ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠬ᠍ᠰᠠᠨ ᠲᠤᠷᠱᠢᠯᠭ᠎ᠠ᠎ᠶ᠋ᠢ ᠬᠦᠨᠵᠡᠬᠡᠢᠷᠡᠬᠦᠯᠦᠨ ᠬᠡᠷᠡᠭ᠌ᠯᠡᠵᠥ᠍ ᠱᠢᠨ᠎ᠡ ᠴᠠᠭ ᠦᠶ᠎ᠡ ᠱᠢᠨ᠎ᠡ ᠠᠶᠠᠨ ᠱᠢᠨ᠎ᠡ ᠱᠠᠲᠤᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠰᠠᠢᠳᠤᠷ ᠪᠢᠴᠢᠭ᠌ᠯᠡᠶ᠎ᠡ
6 ᠰᠠᠷ᠎ᠠ᠎ᠶ᠋ᠢᠨ 22 ᠤᠨ ᠡᠳᠦᠷ᠂ ᠪᠦᠬᠦ᠌ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠳ᠋ᠦᠩᠨᠡᠵᠥ᠍ ᠬᠥᠬᠢᠭᠦᠯᠦᠨ ᠰᠠᠢᠱᠢᠶᠠᠬᠤ ᠶᠡᠭᠡ ᠬᠤᠷᠠᠯ ᠬᠥᠬᠡᠬᠤᠲᠠ᠎ᠳᠤ ᠬᠤᠷᠠᠯᠳᠤᠵᠤ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠶᠡᠷᠦ᠍ ᠪᠤᠰᠤ᠎ᠶ᠋ᠢᠨ ᠥᠩᠭᠡᠷᠡᠯᠲᠡ ᠪᠣᠯᠤᠨ ᠴᠢᠬᠤᠯᠠ ᠶᠡᠭᠡ ᠠᠮᠵᠢᠯᠲᠠ᠎ᠶ᠋ᠢ ᠡᠷᠭᠢᠴᠡᠭᠦᠯᠦᠨ ᠳ᠋ᠦᠩᠨᠡᠵᠦ᠍᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠲᠡᠷᠢᠭᠦᠨ᠎ᠤ ᠬᠤᠪᠢ ᠬᠥᠮᠦᠨ ᠪᠣᠯᠤᠨ ᠲᠡᠷᠢᠭᠦᠨ᠎ᠤ ᠬᠠᠮᠲᠤ᠎ᠶ᠋ᠢ ᠦᠪᠡᠳᠡᠭ᠌ᠰᠢ ᠶᠡᠭᠡ᠎ᠪᠠᠷ ᠬᠥᠬᠢᠭᠦᠯᠦᠨ ᠰᠠᠢᠱᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠱ᠌ᠢ᠎ᠲᠠᠢ ᠹᠧᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠪᠥᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠳ᠋ᠦᠩᠨᠡᠵᠥ᠍ ᠬᠥᠬᠢᠭᠦᠯᠦᠨ ᠰᠠᠢᠱᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠬ᠍ᠰᠠᠨ ᠲᠤᠷᠱᠢᠯᠭ᠎ᠠ᠎ᠶ᠋ᠢ ᠬᠦᠨᠵᠡᠬᠡᠢᠷᠡᠬᠦᠯᠦᠨ ᠬᠡᠷᠡᠭ᠌ᠯᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠯᠳᠠ᠎ᠶ᠋ᠢᠨ ᠠᠮᠵᠢᠯᠳᠠ ᠪᠦᠳᠦᠮᠵᠢ᠎ᠪᠠᠨ ᠪᠠᠳᠤᠳᠭᠠᠨ ᠥᠷᠭᠡᠳᠭᠡᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠬᠠᠮᠲᠤ᠎ᠪᠠᠷ ᠴᠢᠨᠡᠭᠡᠯᠢᠭ᠌ᠵᠢᠬᠦ᠌ ᠬᠠᠷᠠᠯᠲᠠ ᠲᠡᠢᠰᠢ ᠡᠷᠡᠰ ᠭᠤᠢᠪᠢᠰᠢ ᠥᠬᠡᠶ᠎ᠪᠠᠷ ᠯᠠᠪᠳᠠᠭᠤᠨ ᠪᠠᠲᠤᠲᠠᠶ ᠤᠷᠤᠭ᠍ᠰᠢᠯᠠᠨ᠂ ᠱᠢᠨ᠎ᠡ ᠴᠠᠭ ᠦᠶ᠎ᠡ ᠱᠢᠨ᠎ᠡ ᠠᠶᠠᠨ ᠱᠢᠨ᠎ᠡ ᠱᠠᠲᠤᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠪᠦ᠋ ᠱᠢᠶᠤᠤ ᠯᠢᠨ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠎ᠶ᠋ᠢᠨ ᠵᠥᠪᠯᠡᠯᠭᠡᠨ᠎ᠤ ᠬᠤᠯᠪᠣᠭ᠍ᠳᠠᠯ ᠪᠦᠬᠦᠢ ᠤᠳᠤᠷᠢᠳᠭᠤ ᠨᠥᠬᠦᠳ ᠬᠤᠷᠠᠯ᠎ᠳᠤ ᠣᠷᠣᠯᠴᠠᠵᠠᠢ᠃
ᠬᠤᠷᠠᠯ᠎ᠤᠨ ᠲᠠᠯᠠᠪᠠᠢ᠎ᠳᠤ ᠤᠯᠤᠰ᠎ᠤᠨ ᠰᠦᠯᠳᠡ᠎ᠶ᠋ᠢ ᠥᠨᠳᠥᠷ ᠡᠯᠭᠦᠵᠦ᠍᠂ ᠤᠯᠠᠭᠠᠨ ᠲᠤᠭ ᠨᠠᠮᠢᠷᠠᠨ᠂ ᠬᠦᠷ ᠬᠥᠭ᠌ᠵᠢᠶᠡᠨ᠎ᠢᠶᠠᠷ ᠪᠢᠯᠬᠠᠨ᠎ᠠ᠃ ᠦᠳᠡ᠎ᠶ᠋ᠢᠨ ᠡᠮᠦᠨᠡᠬᠢ 9 ᠴᠠᠭ᠎ᠤᠨ ᠦᠶ᠎ᠡ᠎ᠪᠠᠷ᠂ ᠶᠡᠭᠡ ᠬᠤᠷᠠᠯ ᠰᠦᠷ ᠵᠢᠪᠬᠤᠯᠠᠩᠲᠤ 《ᠵᠢᠷᠤᠮ᠎ᠤᠨ ᠴᠡᠷᠢᠭ᠎ᠤᠨ ᠤᠷᠤᠭ᠍ᠰᠢᠯᠠᠯᠲᠠ᠎ᠶ᠋ᠢᠨ ᠳᠠᠭᠤᠤ》 ᠶ᠋ᠢᠨ ᠳᠤᠮᠳᠠ ᠡᠬᠢᠯᠡᠵᠦ᠍᠂ ᠲᠠᠯᠠᠪᠠᠢ ᠳᠠᠶᠠᠭᠠᠷ᠎ᠢᠶᠠᠨ ᠪᠣᠰᠴᠤ᠌ ᠵᠣᠭ᠍ᠰᠣᠨ ᠤᠯᠤᠰ᠎ᠤᠨ ᠰᠦᠯᠳᠠ ᠳᠠᠭᠤᠤ᠎ᠶ᠋ᠢ ᠬᠠᠩᠭᠢᠨᠠᠲᠠᠯ᠎ᠠ ᠳᠠᠭᠤᠯᠠᠪᠠ᠃ ᠳᠠᠷᠠᠭ᠎ᠠ᠎ᠨᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶᠠᠨ᠎ᠤ ᠱᠦᠵᠢ ᠯᠢᠨ ᠱᠤᠤ ᠴᠦᠨ 《ᠪᠥᠬᠦ᠌ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠤᠨ ᠲᠡᠷᠢᠭᠦᠨ᠎ᠤ ᠬᠤᠪᠢ ᠬᠥᠮᠦᠨ ᠪᠠ ᠲᠡᠷᠢᠭᠦᠨ᠎ᠤ ᠬᠠᠮᠲᠤ᠎ᠶ᠋ᠢ ᠬᠥᠬᠢᠭᠦᠯᠦᠨ ᠰᠠᠢᠱᠢᠶᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠍ᠲᠠᠭᠠᠯ》 ᠢ ᠤᠩᠱᠢᠨ ᠨᠡᠢᠲᠡᠯᠡᠵᠦ᠍᠂ ᠵᠠᠩ ᠬᠠᠶ ᠵᠢᠶᠦ᠋ᠨ ᠵᠡᠷᠭᠡ 595 ᠨᠥᠬᠦᠷ᠎ᠲᠤ 《ᠪᠥᠬᠦ᠌ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠤᠨ ᠲᠡᠷᠢᠭᠦᠨ᠎ᠤ ᠬᠤᠪᠢ ᠬᠥᠮᠦᠨ》 ᠤ ᠴᠣᠯᠠ ᠣᠯᠭᠤᠵᠤ᠂ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠪᠣᠷᠣᠬᠤᠱᠢᠭᠤ ᠪᠠᠯᠭᠠᠰᠤ᠎ᠶ᠋ᠢᠨ ᠠᠷᠠᠳ᠎ᠤᠨ ᠵᠠᠰᠠᠭ᠎ᠤᠨ ᠣᠷᠳᠣᠨ ᠵᠡᠷᠭᠡ 400 ᠬᠠᠮᠲᠤ᠎ᠳᠤ 《ᠪᠥᠬᠦ᠌ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠤᠨ ᠲᠡᠷᠢᠭᠦᠨ᠎ᠤ ᠬᠠᠮᠲᠤ》 ᠶ᠋ᠢᠨ ᠴᠣᠯᠠ ᠣᠯᠭᠤᠬᠤ᠎ᠪᠠᠷ ᠲᠣᠭ᠍ᠲᠠᠪᠠ᠃ ᠱ᠌ᠢ᠎ᠲᠠᠢ ᠹᠧᠩ᠂ ᠪᠦ᠋ ᠱᠢᠶᠤᠤ ᠯᠢᠨ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠥᠬᠢᠭᠦᠯᠦᠭ᠌ᠳᠡᠨ ᠰᠠᠢᠱᠢᠶᠠᠭ᠍ᠳᠠᠭ᠍ᠰᠠᠨ ᠲᠡᠷᠢᠭᠦᠨ᠎ᠤ ᠬᠤᠪᠢ ᠬᠥᠮᠦᠨ ᠪᠣᠯᠤᠨ ᠲᠡᠷᠢᠭᠦᠨ᠎ᠤ ᠬᠠᠮᠲᠤ᠎ᠶ᠋ᠢᠨ ᠲᠥᠯᠥᠭᠡᠯᠡᠭ᠌ᠴᠢ᠎ᠳᠤ ᠱᠠᠩᠨᠠᠯ ᠭᠠᠷᠳᠠᠭᠤᠯᠪᠠ᠃
ᠱ᠌ᠢ᠎ᠲᠠᠢ ᠹᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠬᠥᠬᠢᠭᠦᠯᠦᠭ᠌ᠳᠡᠨ ᠰᠠᠢᠱᠢᠶᠠᠭ᠍ᠳᠠᠭ᠍ᠰᠠᠨ ᠲᠡᠷᠢᠭᠦᠨ᠎ᠤ ᠬᠤᠪᠢ ᠬᠥᠮᠦᠨ ᠪᠣᠯᠤᠨ ᠲᠡᠷᠢᠭᠦᠨ᠎ᠤ ᠬᠠᠮᠲᠤ᠎ᠳᠤ ᠬᠠᠯᠠᠭᠤᠨ ᠪᠠᠶᠠᠷ ᠬᠦᠷᠭᠡᠵᠦ᠍ ᠪᠠᠢᠬᠤ᠎ᠪᠠᠨ ᠢᠯᠡᠳᠭᠡᠪᠡ; ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠳᠤ ᠬᠤᠪᠢ ᠨᠡᠮᠡᠷᠢ ᠦᠵᠡᠭᠦᠯᠦᠭ᠌ᠰᠡᠨ ᠪᠦᠬᠦ᠌ ᠣᠷᠣᠨ᠎ᠤ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ ᠪᠣᠯᠤᠨ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ ᠬᠦᠳᠡᠭᠡ ᠳᠤᠰᠭᠤᠨ ᠮᠠᠯᠵᠢᠬᠤ ᠲᠠᠷᠢᠶᠠᠯᠠᠬᠤ ᠣᠷᠣᠨ᠎ᠤ ᠥᠷᠭᠡᠨ ᠤᠯᠠᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠨᠠᠮ᠎ᠤᠨ ᠭᠡᠱᠢᠭᠦᠨ ᠺᠠᠳ᠋ᠷ ᠪᠣᠯᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠂ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ᠎ᠶ᠋ᠢᠨ ᠭᠡᠱᠢᠭᠦᠨ᠂ ᠰᠠᠢᠨ ᠲᠤᠷᠠᠴᠤᠳ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠤᠯᠪᠣᠭ᠎ᠠ ᠪᠣᠯᠤᠨ ᠨᠠᠮ ᠪᠦᠯᠦᠭ᠎ᠤᠨ ᠪᠤᠰᠤ ᠬᠥᠮᠦᠰ᠂ ᠠᠷᠠᠳ᠎ᠤᠨ ᠪᠦᠯᠬᠦᠮ ᠵᠢᠴᠢ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ; ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠬᠦᠴᠦᠲᠡᠶ ᠳᠡᠮᠵᠢᠭ᠌ᠰᠡᠨ ᠪᠡᠭᠡᠵᠢᠩ ᠬᠤᠲᠠ᠎ᠶ᠋ᠢᠨ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠂ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠳᠡᠳᠬᠦᠬᠦ᠌ ᠬᠠᠮᠵᠢᠯᠴᠠᠭᠠᠨ᠎ᠤ ᠠᠵᠢᠯᠯᠠᠬᠤ ᠠᠩᠬᠢ᠎ᠶ᠋ᠢᠨ ᠭᠡᠱᠢᠭᠦᠨ᠂ ᠪᠡᠭᠡᠵᠢᠩ᠎ᠤᠨ ᠠᠵᠤ ᠠᠬᠤᠢᠯᠠᠯ᠂ ᠬᠠᠢᠷ᠎ᠠ ᠬᠠᠯᠠᠮᠵᠢ ᠬᠦᠷᠭᠡᠭ᠌ᠰᠡᠳ᠂ ᠲᠥᠪ᠎ᠤᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠨᠢᠭᠡᠴᠢ᠂ ᠤᠯᠤᠰ᠎ᠤᠨ ᠬᠤᠯᠪᠣᠭ᠍ᠳᠠᠯ ᠪᠥᠬᠦᠶ ᠶᠠᠮᠤᠨ ᠵᠥᠪᠯᠡᠯ ᠪᠣᠯᠤᠨ ᠮᠠᠨ᠎ᠤ ᠣᠷᠣᠨ᠎ᠳᠤ ᠰᠠᠭᠤᠭ᠎ᠠ ᠲᠥᠪ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠵᠢᠴᠢ ᠮᠠᠨ᠎ᠤ ᠣᠷᠣᠨ᠎ᠤ ᠶᠠᠳᠠᠭᠤ᠎ᠶ᠋ᠢ ᠲᠡᠳᠬᠦᠬᠦ᠌ ᠦᠶᠯᠡᠰ᠎ᠢ ᠢᠳᠡᠪᠬᠢᠲᠡᠶ ᠬᠠᠯᠠᠮᠵᠢᠯᠠᠨ ᠳᠡᠮᠵᠢᠵᠦ᠍ ᠪᠠᠢᠭ᠎ᠠ ᠡᠯ᠎ᠡ ᠡᠳᠡᠬᠡᠳ᠎ᠤᠨ ᠨᠠᠢᠵᠠ ᠨᠠᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠪᠡ᠃
ᠱ᠌ᠢ᠎ᠲᠠᠢ ᠹᠧᠩ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠶ᠋ᠢᠨ ᠲᠤᠪᠤᠢᠮ᠎ᠠ ᠪᠠᠢᠷᠢᠨ᠎ᠳᠤ ᠲᠠᠯᠪᠢᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠤᠷᠢᠭ᠎ᠠ ᠱᠤᠭᠤᠮ᠎ᠤᠨ ᠡᠭᠦᠷᠭᠡ ᠪᠣᠯᠭᠠᠵᠤ᠂ ᠬᠥᠮᠦᠨ ᠲᠥᠷᠥᠯᠬᠢᠲᠡᠨ᠎ᠤ ᠲᠡᠦᠬᠡᠨ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ᠂ ᠡᠷᠴᠢᠮ᠎ᠢᠶᠠᠷ ᠬᠠᠮᠤᠭ᠎ᠤᠨ ᠴᠢᠩᠭ᠎ᠠ᠂ ᠬᠠᠮᠤᠭ᠎ᠤᠨ ᠤᠯᠠᠨ ᠬᠥᠮᠦᠨ ᠠᠮᠠ᠎ᠳᠤ ᠠᠱᠢᠭ ᠬᠦᠷᠲᠡᠭᠡᠬᠦ᠌ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠢ ᠬᠡᠳᠦᠨ ᠮᠢᠩᠭᠠᠨ ᠵᠢᠯ ᠭᠠᠴᠢᠭ᠍ᠳᠠᠭᠤᠯᠤᠭ᠍ᠰᠠᠨ ᠤᠨᠴᠠ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠬᠦ᠌ ᠬᠥᠮᠦᠨ᠎ᠤ ᠶᠢᠷᠲᠢᠨᠴᠦ᠎ᠶ᠋ᠢᠨ ᠪᠠᠰᠠ ᠨᠢᠭᠡᠨ ᠭᠠᠢᠬᠠᠮᠱᠢᠭ᠎ᠢ ᠡᠭᠦᠳᠴᠡᠢ᠃ ᠥᠪᠥᠷ ᠮᠣᠩᠭᠤᠯ ᠪᠣᠯ ᠪᠦᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠴᠢᠬᠤᠯᠠ ᠲᠠᠢᠯᠠᠯᠳᠤᠭᠠᠨ᠎ᠤ ᠲᠠᠯᠠᠪᠤᠷ ᠮᠥᠨ᠂ ᠡᠳᠡᠭᠡᠷ ᠵᠢᠯ᠎ᠤᠳ᠎ᠲᠤ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠤ᠂ ᠨᠠᠮ᠎ᠤᠨ ᠲᠥᠪ ᠬᠤᠷᠢᠶᠠᠨ᠎ᠤ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠠ ᠠᠷᠠᠳ᠎ᠤᠨ ᠠᠮᠢᠳᠤᠷᠠᠯ᠎ᠤᠨ ᠲᠠᠷᠢᠬᠦᠨ ᠢᠨᠵᠧᠨᠧᠷᠢᠩ ᠪᠣᠯᠭᠠᠵᠤ᠂ ᠶᠠᠳᠠᠭᠤ ᠬᠦᠴᠢᠷᠳᠡᠯ᠎ᠢ ᠠᠷᠢᠯᠭᠠᠬᠤ ᠦᠭᠡᠢ ᠪᠤᠯᠪᠠᠰᠤ ᠲᠡᠦᠬᠡ᠎ᠳᠤ ᠣᠰᠣᠯᠳᠠᠨᠡ ᠬᠡᠰᠡᠨ ᠬᠠᠷᠢᠭᠤᠴᠠᠯᠭ᠎ᠠ ᠡᠭᠦᠷᠭᠡᠯᠡᠯ᠂ ᠣᠯᠠᠨ ᠲᠦᠮᠡᠨ᠎ᠢ ᠪᠠᠶᠠᠵᠢᠭᠤᠯᠬᠤ ᠦᠭᠡᠢ ᠪᠤᠯᠪᠠᠰᠤ ᠰᠠᠨᠠᠭ᠎ᠠ ᠠᠮᠤᠷ ᠪᠠᠢᠵᠤ ᠴᠢᠳᠠᠬᠤ ᠦᠭᠡᠢ ᠬᠡᠬᠦ᠌ ᠠᠷᠠᠳ᠎ᠤᠨ ᠲᠦᠯᠦᠬᠡ ᠬᠡᠰᠡᠨ ᠰᠡᠳᠭᠢᠯ᠂ ᠪᠦᠷᠢᠨ ᠢᠯᠠᠯᠲᠠ ᠣᠯᠬᠤ ᠦᠭᠡᠢ ᠪᠣᠯᠪᠠᠰᠤ ᠶᠠᠭᠠᠬᠢᠭ᠍ᠰᠠᠨ ᠴᠤ᠌ ᠴᠡᠷᠢᠭ᠎ᠢᠶᠠᠨ ᠬᠤᠷᠢᠶᠠᠬᠤ ᠦᠭᠡᠢ ᠬᠡᠰᠡᠨ ᠪᠠᠲᠤ ᠵᠣᠷᠢᠭ᠎ᠢᠶᠠᠷ᠂ ᠤᠯᠠᠨ ᠪᠠᠬᠢᠯᠡᠯᠳᠡ᠎ᠶ᠋ᠢ ᠤᠳᠠᠭ᠎ᠠ ᠲᠠᠷᠠᠭᠠᠯᠠᠨ ᠢᠯᠠᠨ ᠳᠠᠪᠠᠵᠤ᠂ ᠬᠦᠴᠢᠷ ᠠᠰᠠᠭᠤᠳᠠᠯ᠎ᠢ ᠤᠳᠠᠭ᠎ᠠ ᠲᠠᠷᠠᠭᠠᠯᠠᠨ ᠱᠢᠶᠳᠪᠦᠷᠢᠯᠡᠵᠤ᠂ ᠤᠳᠠᠭ᠎ᠠ ᠲᠠᠷᠠᠭᠠᠯᠠᠨ ᠢᠯᠠᠯᠳᠠ ᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠡᠯ᠎ᠡ ᠵᠦᠢᠯ᠎ᠤᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠤ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠳᠤᠤᠷᠠᠬᠢ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠦ᠍ᠬᠦᠨᠢᠶᠠᠷᠢᠶᠠᠨ ᠶᠠᠳᠠᠭᠤ᠎ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠶ ᠬᠤᠱᠢᠭᠤ ᠱᠢᠶᠠᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠣᠷᠣᠨ ᠪᠦᠰᠡ᠎ᠶ᠋ᠢᠨ ᠴᠢᠨᠠᠷᠲᠠᠢ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ ᠱᠢᠢᠳᠪᠦᠷᠢᠯᠡᠭ᠌ᠳᠡᠪᠡ᠃ 8 ᠵᠢᠯ᠎ᠤᠨ ᠲᠤᠷᠱᠢᠬᠢ ᠱᠢᠷᠭᠠᠭᠤ ᠬᠠᠲᠠᠭᠤᠵᠢᠯᠲᠠᠶ ᠲᠡᠮᠡᠴᠡᠯ᠎ᠢᠶᠠᠷ ᠳᠡᠮᠵᠢᠨ᠂ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠣᠷᠣᠯᠭ᠎ᠠ ᠪᠠ ᠠᠮᠢᠳᠤᠷᠠᠯ᠎ᠤᠨ ᠲᠦᠪᠱᠢᠨ ᠢᠯᠡᠳᠲᠡ ᠳᠡᠭᠡᠭ᠌ᠰᠢᠯᠡᠵᠦ᠍᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ ᠶᠡᠭᠡ ᠠᠯᠬᠤᠮ᠎ᠢᠶᠠᠷ ᠤᠷᠤᠭ᠍ᠰᠢᠯᠠᠵᠤ᠂ ᠪᠦᠬᠦᠯᠢ ᠴᠣᠭ᠍ᠴᠠ᠎ᠶ᠋ᠢᠨ ᠳᠦᠷᠰᠦ ᠪᠠᠢᠳᠠᠯ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠶᠠᠳᠠᠭᠤ᠎ᠠᠴᠠ ᠠᠩᠭᠢᠵᠢᠷᠠᠭ᠍ᠰᠠᠨ ᠣᠯᠠᠨ ᠲᠦᠮᠡᠨ᠎ᠤ ᠣᠶᠤᠨ ᠰᠠᠨᠠᠭᠠᠨ᠎ᠤ ᠳᠦᠷᠢ ᠳᠦᠷᠬᠦ᠌ ᠴᠣ᠌ ᠱᠢᠨ᠎ᠡ ᠪᠠᠢᠳᠠᠯ᠎ᠢᠶᠠᠷ ᠰᠤᠯᠢᠬ᠍ᠳᠠᠵᠤ᠂ ᠪᠡᠶ᠎ᠡ᠎ᠪᠠᠨ ᠳᠠᠭᠠᠭᠠᠨ ᠬᠦᠴᠦᠷᠬᠡᠭ᠌ᠵᠢᠬᠦ᠌ ᠪᠠ ᠡᠷᠡᠮᠡᠬᠡᠢᠯᠡᠨ ᠳᠠᠪᠱᠢᠬᠤ ᠴᠤᠭ ᠵᠢᠪᠬᠤᠭ᠎ᠠ ᠪᠠᠳᠠᠷᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠶᠯᠡᠳᠦᠯ ᠳᠠᠪᠳᠠᠭ᠍ᠳᠠᠨ ᠪᠠᠳᠤᠵᠢᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ᠎ᠤ ᠬᠠᠷᠢᠴᠠᠭ᠎ᠠ ᠨᠡᠩ ᠨᠢᠭ᠍ᠳᠠᠷᠠᠵᠠᠢ ᠭᠡᠵᠤ ᠵᠢᠭᠠᠵᠤ ᠭᠠᠷᠭᠠᠪᠠ᠃
ᠱ᠌ᠢ᠎ᠲᠠᠢ ᠹᠧᠩ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠪᠥᠬᠦ᠌ ᠲᠠᠯ᠎ᠠ᠎ᠶ᠋ᠢᠨ ᠢᠯᠠᠯᠲᠠ᠎ᠶ᠋ᠢᠨ ᠠᠷᠤ᠎ᠳᠤ᠂ ᠲᠤᠭ᠎ᠠ ᠲᠣᠮᠰᠢ ᠥᠬᠡᠶ ᠬᠦᠨᠳᠦ ᠡᠭᠦᠷᠭᠡ᠎ᠶ᠋ᠢ ᠡᠭᠦᠷᠭᠡᠯᠡᠨ ᠡᠷᠡᠮᠡᠬᠡᠢᠯᠡᠨ ᠤᠷᠤᠭ᠍ᠰᠢᠯᠠᠭ᠍ᠰᠠᠳᠤᠨ ᠪᠠᠷ᠎ᠠ ᠬᠠᠷᠠᠭ᠍ᠳᠠᠵᠤ᠂ ᠬᠥᠮᠦᠰ᠎ᠤᠨ ᠰᠡᠳᠭᠢᠯ᠎ᠢ ᠳᠣᠭ᠍ᠳᠣᠯᠤᠭᠤᠯᠤᠬ᠍ᠰᠠᠨ ᠥᠯᠢᠭᠡᠷ᠎ᠤᠳ ᠶᠠᠷᠢᠭ᠍ᠳᠠᠨ ᠤᠯᠠᠮᠵᠢᠯᠠᠭ᠍ᠳᠠᠵᠤ᠂ ᠦᠢ ᠤᠯᠠᠨ ᠡᠬᠡᠯ ᠵᠢᠷ᠎ᠤᠨ ᠪᠠᠭᠠᠲᠤᠷᠴᠤᠳ ᠦᠭᠡ ᠳᠠᠭᠤᠨ ᠦᠭᠡᠢ᠎ᠪᠠᠷ ᠬᠤᠪᠢ ᠨᠡᠮᠡᠷᠢ ᠦᠵᠡᠭᠦᠯᠦᠨ ᠲᠡᠮᠡᠴᠡᠪᠡ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠤᠷᠳᠤ ᠬᠤᠭᠤᠴᠠᠭ᠎ᠠ᠎ᠪᠠᠷ ᠦᠨᠳᠦᠰᠦᠨ ᠱᠠᠲᠤᠨ᠎ᠳᠤ ᠦᠨᠳᠦᠰᠦᠯᠡᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠵᠢᠳᠬᠦᠵᠦ᠍᠂ ᠵᠢᠯ ᠲᠤᠷᠰᠢ ᠶᠠᠳᠠᠭᠤ ᠬᠦᠴᠢᠷᠳᠡᠯᠲᠡᠢ ᠲᠣᠰᠭᠤᠨ᠎ᠳᠤ ᠰᠠᠭᠤᠵᠤ᠂ ᠲᠠᠷᠢᠶᠠᠨ ᠦᠵᠦᠬᠦᠷ᠎ᠢᠶᠠᠷ ᠶᠠᠪᠤᠵᠤ᠂ ᠲᠦᠭ ᠲᠦᠮᠡᠨ ᠠᠢᠯ ᠡᠷᠦᠬᠡ᠎ᠪᠠᠷ ᠤᠷᠤᠵᠤ᠂ ᠠᠷᠠᠳ᠎ᠤᠨ ᠰᠠᠨᠠᠭ᠎ᠠ ᠠᠷᠠᠳ᠎ᠤᠨ ᠪᠠᠢᠳᠠᠯ᠎ᠢ ᠠᠯᠬᠤᠭ᠎ᠠ᠎ᠪᠠᠷ᠎ᠢᠶᠠᠨ ᠬᠡᠮᠵᠢᠵᠦ᠍᠂ ᠤᠯᠠᠨ ᠲᠦᠮᠡᠨ᠎ᠤ ᠬᠦᠰᠡᠯ ᠪᠠᠷᠠᠯᠠᠯ᠎ᠢ ᠬᠤᠶᠠᠷ ᠭᠠᠷ᠎ᠢᠶᠠᠷ᠎ᠢᠶᠠᠨ ᠡᠷᠭᠦᠵᠤ᠂ ᠥᠪᠡᠷ᠎ᠤᠨ 《ᠶᠠᠳᠠᠷᠠᠯ ᠵᠦᠳᠡᠷᠡᠯ》 ᠢᠶᠠᠷ᠎ᠢᠶᠠᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠤ 《ᠵᠣᠯ ᠵᠢᠷᠭᠠᠯ》 ᠢ ᠰᠣᠯᠢᠵᠤ ᠠᠪᠴᠢᠷᠠᠭ᠍ᠰᠠᠨ ᠪᠠᠢᠨ᠎ᠠ᠃ ᠪᠢᠳᠡᠨ᠎ᠤ ᠣᠨᠴᠠᠭᠠᠢᠯᠠᠨ ᠡᠬᠦᠷᠢᠳᠡ ᠴᠡᠭᠡᠵᠢᠯᠡᠭᠦᠱᠢᠳᠠᠢᠨᠢ᠂ ᠪᠥᠬᠦ᠌ ᠣᠷᠣᠨ᠎ᠳᠤ 46 ᠨᠥᠬᠦᠳ ᠡᠷᠬᠢᠮ ᠨᠠᠨᠳᠢᠨ ᠠᠮᠢ ᠨᠠᠰᠤ᠎ᠪᠠᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠶᠯᠡᠰ᠎ᠲᠤ ᠵᠣᠷᠢᠭᠤᠯᠵᠤ᠂ ᠡᠲᠡᠭᠡᠷ ᠨᠥᠬᠦᠳ ᠦᠶᠯᠡ ᠠᠵᠢᠯᠯᠠᠭ᠎ᠠ᠎ᠪᠠᠷ᠎ᠢᠶᠠᠨ ᠠᠮᠠᠯᠠᠯᠲᠠ᠎ᠪᠠᠨ ᠦᠶᠯᠡᠳᠦᠯᠭᠡᠵᠢᠭᠦᠯᠵᠦ᠍᠂ ᠠᠮᠢ ᠨᠠᠰᠤ᠎ᠪᠠᠷ᠎ᠢᠶᠠᠨ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠭᠡᠵᠦ᠍᠂ ᠬᠠᠯᠠᠭᠤᠨ ᠴᠢᠰᠤ᠎ᠪᠠᠷ᠎ᠢᠶᠠᠨ ᠱᠢᠳᠤᠷᠭᠤ ᠰᠦᠭ ᠰᠦᠨᠡᠰᠦ᠎ᠶ᠋ᠢ ᠱᠤᠭᠤᠵᠤ᠂ ᠵᠢᠳᠭᠦᠯ᠎ᠤᠨ ᠭᠠᠯ᠎ᠢᠶᠠᠷ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠬᠦᠰᠡᠯ᠎ᠤᠨ ᠤᠴᠢ᠎ᠶ᠋ᠢ ᠬᠥᠭ᠌ᠵᠢᠭᠡᠵᠦ᠍᠂ ᠡᠷᠬᠢᠮ ᠨᠠᠨᠳᠢᠨ ᠠᠮᠢ ᠨᠠᠰᠤ᠎ᠪᠠᠷ᠎ᠢᠶᠠᠨ ᠡᠪ ᠬᠠᠮᠲᠤᠴᠤᠳ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠲᠠᠢᠯᠪᠤᠷᠢᠯᠠᠵᠤ᠂ ᠬᠠᠷᠠᠮ ᠥᠬᠡᠶ ᠬᠤᠪᠢ ᠨᠡᠮᠡᠷᠢ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠨᠠᠮ᠎ᠤᠨ ᠭᠡᠱᠢᠭᠦᠨ ᠺᠠᠳ᠋ᠷ ᠪᠣᠯᠤᠨ ᠠᠷᠠᠳ ᠲᠦᠮᠡᠨ᠎ᠤ ᠠᠯᠪᠠᠨ ᠵᠠᠷᠤᠴᠠ᠎ᠶ᠋ᠢᠨ ᠵᠣᠷᠢᠭ ᠰᠠᠨᠠᠭᠠᠨ᠎ᠤ ᠥᠷᠯᠥᠭ ᠬᠥᠱᠢᠶ᠎ᠡ᠎ᠶ᠋ᠢ ᠪᠤᠰᠭᠠᠵᠠᠶ᠃ ᠪᠢᠳᠡ ᠡᠳᠡᠭᠡᠷ ᠬᠠᠮᠤᠭ᠎ᠤᠨ ᠬᠠᠢᠷᠠᠯᠠᠯᠳᠠᠢ᠂ ᠬᠠᠮᠤᠭ᠎ᠤᠨ ᠬᠦᠨᠳᠦᠳᠭᠡᠭᠦᠱᠢᠲᠡᠢ᠂ ᠬᠠᠮᠤᠭ᠎ᠤᠨ ᠭᠤᠶᠠᠴᠢ ᠦᠭᠡᠢ ᠬᠤᠪᠢ ᠨᠡᠮᠡᠷᠢ ᠦᠵᠡᠭᠦᠯᠦᠭ᠌ᠴᠢ ᠪᠤᠯᠤᠨ ᠬᠠᠮᠤᠭ᠎ᠤᠨ ᠡᠬᠦᠷᠢᠳᠡ ᠪᠡᠳᠤ ᠴᠡᠭᠡᠵᠢᠯᠡᠭᠦᠱᠢᠲᠡᠢ᠂ ᠦᠨᠢᠳᠡ ᠰᠠᠨᠠᠭᠠᠯᠵᠠᠭᠤᠱᠢᠳᠠᠢ ᠪᠦᠬᠡᠳ ᠨᠠᠮ ᠪᠠ ᠠᠷᠠᠳ ᠲᠦᠮᠡᠨ᠎ᠤ ᠰᠡᠳᠭᠢᠯ ᠵᠢᠷᠦᠬᠡᠨ᠎ᠳᠤ ᠥᠨᠢᠳᠡ ᠮᠥᠩᠬᠡᠷᠡᠬᠦ᠌ ᠦᠷᠡᠭ᠌ᠳᠡᠭ᠌ᠰᠡᠳᠤᠨ ᠪᠡᠶ᠎ᠡ ᠳᠡᠭᠡᠷ᠎ᠡ᠎ᠠᠴᠠ ᠬᠥᠮᠦᠨ ᠮᠦᠰᠦ᠎ᠶ᠋ᠢᠨ ᠬᠦᠴᠦᠨ᠂ ᠤᠶᠤᠨ ᠰᠠᠨᠠᠭᠠᠨ᠎ᠤ ᠬᠦᠴᠦᠨ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠱᠢᠩᠭᠡᠭᠡᠨ ᠠᠪᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃
ᠱ᠌ᠢ᠎ᠲᠠᠢ ᠹᠧᠩ᠂ ᠥᠪᠥᠷ ᠮᠣᠩᠭᠤᠯ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠤᠨᠴᠠ ᠶᠠᠳᠠᠭᠤ ᠬᠦᠴᠢᠷᠳᠡᠯ᠎ᠠᠴᠠ ᠲᠡᠦᠬᠡᠲᠦ ᠴᠢᠨᠠᠷᠲᠠᠶ᠎ᠪᠠᠷ ᠠᠩᠭᠢᠵᠢᠷᠠᠵᠤ ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠳᠠᠭᠠᠨ ᠪᠤᠯ ᠳᠠᠷᠤᠶ ᠶᠡᠷᠦᠩᠬᠡᠶ ᠱᠦᠵᠢ ᠰᠢ᠎ᠶ᠋ᠢᠨ ᠫᠢᠩ᠎ᠤᠨ ᠵᠠᠯᠠᠭᠤᠷ᠎ᠢ ᠠᠳᠭᠤᠨ ᠠᠶᠠᠯᠠᠯ᠎ᠢ ᠵᠢᠯᠣᠭᠤᠳᠤᠭ᠍ᠰᠠᠨ ᠪᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠨ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠶᠠᠳᠠᠭᠤ ᠬᠦᠴᠢᠷᠳᠡᠯ᠎ᠲᠠᠢ ᠳᠡᠮᠡᠴᠡᠬᠦ᠌ ᠊ᠣᠨᠣᠯᠤᠨ ᠱᠢᠨᠵᠢᠯᠡᠬᠦ᠌ ᠤᠬᠠᠭᠠᠨᠴᠢ ᠵᠢᠯᠣᠭᠤᠳᠣᠯᠭ᠎ᠠ᠎ᠳᠤ ᠪᠠᠢᠨ᠎ᠠ᠃ ᠪᠢᠳᠡ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠨ ᠴᠢᠩᠭᠠᠳᠭᠠᠵᠤ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠪᠣᠳᠠᠲᠠᠢᠵᠢᠭᠤᠯᠵᠤ᠂ ᠠᠵᠢᠯ᠎ᠤᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ; ᠠᠷᠠᠳ ᠲᠦᠮᠡᠨ᠎ᠤ ᠵᠣᠭ᠍ᠰᠣᠯᠲᠠ᠎ᠶ᠋ᠢ ᠢᠮᠠᠭ᠍ᠲᠠ ᠪᠠᠲᠤᠳᠭᠠᠵᠤ᠂ ᠬᠦᠴᠦ᠎ᠪᠠᠨ ᠲᠥᠪᠯᠡᠷᠡᠭᠦᠯᠦᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠱᠢᠢᠳᠪᠦᠷᠢᠯᠡᠵᠦ᠍᠂ ᠠᠷᠭ᠎ᠠ ᠪᠦᠬᠦᠨ᠎ᠢ ᠰᠦᠪᠡᠭ᠌ᠴᠢᠯᠡᠵᠦ᠍ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠨᠡᠨ ᠪᠣᠳᠠᠲᠠᠢ᠎ᠳᠤ ᠨᠠᠢᠳᠠᠪᠤᠷᠢᠵᠢᠭᠤᠯᠵᠠᠢ; ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ᠎ᠶ᠋ᠢ ᠢᠮᠠᠭ᠍ᠲᠠ ᠴᠢᠬᠤᠯᠠᠴᠢᠯᠠᠵᠤ᠂ ᠤᠯᠤᠰ᠎ᠤᠨ ᠲᠦᠷᠦ᠎ᠶ᠋ᠢᠨ ᠪᠤᠳᠤᠯᠭ᠎ᠠ᠎ᠶ᠋ᠢ ᠨᠠᠨᠳᠢᠩᠨᠠᠨ ᠰᠠᠢᠲᠤᠷ ᠬᠡᠷᠡᠭ᠌ᠯᠡᠵᠦ᠍᠂ ᠡᠬᠢ ᠪᠠᠶᠠᠯᠢᠭ᠎ᠤᠨ ᠬᠦᠴᠦᠨ᠎ᠢ ᠬᠤᠷᠠᠮᠳᠤᠭᠤᠯᠤᠨ ᠰᠠᠢᠲᠤᠷ ᠬᠡᠷᠡᠭ᠌ᠯᠡᠵᠦ᠍᠂ ᠬᠦᠴᠦᠷᠬᠡᠭ ᠶᠡᠭᠡ ᠬᠠᠮᠲᠤᠷᠠᠯ ᠬᠦᠴᠦᠨ᠎ᠢᠶᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠶᠡᠭᠡ ᠶᠠᠪᠤᠳᠠᠯ ᠬᠦᠴᠢᠷ ᠶᠠᠪᠤᠳᠠᠯ᠎ᠢ ᠪᠦᠲᠦᠭᠡᠬᠦ᠌᠎ᠶ᠋ᠢ ᠠᠬᠢᠭᠤᠯᠪᠠ; ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠠᠷᠭ᠎ᠠ ᠪᠤᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠬᠠᠳᠭᠤᠮᠠᠯ ᠬᠠᠳᠭᠤᠬᠤ ᠡᠷᠳᠡᠮ᠎ᠢ ᠭᠦᠢᠴᠡᠳ ᠪᠠᠲᠠᠷᠠᠭᠤᠯᠵᠦ᠍᠂ ᠤᠨᠢᠨ ᠲᠡᠭᠡᠷ᠎ᠡ᠎ᠨᠢ ᠬᠢᠬᠦ᠌᠎ᠶ᠋ᠢ ᠰᠠᠢᠳᠤᠷ ᠬᠦᠢᠴᠡᠳᠭᠡᠵᠤ᠂ ᠬᠥᠭ᠌ᠵᠢᠯᠲᠡ᠎ᠶ᠋ᠢᠨ ᠠᠷᠭ᠎ᠠ᠎ᠪᠠᠷ ᠶᠠᠳᠠᠭᠤ ᠬᠦᠴᠢᠷᠳᠡᠯ᠎ᠤᠨ ᠤᠭ ᠦᠨᠳᠦᠰᠦ᠎ᠶ᠋ᠢ ᠠᠷᠢᠯᠭᠠᠵᠠᠢ; ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠂ ᠨᠠᠷᠢᠨ ᠬᠢᠨᠠᠮᠠᠭᠠᠢ᠎ᠶ᠋ᠢ ᠡᠷᠬᠢᠮᠯᠡᠨ ᠬᠦᠴᠢᠷ ᠠᠰᠠᠭᠤᠲᠠᠯ᠎ᠢ ᠱᠢᠢᠳᠪᠦᠷᠢᠯᠡᠬᠦ᠌ ᠰᠤᠷᠲᠠᠯ᠎ᠢ ᠢᠮᠠᠭ᠍ᠲᠠ ᠪᠠᠳᠠᠷᠠᠭᠤᠯᠵᠤ᠂ ᠦᠨᠡᠨ ᠪᠣᠳᠠᠲᠠᠶ᠎ᠶ᠋ᠢᠨ ᠤᠳᠤᠷᠢᠳᠤᠮᠵᠢ᠎ᠶ᠋ᠢ ᠳᠣᠪᠤᠢᠯᠭᠠᠨ᠂ ᠴᠢᠩᠭ᠎ᠠ ᠶᠣᠰᠣ ᠳᠦᠷᠢᠮ᠎ᠢ ᠪᠠᠷᠢᠮᠲᠠᠯᠠᠵᠤ᠂ ᠵᠢᠩᠬᠢᠨᠢ ᠶᠠᠳᠠᠭᠤ᠎ᠶ᠋ᠢ ᠲᠡᠳᠬᠦᠬᠦ᠂ ᠶᠠᠳᠠᠭᠤ᠎ᠶ᠋ᠢ ᠦᠨᠡᠨ ᠬᠦ᠌ ᠲᠡᠳᠬᠦᠬᠦ᠂ ᠵᠢᠩᠬᠢᠨᠢ ᠶᠠᠲᠠᠭᠤ᠎ᠶ᠋ᠢ ᠶᠠᠳᠠᠭᠤ᠎ᠠᠴᠠ ᠠᠩᠭᠢᠵᠢᠷᠠᠭᠤᠯᠬᠤ᠎ᠶ᠋ᠢ ᠲᠤᠤᠱᠲᠠᠢ ᠪᠠᠷᠢᠮᠲᠠᠯᠠᠵᠠᠢ᠃ ᠶᠠᠳᠠᠭᠤ᠎ᠠᠴᠠ ᠠᠩᠭᠢᠵᠢᠷᠠᠭ᠍ᠰᠠᠨ᠎ᠨᠢ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠳᠡ ᠮᠥᠨ᠂ ᠪᠢᠳᠡ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠳᠤᠯᠤᠯᠳᠠ᠎ᠶ᠋ᠢᠨ ᠠᠮᠵᠢᠯᠳᠠ ᠪᠦᠳᠦᠮᠵᠢ᠎ᠪᠠᠨ ᠠᠮᠵᠢᠯᠳᠠ ᠪᠦᠳᠦᠮᠵᠢ᠎ᠪᠠᠨ ᠴᠦᠬᠦᠷᠡᠰᠢ ᠦᠭᠡᠢ ᠪᠠᠳᠤᠳᠭᠠᠨ ᠦᠷᠭᠡᠳᠭᠡᠵᠦ᠍᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠴᠥᠬᠦᠷᠡᠰᠢ ᠦᠭᠡᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠵᠠᠢ᠃
ᠪᠦ᠋ ᠱᠢᠶᠤᠤ ᠯᠢᠨ ᠬᠤᠷᠠᠯ᠎ᠢ ᠡᠷᠭᠢᠯᠡᠬᠦ᠌᠎ᠳᠡᠭᠡᠨ᠂ ᠪᠢᠳᠡ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠪᠠᠲᠤ ᠴᠡᠭᠡᠵᠢᠯᠡᠵᠦ᠍᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶᠠᠨ᠎ᠤ ᠥᠪᠥᠷ ᠮᠣᠩᠭᠤᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠦᠢᠯᠡ ᠠᠵᠢᠯᠯᠠᠭ᠎ᠠ ᠳᠡᠭᠡᠷ᠎ᠡ᠎ᠪᠠᠨ ᠨᠠᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠲᠡᠮᠡᠴᠡᠬᠦ᠌ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠡᠭᠦᠷᠢᠳᠡ ᠴᠠᠯᠠᠭᠠᠢᠷᠠᠬᠤ ᠥᠬᠡᠶ ᠣᠶᠤᠨ ᠰᠠᠨᠠᠭᠠᠨ᠎ᠤ ᠳᠦᠷᠰᠦ ᠪᠠᠢᠳᠠᠯ᠂ ᠴᠤᠴᠠᠯᠲᠠ ᠥᠬᠡᠶ ᠤᠷᠤᠭ᠍ᠰᠢᠯᠠᠬᠤ ᠲᠡᠮᠡᠴᠡᠯ᠎ᠤᠨ ᠳᠦᠷᠰᠦ ᠪᠠᠢᠳᠠᠯ᠎ᠢᠶᠠᠷ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠢ ᠸᠢᠳᠢᠣ᠋ ᠬᠡᠯᠪᠡᠷᠢ᠎ᠪᠠᠷ ᠬᠤᠷᠠᠯᠳᠤᠭᠤᠯᠵᠤ᠂ ᠡᠯ᠎ᠡ ᠠᠢᠮᠠᠭ ᠬᠤᠳᠠ᠂ ᠬᠤᠱᠢᠭᠤ ᠱᠢᠶᠠᠨ (ᠬᠤᠳᠠ᠂ ᠲᠣᠭᠤᠷᠢᠭ) ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ᠂ ᠬᠥᠬᠡᠬᠤᠲᠠ᠎ᠳᠤ ᠪᠠᠢᠭ᠎ᠠ ᠪᠥᠬᠦ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠲᠡᠷᠢᠭᠦᠨ᠎ᠤ ᠬᠤᠪᠢ ᠬᠥᠮᠦᠨ᠂ ᠲᠡᠷᠢᠭᠦᠨ᠎ᠤ ᠬᠠᠮᠲᠤ ᠨᠢᠬᠡᠴᠢ᠎ᠶ᠋ᠢᠨ ᠲᠥᠯᠥᠭᠡᠯᠡᠭ᠌ᠴᠢ᠂ ᠡᠯ᠎ᠡ ᠠᠢᠮᠠᠭ ᠬᠤᠲᠠ᠎ᠶ᠋ᠢᠨ ᠬᠥᠬᠢᠭᠦᠯᠦᠨ ᠰᠠᠢᠱᠢᠶᠠᠭ᠍ᠳᠠᠭ᠍ᠰᠠᠨ ᠬᠡᠰᠡᠭ ᠲᠥᠯᠥᠭᠡᠯᠡᠭ᠌ᠴᠢ᠂ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠳᠡᠳᠬᠦᠬᠦ᠌ ᠬᠠᠮᠵᠢᠯᠴᠠᠭᠠᠨ᠎ᠤ ᠪᠡᠭᠡᠵᠢᠩ ᠬᠤᠲᠠ᠎ᠶ᠋ᠢᠨ ᠲᠤᠱᠢᠶᠠᠯ ᠡᠭᠦᠷᠭᠡᠯᠡᠭ᠌ᠰᠡᠨ ᠺᠠᠳ᠋ᠷ᠂ ᠲᠥᠪ᠎ᠤᠨ ᠴᠡᠭ ᠲᠣᠭ᠍ᠲᠠᠭᠠᠭ᠍ᠰᠠᠨ ᠨᠢᠭᠡᠴᠢ᠎ᠶ᠋ᠢᠨ ᠬᠠᠪᠰᠤᠷᠤᠨ ᠲᠡᠳᠬᠦᠬᠦ᠌ ᠺᠠᠳ᠋ᠷ᠎ᠤᠨ ᠬᠥᠬᠢᠭᠦᠯᠦᠨ ᠰᠠᠢᠱᠢᠶᠠᠭ᠍ᠳᠠᠭ᠍ᠰᠠᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ ᠳᠡᠳ᠋ ᠲᠢᠩᠬᠢᠮ᠎ᠤᠨ ᠲᠠᠰ᠎ᠠᠴᠠ ᠳᠡᠭᠡᠭ᠌ᠰᠢᠬᠢ ᠺᠠᠳ᠋ᠷ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠢ᠃