣᠨᠴᠠᠯᠢᠭ᠎ᠲᠠᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠲᠦᠷᠢ ᠲᠥᠷᠬᠦ᠌᠎ᠶ᠋ᠢ ᠱᠤᠭᠤᠬ᠍ᠰᠠᠨ ᠪᠣᠳᠠᠲᠤ ᠶᠠᠪᠤᠳᠠᠯ᠎ᠢ ᠦᠨᠡᠡ ᠬᠦ᠌ ᠬᠢᠬᠦ᠌ ᠬᠡᠷᠡᠭ᠌ᠲᠡᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠯᠢᠨ ᠱᠤᠤ ᠴᠦᠨ ᠨᠠᠷ ᠬᠡᠰᠡᠭ ᠭᠠᠵᠠᠷ ᠣᠷᠣᠨ᠎ᠤ ᠱᠠᠯᠠᠪᠳᠠᠭᠤᠯᠤᠨ ᠵᠢᠯᠣᠭᠤᠳᠭᠤ ᠠᠵᠢᠯ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号